ᠨᠢᠭᠡ᠂ ᠡᠪᠡᠳᠴᠢᠨ ᠡᠭᠦᠰᠬᠦ ᠨᠥᠬᠦᠴᠡᠯ | ᠥᠷᠭᠡᠰᠦᠲᠦ ᠬᠡᠮᠬᠡ ᠶᠢᠨ ᠲᠣᠯᠪᠣᠲᠤ ᠡᠪᠡᠳᠴᠢᠨ ᠪᠣᠯ ᠬᠡᠮᠬᠡ ᠶᠢᠨ ᠦᠨᠡᠰᠦᠨ ᠣᠳᠣᠯᠢᠭ ᠪᠠᠺᠲ᠋ᠧᠷᠢ ᠠᠴᠠ | ᠪᠣᠯᠤᠭᠰᠠᠨ ᠶᠤᠮ᠃ ᠡᠪᠡᠳᠴᠢᠨ ᠤ ᠪᠠᠺᠲ᠋ᠧᠷᠢ ᠨᠢ ᠡᠪᠡᠳᠴᠢᠨ ᠤ ᠵᠡᠮᠳᠡᠭ ᠪᠡᠶ᠎ᠡ ᠶᠢ ᠳᠠᠭᠠᠵᠤ ᠬᠥᠷᠥᠰᠥᠨ ᠳᠤ | ᠡᠪᠦᠯᠵᠢᠭᠡᠳ᠂ ᠪᠣᠷᠣᠭᠠᠨ ᠤ ᠤᠰᠤ ᠪᠠᠷ ᠳᠡᠮᠵᠢᠨ ᠲᠠᠷᠬᠠᠳᠠᠭ᠃ ᠳᠤᠯᠠᠭᠠᠨ ᠴᠢᠭᠢᠭᠯᠢᠭ ᠠᠭᠤᠷ ᠠᠮᠢᠰᠬᠤᠯ ᠨᠢ | ᠡᠪᠡᠳᠴᠢᠨ ᠡᠭᠦᠰᠬᠦ ᠳᠤ ᠠᠰᠢᠭᠲᠠᠢ᠃ | ᠬᠤᠶᠠᠷ᠂ ᠢᠯᠭᠠᠨ ᠲᠠᠨᠢᠬᠤ ᠠᠷᠭ᠎ᠠ | ᠥᠷᠭᠡᠰᠦᠲᠦ ᠬᠡᠮᠬᠡ ᠶᠢᠨ ᠲᠣᠯᠪᠣᠲᠤ ᠡᠪᠡᠳᠴᠢᠨ ᠭᠤᠣᠯᠳᠠᠭᠤ ᠨᠠᠪᠴᠢᠨ ᠤ ᠢᠯᠲᠠᠰᠤ ᠶᠢ ᠬᠤᠣᠷᠳᠠᠭᠤᠯᠤᠨᠠ᠃ | ᠡᠪᠡᠳᠴᠢᠨ ᠤ ᠲᠣᠯᠪᠤ ᠡᠬᠢᠨ ᠳᠡᠭᠡᠨ ᠤᠰᠤᠨ ᠤ ᠲᠣᠯᠪᠤ ᠶᠢᠨ ᠬᠡᠯᠪᠡᠷᠢᠲᠠᠢ᠂ ᠰᠡᠭᠦᠯᠡᠷ ᠨᠢ ᠭᠦᠢᠬᠡᠨ ᠬᠦᠷᠡᠩ | ᠥᠩᠭᠡᠲᠡᠢ ᠪᠣᠯᠵᠤ᠂ ᠳᠤᠮᠳᠠ ᠬᠡᠰᠡᠭ ᠤᠨ ᠥᠩᠭᠡ ᠨᠢ ᠨᠡᠯᠢᠶᠡᠳ ᠭᠦᠢᠬᠡᠨ᠂ ᠠᠭᠠᠵᠢᠮ ᠢᠶᠠᠷ ᠬᠠᠳᠠᠵᠤ᠂ ᠡᠷᠭᠢᠨ | ᠲᠣᠭᠤᠷᠢᠨ ᠳᠤᠨᠢ ᠤᠰᠤᠨ ᠤ ᠲᠣᠯᠪᠤ ᠶᠢᠨ ᠬᠡᠯᠪᠡᠷᠢᠲᠠᠢ ᠭᠦᠢᠬᠡᠨ ᠨᠣᠭᠤᠭᠠᠨ ᠥᠩᠭᠡ ᠶᠢᠨ ᠴᠠᠭᠠᠷᠢᠭ ᠲᠠᠢ᠂ | ᠡᠪᠡᠳᠴᠢᠨ ᠤ ᠲᠣᠯᠪᠤ ᠶᠢᠨ ᠳ᠋ᠢᠶᠠᠮᠧᠳ᠋ᠷ ᠤᠨ ᠶᠡᠭᠡ ᠪᠠᠭ᠎ᠠ ᠨᠢ 15 ~ 20 ᠮᠢᠯᠢᠮᠧᠳ᠋ᠷ᠂ ᠰᠡᠭᠦᠯᠴᠢ ᠶᠢᠨ | ᠬᠤᠭᠤᠴᠠᠭᠠᠨ ᠤ ᠡᠪᠡᠳᠴᠢᠨ ᠤ ᠲᠣᠯᠪᠤ ᠶᠢᠨ ᠳᠤᠮᠳᠠ ᠬᠡᠰᠡᠭ ᠲᠤ ᠨᠢᠮᠭᠡᠨ ᠴᠠᠭᠠᠰᠤᠨ ᠤ ᠬᠡᠯᠪᠡᠷᠢᠲᠠᠢ᠂ ᠰᠢᠷᠠᠪᠲᠤᠷ | ᠪᠤᠶᠤ ᠴᠠᠶᠢᠪᠤᠷ ᠥᠩᠭᠡ ᠲᠠᠢ᠂ ᠠᠮᠠᠷᠬᠠᠨ ᠬᠠᠭᠠᠷᠠᠳᠠᠭ᠂ ᠣᠯᠠᠩᠬᠢ ᠨᠢ ᠦᠷᠡᠵᠢᠯ ᠤᠨ ᠰᠡᠭᠦᠯᠴᠢ ᠶᠢᠨ | ᠬᠤᠭᠤᠴᠠᠭᠠᠨ ᠤ ᠳᠤᠮᠳᠠ ᠳᠣᠣᠷ᠎ᠠ ᠬᠡᠰᠡᠭ ᠤᠨ ᠨᠠᠪᠴᠢᠨ ᠳᠡᠭᠡᠷ᠎ᠡ ᠡᠭᠦᠰᠴᠦ᠂ ᠡᠪᠡᠳᠴᠢᠨ ᠤ ᠲᠣᠯᠪᠤ ᠳᠡᠭᠡᠷ᠎ᠡ ᠨᠢ | ᠴᠥᠭᠡᠨ ᠲᠣᠭᠠᠨ ᠤ ᠢᠯᠡᠷᠬᠡᠢ ᠪᠤᠰᠤ ᠵᠢᠵᠢᠭ ᠬᠠᠷ᠎ᠠ ᠲᠣᠯᠪᠤ ᠲᠠᠢ᠃ | ᠭᠤᠷᠪᠠ᠂ ᠰᠡᠷᠭᠡᠶᠢᠯᠡᠨ ᠵᠠᠰᠠᠬᠤ ᠠᠷᠭ᠎ᠠ | 1. ᠡᠭᠡᠯᠵᠢᠯᠡᠨ ᠳᠠᠷᠢᠬᠤ ᠠᠷᠭ᠎ᠠ ᠶᠢ ᠬᠡᠷᠡᠭᠵᠢᠭᠦᠯᠵᠦ᠂ ᠭᠤᠸ᠎ᠠ ᠶᠢᠨ ᠲᠠᠷᠢᠶᠠᠨ ᠤ ᠳᠤᠮᠳᠠ ᠪᠠ ᠰᠡᠭᠦᠯᠴᠢ ᠶᠢᠨ | ᠬᠤᠭᠤᠴᠠᠭᠠᠨ ᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ | 2. ᠡᠪᠡᠳᠴᠢᠨ ᠡᠭᠦᠰᠬᠦ ᠡᠬᠢᠨ ᠤ ᠬᠤᠭᠤᠴᠠᠭᠠᠨ ᠳᠤ 70% ᠶᠢᠨ ᠮᠧᠲ᠋ᠢᠯᠲᠦ ᠬᠦᠬᠦᠷ ᠤᠨ ᠪᠠᠺᠲ᠋ᠧᠷᠢ ᠶᠢᠨ | ᠶᠡᠷᠦᠨᠳᠡᠭ ᠤᠨ ᠴᠢᠬᠢᠭ ᠲᠠᠢ ᠨᠤᠨᠳᠠᠭ ᠡᠮ 1000 ᠳᠠᠬᠢᠨ ᠤ ᠰᠢᠩᠭᠡᠨ ᠪᠤᠶᠤ 75% ᠶᠢᠨ ᠵᠠᠭᠤᠨ ᠪᠠᠺᠲ᠋ᠧᠷᠢ ᠶᠢᠨ | ᠴᠢᠬᠢᠭ ᠲᠠᠢ ᠨᠤᠨᠳᠠᠭ ᠡᠮ 1000 ᠳᠠᠬᠢᠨ ᠤ ᠰᠢᠩᠭᠡᠨ ᠢ ᠰᠦᠷᠴᠢᠵᠦ᠂ 7~10 ᠡᠳᠦᠷ ᠠᠯᠤᠰᠯᠠᠬᠤ ᠪᠦᠷᠢ ᠨᠢᠭᠡ | ᠤᠳᠠᠭ᠎ᠠ ᠰᠦᠷᠴᠢᠵᠦ᠂ ᠦᠷᠭᠦᠯᠵᠢᠯᠡᠨ 2~3 ᠤᠳᠠᠭ᠎ᠠ ᠰᠡᠷᠭᠡᠶᠢᠯᠡᠨ ᠵᠠᠰᠠᠬᠤ ᠬᠡᠷᠡᠭᠲᠡᠢ᠃ |