ᠬᠤᠨᠢ ᠶᠢ ᠠᠷᠠᠴᠢᠯᠠᠵᠤ ᠲᠡᠵᠢᠭᠡᠬᠦ ᠬᠠᠮᠢᠶᠠᠷᠤᠯᠲᠠ ᠶᠢᠨ ᠮᠡᠷᠭᠡᠵᠢᠯ ︵ᠬᠤᠶᠠᠷ︶
ᠨᠡᠶᠢᠲᠡᠯᠡᠭᠰᠡᠨ ᠴᠠᠭ᠄
2024/12/5
   ᠬᠥᠬᠦᠯ ᠤᠨ ᠬᠤᠭᠤᠴᠠᠭᠠᠨ ᠤ ᠡᠮ᠎ᠡ ᠬᠤᠨᠢᠨ ᠤ ᠠᠷᠠᠴᠢᠯᠠᠯᠲᠠ ᠬᠠᠮᠢᠶᠠᠷᠤᠯᠲᠠ    ᠡᠮ᠎ᠡ ᠬᠤᠨᠢ ᠬᠤᠷᠠᠭᠠᠯᠠᠭᠰᠠᠨ ᠤ ᠳᠠᠷᠠᠭ᠎ᠠ ᠰᠦᠨ ᠤ ᠱᠦᠭᠦᠷᠡᠯᠳᠡ ᠶᠢᠨ ᠬᠡᠮᠵᠢᠶ᠎ᠡ ᠨᠢ ᠠᠭᠠᠵᠢᠮ ᠢᠶᠠᠷ ᠨᠡᠮᠡᠭᠳᠡᠵᠦ ᠂ ᠬᠤᠷᠠᠭᠠᠯᠠᠭᠰᠠᠨ ᠤ ᠳᠠᠷᠠᠭᠠᠬᠢ 4 ᠭᠠᠷᠠᠭ ᠤᠨ ᠣᠷᠴᠢᠮ ᠳᠤ ᠣᠷᠭᠢᠯ ᠳᠠᠭᠠᠨ ᠲᠤᠯᠵᠤ᠂ ᠰᠡᠭᠦᠯᠡᠷ ᠨᠢ ᠪᠠᠰᠠ ᠡᠬᠢᠯᠡᠨ ᠳᠣᠷᠣᠭᠰᠢᠯᠠᠳᠠᠭ᠂ ᠡᠨᠡ ᠦᠶ᠎ᠡ ᠪᠣᠯ ᠮᠥᠨ ᠴᠦ ᠬᠤᠷᠠᠭᠠᠨ ᠤ ᠥᠰᠦᠯᠲᠡ ᠨᠡᠯᠢᠶᠡᠳ ᠲᠦᠷᠭᠡᠨ ᠴᠠᠭ ᠦᠶ᠎ᠡ ᠪᠣᠯᠣᠨ᠎ᠠ᠃ ᠬᠤᠷᠠᠭ᠎ᠠ ᠲᠥᠷᠥᠭᠰᠡᠨ ᠤ ᠳᠠᠷᠠᠭᠠᠬᠢ ᠬᠤᠶᠠᠷ ᠭᠠᠷᠠᠭ ᠤᠨ ᠬᠤᠭᠤᠴᠠᠭ᠎ᠠ ᠪᠣᠯ ᠦᠰᠦᠨ ᠤ ᠤᠭᠤᠲᠠᠨ ᠳᠤ ᠰᠡᠳᠡᠯᠳᠡ ᠥᠭᠴᠦ ᠦᠷᠭᠦᠯᠵᠢᠯᠡᠨ ᠪᠤᠶᠢᠵᠢᠬᠤ ᠴᠢᠬᠤᠯᠠ ᠴᠠᠭ ᠬᠤᠭᠤᠴᠠᠭ᠎ᠠ ᠪᠣᠯᠣᠨ᠎ᠠ᠂ ᠠᠷᠠᠴᠢᠯᠠᠵᠤ ᠲᠡᠵᠢᠭᠡᠬᠦ ᠲᠠᠯ᠎ᠠ ᠪᠠᠷ ᠠᠯᠢ ᠴᠢᠳᠠᠬᠤ ᠪᠠᠷ ᠰᠦᠨ ᠤ ᠭᠠᠷᠤᠯᠲᠠ ᠶᠢ ᠳᠡᠭᠡᠭᠰᠢᠯᠡᠭᠦᠯᠦᠨ᠎ᠡ᠃ ᠰᠦ᠋ ᠱᠦᠭᠦᠷᠡᠭᠦᠯᠬᠦ ᠰᠡᠭᠦᠯᠴᠢ ᠶᠢᠨ ᠬᠤᠭᠤᠴᠠᠭᠠᠨ ︵ᠬᠤᠷᠠᠭᠠᠯᠠᠭᠰᠠᠨ ᠤ ᠳᠠᠷᠠᠭᠠᠬᠢ ᠨᠢᠭᠡ ᠰᠠᠷ᠎ᠠ ︶ ᠳᠤ᠂ ᠡᠮ᠎ᠡ ᠬᠤᠨᠢᠨ ᠤ ᠰᠦ᠋ ᠱᠦᠭᠦᠷᠡᠭᠦᠯᠬᠦ ᠴᠢᠳᠠᠪᠤᠷᠢ ᠨᠢ ᠠᠭᠠᠵᠢᠮ ᠢᠶᠠᠷ ᠪᠠᠭᠤᠷᠠᠵᠤ᠂ ᠲᠡᠵᠢᠭᠡᠯ ᠨᠥᠬᠦᠬᠦ ᠬᠡᠮᠵᠢᠶ᠎ᠡ ᠶᠢ ᠨᠡᠮᠡᠭᠳᠡᠭᠦᠯᠦᠭᠰᠡᠨ ᠴᠦ ᠰᠦ᠋ ᠱᠦᠭᠦᠷᠡᠭᠦᠯᠬᠦ ᠡᠬᠢᠨ ᠤ ᠬᠤᠭᠤᠴᠠᠭᠠᠨ ᠤ ᠰᠦ᠋ ᠭᠠᠷᠬᠤ ᠬᠡᠮᠵᠢᠶ᠎ᠡ ᠳᠤ ᠬᠦᠷᠬᠦ ᠦᠭᠡᠢ ᠪᠠᠶᠢᠳᠠᠭ᠃ ᠬᠤᠷᠠᠭ᠎ᠠ ᠡᠨᠡ ᠦᠶ᠎ᠡ ᠠᠴᠠ ᠡᠬᠢᠯᠡᠨ ᠬᠥᠬᠡ ᠡᠪᠡᠰᠦ ᠪᠠ ᠲᠡᠵᠢᠭᠡᠯ ᠪᠣᠷᠳᠤᠭ᠎ᠠ ᠪᠠᠨ ᠢᠳᠡᠵᠦ᠂ ᠡᠬᠡ ᠶᠢᠨ ᠰᠦ᠋ ᠳᠤ ᠲᠦᠰᠢᠭᠯᠡᠬᠦ ᠬᠡᠮᠵᠢᠶ᠎ᠡ ᠨᠢ ᠪᠠᠭᠠᠰᠳᠠᠭ᠂ ᠡᠶᠢᠮᠦ ᠠᠴᠠ ᠬᠤᠷᠠᠭ᠎ᠠ ᠶᠢ ᠡᠷᠳᠡᠬᠡᠨ ᠰᠦ᠋ ᠠᠴᠠ ᠨᠢ ᠰᠠᠯᠭᠠᠪᠠᠯ ᠵᠣᠬᠢᠨ᠎ᠠ᠃ ᠬᠤᠷᠠᠭ᠎ᠠ ᠶᠢ ᠰᠦ᠋ ᠠᠴᠠ ᠨᠢ ᠰᠠᠯᠭᠠᠬᠤ ᠠᠴᠠ ᠨᠢᠭᠡ ᠭᠠᠷᠠᠭ ᠤᠨ ᠡᠮᠦᠨ᠎ᠡ᠂ ᠡᠮ᠎ᠡ ᠬᠤᠨᠢᠨ ᠳᠤ ᠲᠡᠵᠢᠭᠡᠬᠦ ᠰᠢᠭᠦᠰᠦᠯᠢᠭ ᠪᠣᠷᠳᠤᠭ᠎ᠠ᠂ ᠳᠠᠷᠤᠰᠢᠭᠤᠯᠤᠭᠰᠠᠨ ᠪᠣᠷᠳᠤᠭ᠎ᠠ ᠪᠠ ᠨᠠᠷᠢᠯᠢᠭ ᠪᠣᠷᠳᠣᠭᠠᠨ ᠤ ᠬᠡᠮᠵᠢᠶ᠎ᠡ ᠶᠢ ᠪᠠᠭᠠᠰᠬᠠᠵᠤ᠂ ᠦᠷᠪᠢᠰᠦᠯ ᠡᠭᠦᠰᠬᠦ ᠠᠴᠠ ᠰᠡᠷᠭᠡᠶᠢᠯᠡᠬᠦ ᠬᠡᠷᠡᠭᠲᠡᠢ᠃    3. ᠪᠡᠶ᠎ᠡ ᠭᠦᠢᠴᠡᠭᠰᠡᠨ ᠬᠤᠨᠢᠨ ᠤ ᠬᠠᠮᠢᠶᠠᠷᠤᠯᠲᠠ    ᠪᠡᠶ᠎ᠡ ᠭᠦᠢᠴᠡᠭᠰᠡᠨ ᠬᠤᠨᠢ ᠶᠢ ᠠᠷᠠᠴᠢᠯᠠᠵᠤ ᠲᠡᠵᠢᠭᠡᠬᠦ ᠨᠢ ᠵᠣᠬᠢᠰᠲᠠᠢ ᠪᠠᠶᠢᠬᠤ ᠡᠰᠡᠬᠦ ᠨᠢ ᠪᠡᠶ᠎ᠡ ᠶᠢᠨ ᠪᠦᠲᠦᠴᠡ ᠪᠠ ᠥᠰᠦᠯᠲᠡ ᠪᠤᠶᠢᠵᠢᠯᠲᠠ ᠶᠢᠨ ᠬᠤᠷᠳᠤᠴᠠ ᠵᠡᠷᠭᠡ ᠳᠤ ᠰᠢᠢᠳᠪᠦᠷᠢᠯᠡᠬᠦ ᠴᠢᠨᠠᠷᠲᠠᠢ ᠦᠢᠯᠡᠳᠦᠯ ᠦᠵᠡᠭᠦᠯᠳᠡᠭ᠃ ᠠᠷᠠᠴᠢᠯᠠᠵᠤ ᠲᠡᠵᠢᠭᠡᠬᠦ ᠨᠢ ᠵᠣᠬᠢᠰ ᠦᠭᠡᠢ ᠪᠣᠯ ᠬᠤᠨᠢ ᠬᠡᠳᠦ ᠲᠠᠷᠭᠤᠯᠠᠬᠤ᠂ ᠬᠡᠳᠦ ᠲᠤᠷᠠᠬᠤ ᠪᠤᠶᠤ ᠶᠠᠮᠠᠷ ᠨᠢᠭᠡᠨ ᠬᠤᠭᠤᠴᠠᠭᠠᠨ ᠤ ᠥᠰᠦᠯᠲᠡ ᠪᠤᠶᠢᠵᠢᠯᠲᠠ ᠶᠢ ᠬᠠᠷᠰᠢᠯᠠᠵᠤ᠂ ᠬᠥᠯ ᠨᠢ ᠤᠷᠲᠤ᠂ ᠪᠡᠶ᠎ᠡ ᠨᠢ ᠣᠬᠤᠷ᠂ ᠬᠡᠪᠡᠯᠢ ᠨᠢ ᠤᠨᠵᠢᠢᠬᠤ ᠵᠡᠷᠭᠡ ᠡᠷᠡᠭᠦᠯ ᠪᠤᠰᠤ ᠪᠠᠶᠢᠳᠠᠯ ᠲᠠᠢ ᠪᠣᠯᠳᠠᠭ᠃ ᠬᠤᠨᠢ ᠶᠢ ᠰᠠᠶᠢᠲᠤᠷ ᠪᠤᠶᠢᠵᠢᠭᠤᠯᠬᠤ ᠶᠢᠨ ᠲᠥᠯᠥᠭᠡ ᠳᠣᠣᠷᠠᠬᠢ ᠬᠤᠶᠠᠷ ᠲᠠᠯ᠎ᠠ ᠶᠢ ᠠᠩᠬᠠᠷᠬᠤ ᠬᠡᠷᠡᠭᠲᠡᠢ᠄    ᠵᠣᠬᠢᠬᠤ ᠬᠡᠮᠵᠢᠶᠡᠨ ᠤ ᠰᠢᠮ᠎ᠡ ᠲᠡᠵᠢᠭᠡᠯ ᠤᠨ ᠬᠢᠷᠢ ᠬᠡᠮᠵᠢᠶ᠎ᠡ ᠪᠠ ᠠᠷᠠᠴᠢᠯᠠᠬᠤ ᠠᠷᠭ᠎ᠠ ᠮᠠᠶ᠋ᠢᠭ    ᠲᠡᠵᠢᠭᠡᠯ ᠪᠣᠷᠳᠣᠭᠠᠨ ᠤ ᠰᠢᠮ᠎ᠡ ᠲᠡᠵᠢᠭᠡᠯ ᠤᠨ ᠬᠢᠷᠢ ᠬᠡᠮᠵᠢᠶ᠎ᠡ ᠵᠢᠴᠢ ᠲᠥᠷᠥᠯ ᠬᠡᠯᠪᠡᠷᠢ ᠨᠢ ᠪᠡᠶ᠎ᠡ ᠭᠦᠢᠴᠡᠭᠰᠡᠨ ᠬᠤᠨᠢᠨ ᠤ ᠪᠡᠶ᠎ᠡ ᠶᠢᠨ ᠬᠡᠯᠪᠡᠷᠢ ᠪᠠ ᠥᠰᠦᠯᠲᠡ ᠪᠤᠶᠢᠵᠢᠯᠲᠠ ᠳᠤ ᠮᠠᠰᠢ ᠶᠡᠭᠡ ᠨᠥᠯᠥᠭᠡ ᠲᠠᠢ᠂ ᠰᠢᠯᠢᠳᠡᠭ ᠰᠠᠶᠢᠨ ᠬᠠᠭᠤᠷᠠᠢ ᠡᠪᠡᠰᠦ᠂ ᠭᠦᠢᠴᠡᠳ ᠬᠥᠳᠡᠯᠭᠡᠭᠡᠨ ᠪᠣᠯ ᠪᠡᠶ᠎ᠡ ᠭᠦᠢᠴᠡᠭᠰᠡᠨ ᠬᠤᠨᠢ ᠶᠢ ᠪᠤᠶᠢᠵᠢᠭᠤᠯᠬᠤ ᠶᠢᠨ ᠵᠠᠩᠭᠢᠯᠠᠭ᠎ᠠ ᠪᠣᠯᠣᠨ᠎ᠠ᠃ ᠪᠡᠶ᠎ᠡ ᠭᠦᠢᠴᠡᠭᠰᠡᠨ ᠬᠤᠨᠢᠨ ᠳᠤ ᠰᠢᠮ᠎ᠡ ᠲᠡᠵᠢᠭᠡᠯ ᠤᠨ ᠬᠢᠷᠢ ᠲᠦᠪᠰᠢᠨ ᠳᠤ ᠲᠣᠬᠢᠷᠠᠬᠤ ᠡᠳᠦᠷ ᠤᠨ ᠲᠡᠵᠢᠭᠡᠯ ᠢ ᠲᠡᠵᠢᠭᠡᠬᠦ ᠶᠢᠨ ᠬᠠᠮᠲᠤ ᠴᠢᠨᠠᠷ ᠰᠠᠶᠢᠲᠠᠢ ᠬᠠᠭᠤᠷᠠᠢ ᠡᠪᠡᠰᠦ ᠶᠢ ᠪᠠᠲᠤᠯᠠᠬᠤ ᠨᠢ ᠰᠢᠩᠭᠡᠭᠡᠯᠲᠡ ᠶᠢᠨ ᠡᠷᠬᠡᠲᠡᠨ ᠤ ᠭᠦᠢᠴᠡᠳ ᠪᠤᠶᠢᠵᠢᠯᠲᠠ ᠶᠢ ᠠᠬᠢᠭᠤᠯᠬᠤ ᠳᠤ ᠠᠰᠢᠭᠲᠠᠢ ᠪᠠᠷ ᠪᠠᠷᠠᠬᠤ ᠦᠭᠡᠢ᠂ ᠪᠡᠶ᠎ᠡ ᠭᠦᠢᠴᠡᠭᠰᠡᠨ ᠬᠤᠨᠢᠨ ᠤ ᠪᠡᠶ᠎ᠡ ᠨᠢ ᠴᠦ ᠡᠷᠡᠭᠦᠯ ᠴᠢᠭᠢᠷᠠᠭ ᠪᠠᠶᠢᠳᠠᠭ᠃    ᠴᠠᠭ ᠲᠤᠨᠢ ᠲᠣᠬᠢᠷᠠᠭᠤᠯᠤᠨ ᠬᠡᠭᠡᠯᠲᠦᠭᠦᠯᠭᠡ ᠬᠢᠨ᠎ᠡ    ᠡᠩ ᠤᠨ ᠪᠠᠶᠢᠳᠠᠯ ᠳᠤ ᠪᠡᠶ᠎ᠡ ᠭᠦᠢᠴᠡᠭᠰᠡᠨ ᠡᠮ᠎ᠡ ᠬᠤᠨᠢ ᠪᠦᠬᠦᠯᠢ 8 ᠰᠠᠷ᠎ᠠ ᠠᠴᠠ 10 ᠰᠠᠷ᠎ᠠ ᠬᠦᠷᠦᠨ᠎ᠡ᠂ ᠬᠤᠴᠠ ᠪᠦᠬᠦᠯᠢ ᠨᠢᠭᠡ ᠨᠠᠰᠤ ᠬᠦᠷᠦᠭᠰᠡᠠ ᠤ ᠲᠡᠷᠠᠭ᠎ᠠ᠂ ᠡᠰᠡᠬᠦᠯ᠎ᠡ ᠨᠠᠰᠤ ᠬᠦᠢᠴᠡᠭᠰᠡᠨ ᠬᠤᠴᠠᠨ ᠤ ᠪᠡᠶ᠎ᠡ ᠶᠢᠨ ᠬᠦᠨᠳᠦ ᠶᠢᠨ 70% ᠠᠴᠠ ᠳᠡᠭᠡᠭᠰᠢ ᠪᠣᠯᠬᠤ ᠦᠶ᠎ᠡ ᠳᠤ ᠬᠡᠭᠡᠯᠲᠦᠭᠦᠯᠵᠦ ᠪᠣᠯᠣᠨ᠎ᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号