ᠪᠤᠤ ᠱᠢ ᠪᠠᠯᠭᠠᠰᠤ ᠣᠯᠠᠨ ᠲᠦᠮᠡᠨ ᠲᠠᠢ ᠬᠠᠮᠲᠤ ᠬᠠᠤᠯᠢ ᠲᠦᠭᠡᠮᠡᠯᠵᠢᠭᠦᠯᠬᠦ ᠲᠤᠬᠠᠢ ᠶᠢᠨ ᠲᠠᠯᠠᠪᠤᠷ ᠲᠤ ᠤᠷᠤᠨ᠎ᠠ
ᠨᠡᠶᠢᠲᠡᠯᠡᠭᠰᠡᠨ ᠴᠠᠭ᠄
2024/12/6
   ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠪᠠᠳᠠᠷᠠᠭᠤᠯᠵᠤ᠂ ᠦᠨᠳᠦᠰᠦᠨ ᠬᠠᠤᠯᠢ  ᠶᠢ ᠬᠦᠨᠳᠦᠳᠬᠡᠬᠦ᠂ ᠦᠨᠳᠦᠰᠦᠨ ᠬᠠᠤᠯᠢ ᠶᠢ ᠰᠤᠷᠤᠯᠴᠠᠬᠤ᠂ ᠦᠨᠳᠦᠰᠦᠨ ᠬᠠᠤᠯᠢ ᠶᠢ ᠵᠢᠷᠤᠮᠯᠠᠬᠤ ᠥᠳᠬᠡᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ᠂ ᠳᠣᠯᠣᠳᠤᠭᠠᠷ ︽ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ︾ ᠬᠦᠷᠴᠦ ᠢᠷᠡᠬᠦ ᠲᠠᠰᠢᠷᠠᠮ ᠳᠤ᠂ ᠪᠤᠤ ᠱᠢ ᠬᠠᠤᠯᠢ ᠴᠠᠭᠠᠵᠠ ᠶᠢᠨ ᠭᠠᠵᠠᠷ ᠠᠮᠤᠷ ᠠᠮᠤᠭᠤᠯᠠᠩ ᠶᠢᠨ ᠠᠯᠪᠠᠨ ᠭᠡᠷ᠂ ᠨᠢᠭᠡᠳᠦᠮᠡᠯ ᠹᠷᠣᠨᠲ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠲᠠᠢ ᠬᠤᠯᠪᠤᠭᠠᠯᠠᠨ᠂ ᠪᠤᠤ ᠱᠢ ᠪᠠᠯᠭᠠᠰᠤᠨ ᠤ ᠬᠥᠮᠦᠨ ᠤ ᠲᠤᠭ᠎ᠠ ᠨᠡᠯᠢᠶᠡᠳ ᠶᠡᠭᠡ ᠬᠤᠳᠠᠯᠳᠤᠭᠠᠨ ᠤ ᠵᠡᠭᠡᠯᠢ ᠵᠢᠴᠢ ᠡᠯ᠎ᠡ ᠲᠣᠰᠬᠤᠨ ᠳᠤ ᠬᠦᠷᠴᠦ ︽ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ ᠬᠠᠤᠯᠢᠵᠢᠯ ᠤᠨ ᠠᠮᠢᠳᠤᠷᠠᠯ ᠢ ᠬᠠᠮᠲᠤ ᠪᠠᠷ ᠴᠣᠭᠴᠠᠯᠠᠬᠤ︾ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠦ᠂ ᠤᠯᠠᠨ ᠲᠦᠮᠡᠨ ᠢ ᠳᠠᠭᠠᠭᠤᠯᠤᠨ ᠬᠠᠮᠲᠤ ᠪᠠᠷ ᠬᠠᠤᠯᠢ ᠲᠦᠭᠡᠮᠡᠯᠵᠢᠭᠦᠯᠬᠦ ᠲᠤᠬᠠᠢ ᠶᠢᠨ ᠲᠠᠯᠠᠪᠠᠢ ᠳᠤ ᠣᠷᠣᠪᠠ᠃
   ︽ᠦᠨᠳᠦᠰᠦᠨ ᠬᠠᠤᠯᠢ ᠪᠣᠯ ᠤᠯᠤᠰ ᠤᠨ ᠦᠨᠳᠦᠰᠦ ᠪᠣᠯᠬᠤ ᠶᠡᠭᠡ ᠬᠠᠤᠯᠢ ᠮᠥᠨ᠂ ᠤᠯᠤᠰ ᠢ ᠵᠠᠰᠠᠵᠤ ᠲᠦᠷᠦ ᠶᠢ ᠲᠦᠪᠰᠢᠳᠬᠡᠬᠦ ᠶᠡᠷᠦᠩᠬᠡᠢ ᠲᠦᠷᠢᠮ ᠮᠥᠨ᠃ ᠦᠨᠳᠦᠰᠦᠨ ᠬᠠᠤᠯᠢ ᠬᠠᠮᠤᠭ ᠤᠨ ᠲᠡᠭᠡᠳᠦ ᠬᠠᠤᠯᠢ ᠬᠦᠴᠦᠨ ᠲᠠᠢ᠂ ᠪᠤᠰᠤᠳ ᠬᠠᠤᠯᠢ ᠲᠣᠭᠲᠠᠭᠠᠬᠤ ᠦᠨᠳᠦᠰᠦᠯᠡᠯ᠂ ᠠᠯᠢᠪᠠ ᠬᠠᠤᠯᠢ ᠴᠠᠭᠠᠵᠠ᠂ ᠬᠠᠤᠯᠢ ᠲᠣᠭᠲᠠᠭᠠᠯ  ᠨᠢ ᠴᠥᠮ ᠦᠨᠳᠦᠰᠦᠨ ᠬᠠᠤᠯᠢ ᠲᠠᠢ ᠬᠠᠷᠰᠢᠯᠳᠤᠵᠤ ᠪᠣᠯᠬᠤ ᠥᠬᠡᠶ︾ ᠭᠡᠵᠦ ᠲᠣᠰ ᠤᠳᠠᠭᠠᠨ ᠤ ᠠᠵᠢᠯᠯᠠᠭ᠎ᠠ ᠶᠢᠨ ᠠᠵᠢᠯᠲᠠᠳ ᠬᠠᠤᠯᠢ ᠲᠦᠭᠡᠮᠡᠯᠵᠢᠭᠦᠯᠬᠦ ᠲᠠᠶᠢᠯᠤᠮᠵᠢ + ᠡᠷᠦᠬᠡ ᠳᠤ ᠣᠷᠣᠵᠤ ᠰᠤᠷᠪᠤᠯᠵᠢᠯᠠᠬᠤ ᠠᠷᠭ᠎ᠠ ᠮᠠᠶ᠋ᠢᠭ ᠢᠶᠠᠷ ᠶᠠᠪᠤᠭᠳᠠᠪᠠ᠂ ᠤᠯᠤᠰ ᠠᠴᠠ ᠦᠨᠳᠦᠰᠦᠨ ᠬᠠᠤᠯᠢ ᠶᠢᠨ ᠡᠳᠦᠷ ᠪᠠ ︽ᠦᠨᠳᠦᠰᠦᠨ ᠬᠠᠤᠯᠢ︾ ᠶᠢᠨ ᠬᠤᠯᠪᠣᠭᠳᠠᠯ ᠪᠦᠬᠦᠢ ᠮᠡᠳᠡᠯᠭᠡ ᠶᠢ ᠭᠤᠤᠯᠳᠠᠯᠭ᠎ᠠ ᠲᠠᠢ ᠤᠬᠠᠭᠤᠯᠤᠨ ᠲᠠᠶᠢᠯᠪᠤᠷᠢᠯᠠᠪᠠ᠂ ᠡᠭᠦᠨ ᠤ ᠳᠤ ᠳᠠᠭᠠᠤ ᠭᠠᠵᠢᠭᠤ ᠨᠣᠮᠯᠠᠯ ᠢ  ᠡᠰᠡᠷᠭᠦᠴᠡᠬᠦ᠂ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠶᠳᠪᠦᠷᠢᠯᠡᠬᠦ ᠵᠢᠴᠢ ᠠᠮᠢᠨ ᠬᠡᠷᠡᠭ ᠢ ᠰᠡᠷᠭᠡᠶᠢᠯᠡᠨ ᠡᠵᠡᠮᠳᠡᠬᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠵᠡᠷᠭᠡ ᠠᠵᠢᠯ ᠢ ᠤᠬᠠᠭᠤᠯᠤᠨ ᠲᠠᠶᠢᠯᠪᠤᠷᠢᠯᠠᠪᠠ᠂ ᠣᠯᠠᠨ ᠲᠦᠮᠡᠨ ᠤ ᠠᠩᠬᠠᠷᠴᠤ ᠪᠠᠶᠭ᠎ᠠ ᠠᠮᠢᠳᠤᠷᠠᠯ ᠤᠨ ᠳᠤᠮᠳᠠ ᠦᠷᠭᠦᠯᠵᠢ ᠲᠣᠬᠢᠶᠠᠯᠳᠤᠳᠠᠭ ᠡᠯ᠎ᠡ ᠲᠥᠷᠥᠯ ᠤᠨ ᠬᠠᠤᠯᠢ ᠴᠠᠭᠠᠵᠠ ᠶᠢᠨ ᠠᠰᠠᠭᠤᠳᠠᠯ ᠢ ᠨᠠᠷᠢᠨ ᠬᠠᠷᠢᠭᠤᠯᠵᠤ᠂ ᠣᠯᠠᠨ ᠲᠦᠮᠡᠨ ᠤ ᠤᠬᠠᠮᠰᠠᠷ ᠠᠴᠠ ᠪᠠᠨ ᠬᠠᠤᠯᠢ ᠶᠢ ᠰᠤᠷᠴᠤ ᠬᠠᠤᠯᠢ ᠶᠢ ᠰᠠᠬᠢᠵᠤ ᠬᠠᠤᠯᠢ ᠶᠢ ᠬᠡᠷᠡᠭᠯᠡᠬᠦ ᠶᠢ ᠬᠥᠲᠥᠯᠥᠨ ᠵᠢᠯᠣᠭᠤᠳᠤᠨ᠎ᠠ᠂ ︽ᠠᠵᠢᠯ ᠬᠢᠪᠡᠯ ᠬᠠᠤᠯᠢ ᠶᠣᠰᠣᠭᠠᠷ︾ ᠂ ᠬᠡᠷᠡᠭ ᠶᠠᠪᠤᠳᠠᠯ ᠲᠣᠬᠢᠶᠠᠯᠳᠤᠪᠠᠯ ᠠᠷᠭ᠎ᠠ ᠡᠷᠢᠬᠦ᠂ ᠠᠰᠠᠭᠤᠳᠠᠯ ᠢ ᠰᠢᠶᠳᠪᠦᠷᠢᠯᠡᠬᠦ ᠠᠷᠭ᠎ᠠ᠂ ᠵᠥᠷᠢᠴᠡᠯ ᠢ ᠠᠷᠢᠯᠭᠠᠬᠤ  ᠳᠤ ᠬᠠᠤᠯᠢ ᠳᠤ ᠲᠦᠰᠢᠭᠯᠡᠬᠦ︾ ᠤᠬᠠᠮᠰᠠᠷ ᠢ ᠴᠢᠩᠭᠠᠳᠬᠠᠨ᠎ᠠ᠃
   ᠲᠣᠰ ᠤᠳᠠᠭᠠᠨ ᠤ ᠠᠵᠢᠯᠯᠠᠭ᠎ᠠ ᠳᠤ᠂ ᠣᠯᠠᠨ ᠲᠦᠮᠡᠨ ᠳᠤ ︽ᠦᠨᠳᠦᠰᠦᠨ ᠬᠠᠤᠯᠢ︾᠂ ︽ᠢᠷᠭᠡᠨ ᠤ ᠬᠠᠤᠯᠢ ᠶᠢᠨ ᠪᠢᠴᠢᠭ︾ ᠵᠡᠷᠭᠡ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠬᠠᠤᠯᠢ ᠲᠦᠭᠡᠮᠡᠯᠵᠢᠭᠦᠯᠬᠦ ᠨᠣᠮ ᠪᠢᠴᠢᠭ᠂ ᠬᠠᠤᠯᠢ ᠪᠠᠷ ᠵᠠᠰᠠᠬᠤ ᠤᠬᠠᠭᠤᠯᠭ᠎ᠠ ᠶᠢᠨ ᠤᠷᠢᠶ᠎ᠠ ᠯᠣᠽᠦ᠋ᠩ ᠳᠠᠷᠤᠮᠠᠯᠯᠠᠭᠰᠠᠨ ᠤᠬᠠᠭᠤᠯᠭ᠎ᠠ ᠶᠢᠨ ᠤᠭᠤᠲᠠ ᠂ ᠬᠤᠷᠮᠣᠶᠢᠪᠴᠢ ᠵᠡᠷᠭᠡ ᠬᠠᠤᠯᠢ ᠲᠦᠭᠡᠮᠡᠯᠵᠢᠭᠦᠯᠬᠦ ᠳᠤᠷᠠᠰᠬᠠᠯ ᠤᠨ ᠪᠣᠳᠠᠰ ᠨᠡᠶᠢᠲᠡ 200 ᠭᠠᠷᠤᠶ ᠬᠤᠪᠢ ︵ᠳᠡᠪᠲᠡᠷ︶ ᠢ ᠲᠠᠷᠬᠠᠭᠠᠵᠤ᠂ ᠲᠤᠬᠠᠶ ᠶᠢᠨ ᠲᠠᠯᠠᠪᠤᠷ ᠤᠨ ᠣᠯᠠᠨ ᠲᠦᠮᠡᠨ ᠤ ᠣᠷᠣᠯᠴᠠᠬᠤ ᠬᠠᠯᠠᠭᠤᠨ ᠰᠡᠳᠬᠢᠯᠭᠡ ᠣᠷᠭᠢᠯᠣᠨ ᠪᠠᠳᠠᠷᠠᠵᠤ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠰᠠᠶᠢᠨ ᠦᠷ᠎ᠡ ᠪᠦᠲᠦᠮᠵᠢ ᠣᠯᠵᠤ᠂ ᠪᠤᠤ ᠱᠢ ᠪᠠᠯᠭᠠᠰᠤᠨ ᠤ ᠬᠠᠷᠢᠶ᠎ᠠ ᠣᠷᠣᠨ ᠤ ᠣᠯᠠᠨ ᠲᠦᠮᠡᠨ ᠤ ᠦᠨᠳᠦᠰᠦᠨ ᠬᠠᠤᠯᠢ ᠶᠢ ᠴᠢᠬᠤᠯᠠᠴᠢᠯᠠᠬᠤ ᠬᠡᠮᠵᠢᠶ᠎ᠡ ᠪᠠ ᠬᠠᠤᠯᠢ ᠪᠠᠷ ᠵᠠᠰᠠᠬᠤ ᠤᠬᠠᠮᠰᠠᠷ ᠢ ᠠᠬᠢᠭᠤᠯᠵᠤ᠂ ᠠᠮᠤᠷ ᠠᠮᠤᠭᠤᠯᠠᠩ ᠪᠤᠤ ᠱᠢ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠲᠣᠭᠲᠠᠭᠤᠨ ᠪᠥᠭᠡᠳ ᠡᠮᠬᠢ ᠵᠢᠷᠤᠮ ᠲᠠᠢ ᠥᠷᠨᠢᠬᠦ ᠶᠢ ᠠᠬᠢᠭᠤᠯᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号