ᠡᠨᠡ ᠨᠥᠬᠦᠪᠥᠷᠢ ᠶᠢᠨ ᠪᠠᠷᠢᠮᠵᠢᠶ᠎ᠠ ᠶᠢ ᠳᠠᠬᠢᠨᠲᠠ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2024/12/5
   ᠤᠯᠤᠰ ᠠᠴᠠ ᠬᠡᠰᠡᠭ ᠴᠡᠷᠢᠭ ᠤᠨ ᠠᠯᠪᠠᠨ ᠠᠴᠠ ᠪᠠᠭᠤᠭᠰᠠᠳ ᠪᠠ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠲᠤ ᠣᠯᠭᠤᠬᠤ ᠠᠰᠠᠷᠠᠮᠵᠢ ᠶᠢᠨ ᠨᠥᠬᠦᠪᠥᠷᠢ ᠶᠢᠨ ᠪᠠᠷᠢᠮᠵᠢᠶ᠎ᠠ ᠶᠢ ᠳᠠᠬᠢᠨᠲᠠ ᠳᠡᠭᠡᠭᠰᠢᠯᠡᠭᠦᠯᠬᠦ ᠪᠠᠷ ᠪᠠᠶᠢᠨ᠎ᠠ    ᠰᠤᠷᠪᠤᠯᠵᠢᠯᠠᠭᠴᠢ ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠶᠠᠪᠤᠳᠠᠯ ᠤᠨ ᠶᠠᠮᠤᠨ ᠠᠴᠠ ᠣᠶᠢᠯᠠᠭᠠᠭᠰᠠᠨ ᠢᠶᠠᠷ᠂ ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠶᠠᠪᠤᠳᠠᠯ ᠤᠨ ᠶᠠᠮᠤᠨ᠂ ᠡᠳ᠋ ᠤᠨ ᠵᠠᠰᠠᠭ ᠤᠨ ᠶᠠᠮᠤᠨ ᠲᠦᠷᠦᠭᠦᠬᠡᠨ ᠮᠡᠳᠡᠭᠳᠡᠯ ᠪᠠᠭᠤᠯᠭᠠᠵᠤ᠂ 2024 ᠣᠨ ᠤ 8 ᠰᠠᠷ᠎ᠠ ᠶᠢᠨ 1 ᠤ ᠡᠳᠦᠷ ᠠᠴᠠ ᠡᠬᠢᠯᠡᠨ ᠬᠡᠰᠡᠭ ᠴᠡᠷᠢᠭ ᠤᠨ ᠠᠯᠪᠠᠨ ᠠᠴᠠ ᠪᠠᠭᠤᠭᠰᠠᠳ ᠪᠠ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠵᠡᠷᠭᠡ ᠬᠥᠮᠦᠰ ᠤᠨ ᠠᠰᠠᠷᠠᠮᠵᠢ ᠪᠠ ᠠᠮᠢᠳᠤᠷᠠᠯ ᠤᠨ ᠨᠥᠬᠦᠪᠥᠷᠢ ᠶᠢᠨ ᠪᠠᠷᠢᠮᠵᠢᠶ᠎ᠠ ᠶᠢ ᠳᠠᠬᠢᠨᠲᠠ ᠳᠡᠭᠡᠭᠰᠢᠯᠡᠭᠦᠯᠦᠨ᠎ᠡ ᠭᠡᠵᠦ ᠲᠣᠳᠣᠷᠬᠠᠶ ᠲᠣᠭᠲᠠᠭᠠᠵᠤ᠂ ᠡᠯ᠎ᠡ ᠭᠠᠵᠠᠷ ᠤᠨ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠣᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠵᠤ᠂ ᠠᠰᠠᠷᠠᠮᠵᠢ ᠶᠢᠨ ᠮᠥᠩᠭᠦ ᠪᠠ ᠠᠮᠢᠳᠤᠷᠠᠯ ᠤᠨ ᠨᠥᠬᠦᠪᠥᠷᠢ ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠨᠢ ᠥᠭᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ    ᠣᠶᠢᠯᠠᠭᠠᠭᠰᠠᠨ ᠢᠶᠠᠷ᠂ ᠲᠣᠰ ᠤᠳᠠᠭᠠᠨ ᠤ ᠪᠠᠷᠢᠮᠵᠢᠶ᠎ᠠ ᠶᠢ ᠳᠡᠭᠡᠭᠰᠢᠯᠡᠭᠦᠯᠬᠦ ᠳᠤ ᠤᠯᠤᠰ ᠤᠨ ᠡᠳ᠋ ᠤᠨ ᠬᠦᠴᠦᠨ ᠂ ᠡᠲᠡᠭᠡᠳ ᠤᠨ ᠬᠤᠪᠢ ᠨᠡᠮᠡᠷᠢ ᠵᠡᠷᠭᠡ ᠬᠦᠴᠦᠨ ᠵᠤᠶᠢᠯ ᠢ ᠨᠢᠭᠡᠳᠦᠯᠲᠡᠶ ᠲᠥᠯᠥᠪᠯᠡᠨ ᠨᠡᠶᠢᠲᠡ ᠳᠤᠨᠢ ᠬᠠᠷᠠᠭᠠᠯᠵᠠᠵᠤ᠂ ᠬᠦᠨᠳᠦᠳᠬᠡᠨ ᠪᠢᠰᠢᠷᠡᠬᠦ ᠪᠠ ᠬᠠᠯᠠᠮᠵᠢᠯᠠᠨ ᠬᠠᠷᠠᠭᠠᠯᠵᠠᠬᠤ ᠶᠢ ᠢᠯᠡᠷᠡᠭᠦᠯᠵᠦ᠂ ᠤᠯᠤᠰ ᠠᠴᠠ 20 ᠵᠢᠯ ᠳᠠᠷᠠᠭᠠᠯᠠᠨ ᠠᠰᠠᠷᠠᠨ ᠬᠠᠷᠠᠭᠠᠯᠵᠠᠬᠤ ᠡᠲᠡᠭᠡᠳ ᠤᠨ ᠠᠰᠠᠷᠠᠮᠵᠢ ᠶᠢᠨ ᠨᠥᠬᠦᠪᠥᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠶᠢ ᠪᠡᠶᠡᠯᠡᠭᠦᠯᠤᠭ᠍ᠰᠡᠨ ᠪᠠᠶᠢᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号