ᠰᠤᠷᠪᠤᠯᠵᠢᠯᠠᠭᠴᠢ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠣᠶᠢᠯᠠᠭᠠᠭᠰᠠᠨ ᠢᠶᠠᠷ᠂ | ᠣᠶᠢᠷ᠎ᠠ ᠳᠤ᠂ ᠲᠥᠪ ᠤᠨ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢᠨ ᠤᠳᠤᠷᠢᠳᠬᠤ ᠳᠤᠭᠤᠶᠢᠯᠠᠩ ᠤᠨ | ᠵᠥᠪᠰᠢᠶᠡᠷᠡᠯ ᠢᠶᠠᠷ ᠲᠥᠪ ᠤᠨ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢᠨ ᠤᠳᠤᠷᠢᠳᠬᠤ | ᠳᠤᠭᠤᠶᠢᠯᠠᠩ ᠤᠨ ᠠᠯᠪᠠᠨ ᠬᠡᠷ ︽ᠵᠡᠭᠦᠨ ᠬᠤᠶᠢᠲᠤ ᠣᠷᠣᠨ ᠤ ᠮᠥᠰᠥ ᠴᠠᠰᠤᠨ ᠤ ᠠᠵᠤ ᠠᠬᠤᠶ ᠶᠢᠨ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠵᠤ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ | ᠰᠢᠨ᠎ᠡ ᠰᠢᠪᠲᠤᠯᠤᠯᠲᠠ ᠲᠠᠢ ᠪᠤᠯᠭᠠᠬᠤ ᠬᠡᠷᠡᠭᠵᠢᠭᠦᠯᠬᠦ ᠲᠥᠰᠦᠯ︾ ︵ᠳᠣᠷᠣᠭᠰᠢ ︽ᠬᠡᠷᠡᠭᠵᠢᠭᠦᠯᠬᠦ ᠲᠥᠰᠦᠯ︾ | ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ | ︽ᠬᠡᠷᠡᠭᠵᠢᠭᠦᠯᠬᠦ ᠲᠥᠰᠦᠯ︾ ᠳᠤ ᠮᠥᠰᠥ ᠴᠠᠰᠤᠨ ᠤ ᠵᠢᠭᠤᠯᠴᠢᠯᠠᠯ᠂ ᠮᠥᠰᠥ ᠴᠠᠰᠤᠨ ᠤ ᠲᠠᠮᠢᠷ ᠤᠨ | ᠬᠥᠳᠡᠯᠭᠡᠭᠡᠨ᠂ ᠮᠥᠰᠥ ᠴᠠᠰᠤᠨ ᠤ ᠰᠣᠶᠣᠯ᠂ ᠮᠥᠰᠥ ᠴᠠᠰᠤᠨ ᠤ ᠲᠣᠨᠣᠭᠯᠠᠯ ᠵᠡᠷᠭᠡ 4 ᠲᠠᠯ᠎ᠠ ᠪᠠᠷ 15 ᠵᠤᠶᠢᠯ ᠤᠨ | ᠭᠤᠤᠯᠳᠠᠯᠭ᠎ᠠ ᠲᠠᠢ ᠡᠭᠦᠷᠭᠡ ᠪᠠ ᠪᠣᠳᠠᠲᠠᠶ ᠠᠷᠭ᠎ᠠ ᠬᠡᠮᠵᠢᠶ᠎ᠡ ᠶᠢ ᠪᠠᠶᠢᠷᠢᠯᠠᠭᠤᠯᠪᠠ᠃ | ᠵᠡᠭᠦᠨ ᠬᠤᠶᠢᠲᠤ ᠣᠷᠣᠨ ᠤ ᠠᠭᠤᠷ ᠠᠮᠢᠰᠬᠤᠯ ᠤᠨ ᠨᠥᠬᠦᠴᠡᠯ ᠵᠡᠷᠭᠡ ᠳᠤ ᠲᠦᠰᠢᠭᠯᠡᠨ᠂ ᠬᠦᠢᠲᠡᠨ ᠭᠠᠵᠠᠷ ᠤᠨ | ᠬᠡᠮᠵᠢᠯᠲᠡ᠂ ᠬᠦᠢᠲᠡᠨ ᠭᠠᠵᠠᠷ ᠤᠨ ᠬᠢᠲᠠᠳ ᠡᠮ ᠤᠨ ᠮᠠᠲ᠋ᠧᠷᠢᠶᠠᠯ᠂ ᠲᠤᠭ᠎ᠠ ᠪᠠᠷᠢᠮᠲᠠ ᠶᠢᠨ ᠲᠥᠪ ᠵᠡᠷᠭᠡ | ᠣᠨᠴᠠᠯᠢᠭᠲᠤ ᠠᠵᠤ ᠦᠶᠯᠡᠰ ᠢ ᠪᠤᠶᠢᠵᠢᠭᠤᠯᠤᠨ ᠬᠥᠭᠵᠢᠭᠦᠯᠦᠨ᠎ᠡ ᠭᠡᠪᠡ᠃ | ︽ᠬᠡᠷᠡᠭᠵᠢᠭᠦᠯᠬᠦ ᠲᠥᠰᠦᠯ︾ ᠳᠤ ᠪᠠᠰᠠ ᠴᠢᠳᠠᠪᠤᠷᠢᠲᠠᠨ ᠢ ᠬᠥᠮᠦᠵᠢᠭᠦᠯᠬᠦ᠂ ᠪᠠᠯᠠ ᠣᠷᠣᠭᠤᠯᠵᠤ ᠪᠠᠯᠠ | ᠴᠤᠬᠯᠠᠭᠤᠯᠬᠤ᠂ ᠭᠠᠵᠠᠷ ᠰᠢᠷᠣᠶ ᠶᠢᠨ ᠪᠠᠲᠤᠯᠠᠭ᠎ᠠ᠂ ᠣᠯᠠᠨ ᠤᠯᠤᠰ ᠤᠨ ᠰᠣᠯᠢᠯᠴᠠᠭ᠎ᠠ ᠵᠡᠷᠭᠡ 4 ᠲᠠᠯ᠎ᠠ ᠠᠴᠠ | ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠵᠡᠭᠦᠨ ᠬᠤᠶᠢᠲᠤ ᠣᠷᠣᠨ ᠤ ᠮᠥᠰᠥ ᠴᠠᠰᠤᠨ ᠤ | ᠠᠵᠤ ᠠᠬᠤᠶ ᠶᠢᠨ ᠬᠥᠭᠵᠢᠯᠲᠡ ᠳᠤ ᠰᠠᠶᠢᠨ ᠰᠠᠶᠢᠬᠠᠨ ᠨᠥᠬᠦᠴᠡᠯ ᠡᠭᠦᠳᠴᠦ ᠦᠭᠭᠦᠨ᠎ᠡ ᠭᠡᠪᠡ᠃ |