ᠲᠥᠪ ᠤᠨ ᠡᠳ᠋ ᠤᠨ ᠵᠠᠰᠠᠭ ᠠᠴᠠ 99.76 ᠳ᠋ᠦᠩᠰᠢᠭᠤᠷ ᠲᠥᠭᠦᠷᠢᠭ ᠭᠠᠷᠭᠠᠵᠤ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠬᠥᠭᠵᠢᠯᠲᠡ ᠶᠢ ᠳᠡᠮᠵᠢᠪᠡ
ᠨᠡᠶᠢᠲᠡᠯᠡᠭᠰᠡᠨ ᠴᠠᠭ᠄
2024/12/4
   ︽ᠥᠪᠥᠷ ᠮᠣᠩᠭᠤᠯ ᠤᠨ ᠡᠳᠦᠷ ᠤᠨ ᠰᠣᠨᠢᠨ ︾ ︵2024 ᠣᠨ ᠤ 12 ᠳ᠋ᠤᠭᠠᠷ ᠰᠠᠷ᠎ᠠ ᠶᠢᠨ 2 ᠤᠨ ᠡᠳᠦᠷ ᠤᠨ ᠬᠡᠪᠯᠡᠯ ᠤᠨ 1 ᠳ᠋ᠦ᠋ᠭᠡᠷ ᠨᠢᠭᠤᠷ ︶᠃     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠣᠳᠣᠬᠠᠨ ᠪᠣᠯᠲᠠᠯ᠎ᠠ ᠂ ᠥᠪᠥᠷ ᠮᠣᠩᠭᠤᠯ ᠨᠢᠭᠡᠨᠲᠡ 2025 ᠣᠨ ᠤ ᠲᠠᠷᠢᠶᠠᠯᠠᠩ ᠮᠠᠯ ᠠᠵᠤ ᠠᠬᠤᠢ ᠶᠢᠨ ᠬᠦᠷᠢᠶᠡᠨ ᠳᠠᠬᠢ ᠲᠥᠪ ᠤᠨ ᠡᠳ᠋ ᠤᠨ ᠵᠠᠰᠠᠭ ᠤᠨ ᠰᠢᠯᠵᠢᠭᠦᠯᠦᠨ ᠥᠭᠬᠦ ᠪᠡᠯᠡ ᠮᠥᠩᠭᠦ ᠶᠢ ᠨᠡᠶᠢᠲᠡ 99.76 ᠳ᠋ᠦᠩᠰᠢᠭᠤᠷ ᠲᠥᠭᠦᠷᠢᠭ ᠴᠢᠷᠮᠠᠶᠢᠨ ᠣᠯᠪᠠ᠃ ᠡᠭᠦᠨ ᠳᠤ᠂ ᠲᠠᠷᠢᠶᠠᠯᠠᠬᠤ ᠭᠠᠵᠠᠷ ᠤᠨ ᠪᠦᠲᠦᠭᠡᠨ ᠪᠠᠶᠢᠭᠤᠯᠤᠯᠲᠠ ᠪᠠ ᠠᠰᠢᠭᠯᠠᠯᠲᠠ ᠶᠢᠨ ᠪᠡᠯᠡ ᠮᠥᠩᠭᠦ  59.78 ᠳ᠋ᠦᠩᠰᠢᠭᠤᠷ ᠲᠥᠭᠦᠷᠢᠭ᠂ ᠲᠠᠷᠢᠶᠠᠯᠠᠩ ᠤᠨ ᠠᠵᠤ ᠦᠢᠯᠡᠰ ᠤᠨ ᠬᠥᠭᠵᠢᠯᠲᠡ ᠶᠢᠨ ᠪᠡᠯᠡ ᠮᠥᠩᠭᠦ 21.78 ᠳ᠋ᠦᠩᠰᠢᠭᠤᠷ ᠲᠥᠭᠦᠷᠢᠭ᠂ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠡᠯᠡ ᠮᠥᠩᠭᠦ 11.12 ᠳ᠋ᠦᠩᠰᠢᠭᠤᠷ ᠲᠥᠭᠦᠷᠢᠭ᠂ ᠲᠠᠷᠢᠶᠠᠯᠠᠩ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠪᠠ ᠤᠰᠤᠨ ᠠᠰᠢᠭᠯᠠᠯᠲᠠ ᠶᠢᠨ ᠭᠠᠮᠰᠢᠭ ᠠᠴᠠ ᠠᠪᠤᠷᠠᠬᠤ ᠪᠡᠯᠡ ᠮᠥᠩᠭᠦ ︵ᠠᠮᠢᠲᠠᠨ ᠤ ᠬᠢᠵᠢᠭ ᠢ ᠰᠡᠷᠭᠡᠶᠢᠯᠡᠬᠦ ᠨᠥᠬᠦᠪᠦᠷᠢ ︶ 3.2 ᠳ᠋ᠦᠩᠰᠢᠭᠤᠷ ᠲᠥᠭᠦᠷᠢᠭ᠂ ᠲᠠᠷᠢᠶᠠᠯᠠᠩ ᠤᠨ ᠠᠮᠢ ᠠᠬᠤᠢ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢᠨ ᠪᠡᠯᠡ ᠮᠥᠩᠭᠦ 2.69 ᠳ᠋ᠦᠩᠰᠢᠭᠤᠷ ᠲᠥᠭᠦᠷᠢᠭ᠂ ᠠᠮᠤ ᠳᠤᠰᠤᠨ ᠤ ᠦᠢᠯᠡᠳᠪᠦᠷᠢᠯᠡᠯ ᠤᠨ ᠪᠠᠲᠤᠯᠠᠭ᠎ᠠ ᠶᠢᠨ ᠪᠡᠯᠡ ᠮᠥᠩᠭᠦ 1.19 ᠳ᠋ᠦᠩᠰᠢᠭᠤᠷ ᠲᠥᠭᠦᠷᠢᠭ ᠪᠠᠶᠢᠵᠤ᠂ ᠭᠤᠣᠯᠳᠠᠭᠤ ᠲᠠᠷᠢᠶᠠᠯᠠᠬᠤ ᠭᠠᠵᠠᠷ ᠤᠨ ᠬᠦᠷᠦᠰᠦ ᠰᠢᠷᠤᠢ ᠶᠢᠨ ᠬᠠᠮᠠᠭᠠᠯᠠᠯᠲᠠ ᠶᠢᠨ ᠨᠥᠬᠦᠪᠦᠷᠢ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠭᠡᠨ ᠤ ᠨᠥᠬᠦᠪᠦᠷᠢ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ᠂ ᠲᠠᠷᠢᠮᠠᠯ ᠤᠨ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ᠂ ᠰᠦᠯᠢᠶᠥᠦ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠡᠭᠡᠭᠦᠯᠦᠨ ᠬᠤᠷᠢᠶᠠᠬᠤ ᠵᠡᠷᠭᠡ ᠲᠠᠯ᠎ᠠ ᠳᠤ ᠬᠡᠷᠡᠭᠯᠡᠨ᠎ᠡ᠃    ᠤᠯᠤᠰ ᠤᠨ ᠴᠢᠬᠤᠯᠠ ᠮᠠᠯ ᠲᠠᠷᠢᠶᠠᠯᠠᠩ ᠤᠨ ᠭᠠᠷᠤᠯᠲᠠ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠪᠣᠯ ᠥᠪᠥᠷ ᠮᠣᠩᠭᠤᠯ ᠤᠨ ᠮᠠᠯ ᠲᠠᠷᠢᠶᠠᠯᠠᠩ ᠤᠨ ᠭᠠᠷᠤᠯᠲᠠ ᠶᠢᠨ ᠶᠡᠭᠡ ᠣᠷᠣᠨ ᠠᠴᠠ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠴᠦᠷᠬᠡᠭ ᠣᠷᠣᠨ ᠲᠡᠶᠢᠰᠢ ᠬᠤᠪᠢᠷᠠᠭᠤᠯᠬᠤ ᠶᠢ ᠲᠦᠷᠭᠡᠳᠬᠡᠨ ᠠᠬᠢᠭᠤᠯᠬᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠷᠭ᠎ᠠ ᠬᠡᠮᠵᠢᠶ᠎ᠡ ᠪᠣᠯᠣᠨ᠎ᠠ᠃ ᠥᠪᠥᠷ ᠮᠣᠩᠭᠤᠯ ᠤᠯᠤᠰ ᠤᠨ ᠴᠢᠬᠤᠯᠠ ᠮᠠᠯ ᠲᠠᠷᠢᠶᠠᠯᠠᠩ ᠤᠨ ᠭᠠᠷᠤᠯᠲᠠ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠡᠭᠦᠷᠭᠡ ᠶᠢᠨ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠲᠥᠪ ᠤᠨ ᠡᠳ᠋ ᠤᠨ ᠵᠠᠰᠠᠭ ᠠᠴᠠ ᠲᠠᠷᠢᠶᠠᠯᠠᠩ ᠤᠨ ᠬᠠᠮᠢᠶ᠎ᠠ ᠪᠦᠬᠦᠢ ᠰᠢᠯᠵᠢᠭᠦᠯᠦᠨ ᠥᠭᠬᠦ᠂ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ᠂ ᠤᠯᠤᠰ ᠤᠨ ᠬᠡᠳᠦ ᠣᠷᠳᠣ ᠬᠤᠭᠤᠴᠠᠭᠠᠲᠦ ᠣᠨᠴᠠᠭᠠᠢ ᠵᠢᠭᠡᠯᠡᠯᠭᠡ ᠵᠡᠷᠭᠡ ᠡᠯ᠎ᠡ ᠠᠷᠭ᠎ᠠ ᠵᠠᠮ ᠤᠨ ᠪᠡᠯᠡ ᠮᠥᠩᠭᠦ ᠶᠢᠨ ᠳᠡᠮᠵᠢᠯᠭᠡ ᠶᠢ ᠣᠯᠬᠤ ᠪᠠᠷ ᠢᠳᠡᠪᠬᠢᠲᠡᠢ ᠴᠢᠷᠮᠠᠶᠢᠵᠤ᠂ ᠠᠯᠲᠠ ᠮᠥᠩᠭᠦ ᠮᠡᠲᠦ ᠦᠨᠡᠲᠡᠢ ᠪᠡᠯᠡ ᠮᠥᠩᠭᠦᠨ ᠤ ᠳᠡᠮᠵᠢᠯᠭᠡ ᠨᠢ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠪᠠ ᠴᠢᠬᠤᠯᠠ ᠮᠠᠯ ᠲᠠᠷᠢᠶᠠᠯᠠᠩ ᠤᠨ ᠭᠠᠷᠤᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠲᠠᠯ᠎ᠠ ᠪᠠᠷ ᠢᠳᠡᠪᠬᠢᠲᠡᠢ ᠦᠢᠯᠡᠳᠦᠯ ᠦᠵᠡᠭᠦᠯᠪᠡ᠃    ᠲᠠᠷᠠᠭᠠᠴᠢ ᠶᠢᠨ ᠠᠯᠬᠤᠮ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠢᠨ ᠬᠠᠮᠢᠶ᠎ᠠ ᠪᠦᠬᠦᠢ ᠪᠡᠯᠡ ᠮᠥᠩᠭᠦᠨ ᠤ ᠬᠠᠮᠢᠶᠠᠷᠤᠯᠲᠠ ᠶᠢᠨ ᠲᠣᠭᠲᠠᠭᠠᠯ ᠢ ᠴᠢᠩᠭ᠎ᠠ ᠵᠢᠷᠤᠮᠯᠠᠨ᠂ ᠲᠥᠰᠥᠪ ᠤᠨ ᠬᠡᠷᠡᠭᠵᠢᠭᠦᠯᠦᠯᠲᠡ ᠶᠢ ᠲᠦᠷᠭᠡᠳᠬᠡᠵᠦ᠂ ᠪᠡᠯᠡ ᠮᠥᠩᠭᠦᠨ ᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠂ ᠨᠥᠬᠦᠪᠦᠷᠢ ᠣᠯᠭᠤᠬᠤ ᠨᠠᠷᠢᠯᠢᠭ ᠣᠨᠣᠪᠴᠢᠲᠤ ᠴᠢᠨᠠᠷ᠂ ᠴᠠᠭ ᠲᠤᠬᠠᠶᠢᠲᠤ ᠴᠢᠨᠠᠷ ᠢ ᠳᠡᠭᠡᠭᠰᠢᠯᠡᠭᠦᠯᠵᠦ᠂ ᠬᠢᠵᠠᠭᠠᠷᠲᠠᠢ ᠪᠡᠯᠡ ᠮᠥᠩᠭᠦ ᠶᠢ ᠬᠥᠭᠵᠢᠯᠲᠡ ᠶᠢᠨ ᠴᠢᠬᠤᠯᠠ ᠭᠠᠵᠠᠷ᠂ ᠠᠷᠠᠳ ᠤᠨ ᠠᠮᠢᠳᠤᠷᠠᠯ ᠤᠨ ᠪᠠᠴᠢᠮ ᠬᠡᠷᠡᠭᠴᠡᠭᠡ ᠳᠡᠭᠡᠷ᠎ᠡ ᠬᠡᠷᠡᠭᠯᠡᠬᠦ ᠶᠢ ᠦᠨᠡᠨ ᠬᠦ ᠪᠠᠲᠤᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠦᠷᠭᠦᠯᠵᠢᠯᠡᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠬᠦᠳᠡᠭᠡ ᠲᠤᠰᠬᠤᠨ ᠮᠠᠯᠵᠢᠬᠤ ᠣᠷᠣᠨ ᠤ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠤᠨ᠎ᠠ᠃
 
ᠢᠷᠡᠯᠲᠡ᠄ ᠦᠪᠦᠷ ᠮᠤᠩᠭᠤᠯ ‍ᠤᠨ‌ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠦᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号