ᠡᠪᠦᠯ ᠤᠨ ᠤᠯᠠᠷᠢᠯ ᠤᠨ ᠲᠠᠷᠢᠶᠠᠯᠠᠩ ᠤᠨ ᠰᠡᠯᠡᠭᠦᠦ ᠴᠠᠭ ᠲᠤ ᠰᠤᠶᠤᠯ ᠤᠨ ᠬᠦᠳᠡᠯᠭᠡᠭᠡᠨ ᠶᠠᠭᠠᠷᠠᠯᠳᠠᠢ ᠪᠠᠶᠢᠨ᠎ᠠ
ᠨᠡᠶᠢᠲᠡᠯᠡᠭᠰᠡᠨ ᠴᠠᠭ᠄
2024/12/9
   ︽ᠡᠪᠦᠯ ᠶᠢᠨ ᠰᠡᠯᠡᠭᠦᠤ ᠴᠠᠭ ᠨᠢ ᠰᠤᠯᠠ ᠰᠡᠯᠡᠭᠦᠦ ᠦᠭᠡᠢ ᠪᠤᠯᠵᠤ᠂ ᠤᠬᠠᠮᠰᠠᠷ ᠠᠴᠠ ᠪᠠᠨ ᠳᠠᠷᠤᠯᠲᠠ ᠨᠡᠮᠡᠵᠦ ᠴᠠᠬᠢᠯᠭᠠᠨ ᠴᠡᠨᠡᠭᠯᠡᠨ᠎ᠡ︾᠃ ᠡᠨᠡ ᠨᠢ ᠲᠦᠴᠢᠦᠸᠠᠨ ᠰᠢᠶᠠᠨ ᠤ ᠲᠠᠷᠢᠶᠠᠴᠢᠳ ᠤᠨ ᠰᠢᠨ᠎ᠡ ᠴᠠᠭ ᠦᠶ᠎ᠡ ᠶᠢᠨ ᠬᠥᠭᠡᠭᠡᠴᠡᠯᠳᠦᠯ ᠪᠣᠯᠵᠠᠶ᠃ ᠲᠣᠰᠬᠤᠨ ᠤ ᠠᠷᠠᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠵᠦ᠂ ᠤᠯᠠᠮᠵᠢᠯᠠᠯᠲᠤ ᠰᠣᠶᠣᠯ ᠢ ᠠᠮᠢᠳᠤᠷᠠᠯ ᠳᠤ ᠣᠷᠣᠭᠤᠯᠵᠤ᠂ ᠭᠡᠷᠡᠯ ᠭᠢᠯᠪᠠᠭ᠎ᠠ ᠰᠠᠴᠤᠷᠠᠭᠤᠯᠬᠤ ᠶᠢᠨ ᠲᠥᠯᠥᠭᠡ᠃ ᠲᠦᠴᠢᠦᠸᠠᠨ ᠰᠢᠶᠠᠨ ᠤ ᠰᠣᠶᠣᠯ ᠤᠨ ᠣᠷᠳᠣᠨ ᠲᠦᠴᠢᠦᠸᠠᠨ ᠪᠠᠯᠭᠠᠰᠤᠨ ᠤ ᠬᠤᠩ ᠹᠠ ᠲᠣᠰᠬᠤᠨ ᠳᠤ ᠬᠦᠷᠴᠦ ︽ᠪᠣᠳᠠᠰ ᠤᠨ ᠪᠤᠰᠤ ᠰᠣᠶᠣᠯ ᠤᠨ ᠥᠪ ᠤᠨ ᠪᠣᠯᠪᠠᠰᠤᠷᠠᠯ ᠢ ᠬᠥᠳᠡᠭᠡ ᠲᠣᠰᠬᠤᠨ ᠳᠤ ᠬᠦᠷᠭᠡᠬᠦ︾ ᠴᠠᠭᠠᠰᠤᠨ ᠬᠠᠶᠢᠴᠢᠯᠠᠮᠠᠯ ᠤᠨ ᠤᠷ᠎ᠠ ᠮᠡᠷᠭᠡᠵᠢᠯ ᠵᠢᠴᠢ ︽ᠤᠨᠴᠠᠯᠢᠬᠳᠤ ᠰᠣᠶᠣᠯ ᠢ ᠦᠨᠳᠦᠰᠦᠨ ᠱᠠᠲᠤᠨ ᠳᠤ ᠬᠦᠷᠭᠡᠬᠦ︾ ᠡᠯ ᠷᠧᠨ ᠵᠤᠸᠠᠨ ᠤ ᠪᠣᠯᠪᠠᠰᠤᠷᠠᠭᠤᠯᠤᠯᠲᠠ ᠶᠢᠨ ᠠᠵᠢᠯᠯᠠᠭ᠎ᠠ ᠥᠷᠨᠢᠭᠦᠯᠵᠦ᠂ ᠲᠣᠰᠬᠤᠨ ᠤ ᠠᠷᠠᠳ᠂ ᠤᠳᠬ᠎ᠠ ᠤᠷᠠᠯᠢᠭ ᠤᠨ ᠪᠠᠭ᠋ᠠᠳᠠᠳ 50 ᠰᠢᠬᠠᠮ ᠬᠥᠮᠦᠨ ᠪᠣᠯᠪᠠᠰᠤᠷᠠᠯ ᠳᠤ ᠣᠷᠣᠯᠴᠠᠪᠠ᠃
   ᠪᠣᠯᠪᠠᠰᠤᠷᠠᠯ ᠤᠨ ᠳᠤᠮᠳᠠ᠂ ᠴᠠᠭᠠᠰᠤᠨ ᠬᠠᠶᠢᠴᠢᠯᠠᠮᠠᠯ ᠤᠨ ᠪᠠᠭᠰᠢ ᠡᠩ ᠲᠡᠷᠢᠭᠦᠨ ᠳᠤ ᠰᠤᠷᠤᠭᠴᠢᠳ ᠲᠤ ᠴᠠᠭᠠᠰᠤᠨ ᠬᠠᠶᠢᠴᠢᠯᠠᠮᠠᠯ ᠤᠨ ᠲᠡᠦᠬᠡᠨ ᠡᠭᠦᠰᠦᠯ᠂ ᠤᠷ᠎ᠠ ᠮᠡᠷᠭᠡᠵᠢᠯ ᠠᠷᠭ᠎ᠠ ᠪᠠᠷᠢᠯ ᠪᠠ ᠰᠣᠶᠣᠯ ᠤᠨ ᠠᠭᠤᠯᠤᠭᠳᠠᠬᠤᠨ ᠢ ᠲᠠᠶᠢᠯᠪᠤᠷᠢᠯᠠᠪᠠ᠃ ᠬᠠᠶᠢᠴᠢ ᠬᠡᠷᠡᠭᠯᠡᠬᠦ ᠠᠷᠭ᠎ᠠ ᠪᠠᠷᠢᠯ᠂ ᠬᠦᠴᠦᠯᠡᠴᠡ᠂ ᠥᠨᠴᠥᠭ ᠵᠢᠴᠢ ᠴᠠᠭᠠᠰᠤ ᠬᠠᠶᠢᠴᠢᠯᠠᠬᠤ ᠶᠠᠪᠤᠴᠠ ᠳᠤ ᠠᠩᠬᠠᠷᠬᠤ ᠵᠦᠢᠯ ᠢ ᠨᠠᠷᠢᠨ ᠨᠢᠭᠲᠠ ᠲᠠᠨᠢᠯᠴᠠᠭᠤᠯᠤᠭᠰᠠᠨ ᠤ ᠳᠠᠷᠠᠭ᠎ᠠ᠂ ᠣᠯᠠᠨ  ᠢᠶᠠᠷ ᠢᠶᠠᠨ ᠴᠥᠮ ᠥᠪᠡᠷ ᠤᠨ ᠲᠥᠰᠦᠭᠡᠯᠡᠨ ᠪᠤᠳᠤᠬᠤ ᠴᠢᠳᠠᠪᠤᠷᠢ ᠪᠠ ᠡᠭᠦᠳᠦᠨ ᠪᠦᠲᠦᠭᠡᠬᠦ ᠴᠢᠳᠠᠪᠤᠷᠢ ᠪᠠᠨ ᠪᠠᠳᠠᠷᠠᠭᠤᠯᠵᠤ᠂ ᠭᠠᠷ ᠬᠥᠳᠡᠯᠦᠨ ᠴᠠᠭᠠᠰᠤ ᠬᠠᠶᠢᠴᠢᠯᠠᠵᠤ ᠡᠬᠢᠯᠡᠪᠡ᠃ ᠨᠢᠭᠡ ᠬᠤᠤᠰ ᠤᠷᠠᠨ ᠭᠠᠷ ᠢᠶᠠᠷ ᠨᠢᠭᠡ ᠬᠡᠰᠡᠭ ᠤᠯᠠᠭᠠᠨ ᠴᠠᠭᠠᠰᠤ ᠶᠢ ᠨᠠᠷᠢᠯᠢᠭ ᠴᠠᠭᠠᠰᠤᠨ ᠬᠠᠶᠢᠴᠢᠯᠠᠮᠠᠯ ᠪᠦᠲᠦᠭᠡᠯ ᠪᠣᠯᠭᠠᠪᠠ᠃ ᠴᠠᠭᠠᠰᠤᠨ ᠬᠠᠶᠢᠴᠢᠯᠠᠮᠠᠯ  ᠤᠨ ᠪᠣᠯᠪᠠᠰᠤᠷᠠᠯ ᠤᠨ ᠳᠠᠷᠠᠭ᠎ᠠ᠂ ᠡᠯ ᠷᠧᠨ ᠵᠤᠸᠠᠨ ᠪᠣᠯᠪᠠᠰᠤᠷᠠᠯ ᠤᠨ ᠪᠠᠭᠰᠢ ᠪᠠᠰᠠ ᠡᠯ ᠷᠧᠨ ᠵᠤᠸᠠᠨ ᠤᠷᠠᠯᠢᠭ  ᠤᠨ ᠠᠴᠢ ᠬᠤᠯᠪᠣᠭᠳᠠᠯ ᠪᠠ ᠴᠢᠬᠤᠯᠠ ᠴᠢᠨᠠᠷ᠂ ᠣᠨᠴᠠᠯᠢᠭ ᠪᠠ ᠳᠠᠭᠤᠯᠠᠬᠤ ᠠᠶᠠᠯᠭᠤ ᠵᠡᠷᠭᠡ ᠣᠬᠢ ᠰᠣᠳᠣ ᠶᠢ ᠨᠠᠷᠢᠨ ᠲᠠᠶᠢᠯᠪᠤᠷᠢᠯᠠᠵᠤ᠂ ᠨᠠᠩ ᠴᠤ ᠠᠮᠢᠳᠤᠯᠢᠭ ᠣᠶᠢᠯᠠᠭᠠᠮᠵᠢᠲᠠᠶ ᠠᠷᠭ᠎ᠠ ᠮᠠᠶ᠋ᠢᠭ ᠢᠶᠠᠷ ᠣᠯᠠᠨ ᠲᠦᠮᠡᠨ ᠳᠤ ᠡᠯ ᠷᠧᠨ ᠵᠤᠸᠠᠨ ᠢ ᠵᠢᠭᠠᠬᠤ ᠳᠠᠭᠤᠯᠠᠬᠤ ᠠᠷᠭ᠎ᠠ ᠵᠢᠴᠢ ᠬᠥᠳᠡᠯᠭᠡᠭᠡᠨ ᠤ ᠠᠷᠭ᠎ᠠ ᠳᠡᠮ ᠢ ᠨᠠᠷᠢᠨ ᠲᠠᠶᠢᠯᠪᠤᠷᠢᠯᠠᠵᠠᠶ᠃
   ᠲᠣᠰᠬᠤᠨ ᠤ ᠠᠷᠠᠳ ᠶᠠᠩ ᠨᠠ᠄ ︽ᠥᠨᠥᠳᠦᠷ ᠡᠨᠡ ᠬᠦ ᠠᠵᠢᠯᠯᠠᠭ᠎ᠠ ᠳᠤ ᠣᠷᠣᠯᠴᠠᠭᠰᠠᠨ ᠳᠠᠭᠠᠨ ᠮᠠᠰᠢ ᠪᠠᠶᠠᠷᠯᠠᠵᠤ ᠪᠠᠶᠢᠨ᠎ᠠ᠂ ᠡᠨᠡ ᠬᠦ ᠠᠵᠢᠯᠯᠠᠭ᠎ᠠ ᠶᠢᠨ ᠪᠢᠳᠡᠨ ᠳᠤ ᠠᠪᠴᠢᠷᠠᠵᠤ ᠥᠭᠭᠦᠭᠰᠡᠨ ᠴᠠᠭᠠᠰᠤᠨ ᠬᠠᠶᠢᠴᠢᠯᠠᠮᠠᠯ ᠢ ᠪᠢᠳᠡ ᠥᠩᠭᠡᠷᠡᠭᠰᠡᠨ ᠳᠤ ᠴᠦ ᠰᠤᠷᠴᠤ ᠥᠩᠭᠡᠷᠡᠭᠰᠡᠨ ᠥᠬᠡᠶ᠂ ᠣᠲᠣ ᠡᠨᠡ ᠡᠳᠦᠷ ᠤᠨ ᠪᠠᠭᠰᠢ ᠶᠢᠨ ᠳᠠᠭᠠᠭᠤᠯᠭ᠎ᠠ ᠳᠣᠤᠷ᠎ᠠ ᠪᠢᠳᠡ ᠪᠠᠰᠠ ᠨᠡᠯᠢᠶᠡᠳ ᠰᠠᠶᠢᠨ ᠰᠤᠷᠴᠤ᠂ ᠴᠥᠮ ᠮᠠᠰᠢ ᠪᠠᠶᠠᠷᠲᠠᠶ ᠪᠠᠶᠢᠨ᠎ᠠ᠂ ᠡᠯ ᠷᠧᠨ ᠵᠤᠸᠠᠨ ᠤ ᠪᠣᠯᠪᠠᠰᠤᠷᠠᠭᠤᠯᠤᠯ ᠴᠤ ᠮᠠᠰᠢ ᠰᠠᠶᠢᠨ ᠪᠠᠶᠢᠨ᠎ᠠ᠂ ᠪᠢᠳᠡᠨ ᠳᠤ ᠡᠯ ᠷᠧᠨ ᠵᠤᠸᠠᠨ ᠤ ᠤᠷ᠎ᠠ ᠮᠡᠷᠭᠡᠵᠢᠯ ᠢ ᠡᠵᠡᠮᠰᠢᠭᠦᠯᠦᠭᠰᠡᠨ ᠨᠢ ᠴᠥᠮ ᠪᠢᠳᠡᠨ ᠤ ᠰᠤᠷᠤᠯᠴᠠᠭᠤᠰᠢᠲᠠᠶ᠂ ᠪᠢᠳᠡᠨ ᠳᠤ ᠮᠠᠰᠢ ᠶᠡᠭᠡ ᠠᠰᠢᠭ ᠬᠦᠷᠲᠡᠭᠡᠭᠰᠡᠨ ᠶᠤᠮ ︾ ᠭᠡᠵᠡᠢ᠃
   ᠲᠦᠴᠢᠦᠸᠠᠨ ᠪᠠᠯᠭᠠᠰᠤᠨ ᠤ ᠬᠤᠩ ᠹᠠ ᠲᠣᠰᠬᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠲᠡᠷᠢᠭᠦᠯᠡᠭᠴᠢ ᠯᠢᠶᠠᠨ ᠶᠠ ᠯᠠᠨ᠄ ︽ᠰᠣᠶᠣᠯ ᠢ ᠬᠥᠳᠡᠭᠡ ᠲᠣᠰᠬᠤᠨ ᠳᠤ ᠬᠦᠷᠭᠡᠬᠦ᠂ ᠪᠣᠳᠠᠰ ᠤᠨ ᠪᠤᠰᠤ ᠰᠣᠶᠣᠯ ᠤᠨ ᠥᠪ ᠤᠨ ᠴᠠᠭᠠᠰᠤᠨ ᠬᠠᠶᠢᠴᠢᠯᠠᠮᠠᠯ ᠤᠨ ᠤᠷᠠᠯᠢᠭ ᠪᠠ ᠡᠯ ᠷᠧᠨ ᠵᠤᠸᠠᠨ ᠤ ᠪᠣᠯᠪᠠᠰᠤᠷᠠᠯ ᠤᠨ ᠠᠩᠭᠢ ᠥᠨᠥᠳᠦᠷ ᠮᠠᠨ ᠤ ᠬᠤᠩ ᠹᠠ ᠲᠣᠰᠬᠤᠨ ᠳᠤ ᠢᠷᠡᠵᠦ᠂ ᠬᠤᠩ ᠹᠠ ᠲᠣᠰᠬᠤᠨ ᠤ ᠠᠷᠠᠳ ᠮᠠᠰᠢ ᠪᠠᠶᠠᠷᠯᠠᠵᠤ᠂ ᠲᠡᠳᠡᠨ ᠤ ᠤᠷᠮ᠎ᠠ ᠵᠣᠷᠢᠭ ᠮᠠᠰᠢ ᠣᠷᠭᠢᠯᠵᠤ ᠪᠠᠶᠢᠨ᠎ᠠ᠂ ᠡᠶᠢᠮᠦ ᠠᠵᠢᠯᠯᠠᠭ᠎ᠠ ᠶᠢ ᠬᠤᠩ ᠹᠠ ᠲᠣᠰᠬᠤᠨ ᠳᠤ ᠢᠯᠡᠭᠦᠬᠡᠨ ᠬᠢᠬᠦ ᠶᠢ ᠪᠢ ᠬᠦᠰᠡᠵᠦ ᠪᠠᠶᠢᠨ᠎ᠠ᠃︾ ᠭᠡᠵᠡᠢ᠃    ᠲᠤᠰ ᠤᠳᠠᠭ᠎ᠠ ᠶᠢᠨ ᠪᠣᠯᠪᠠᠰᠤᠷᠠᠯ ᠨᠢ ᠤᠯᠠᠮᠵᠢᠯᠠᠯᠲᠤ ᠰᠣᠶᠣᠯ ᠢ ᠪᠠᠳᠠᠷᠠᠭᠤᠯᠬᠤ ᠪᠠᠷ ᠬᠦᠴᠦᠯᠡᠵᠦ᠂ ᠲᠦᠴᠢᠦᠸᠠᠨ ᠰᠢᠶᠠᠨ ᠤ ᠥᠷᠭᠡᠨ ᠤᠯᠠᠨ ᠲᠦᠮᠡᠨ ᠤ ᠠᠵᠢᠯ ᠤᠨ ᠴᠢᠯᠥᠭᠡᠨ ᠤ ᠰᠣᠶᠣᠯ ᠤᠨ ᠠᠮᠢᠳᠤᠷᠠᠯ ᠢ ᠨᠡᠩ ᠡᠯᠪᠡᠭ ᠪᠠᠶᠠᠯᠢᠭ ᠪᠣᠯᠭᠠᠵᠤ᠂ ᠤᠯᠠᠨ ᠲᠦᠮᠡᠨ ᠤ ᠠᠮᠢᠳᠤᠷᠠᠯ ᠢ ᠪᠠᠶᠠᠯᠢᠭᠵᠢᠭᠤᠯᠵᠤ᠂ ᠤᠯᠠᠨ ᠲᠦᠮᠡᠨ ᠤ ᠬᠤᠭᠤᠷᠣᠨᠳᠣᠬᠢ ᠵᠠᠢ ᠶᠢ ᠤᠢᠢᠷᠠᠳᠤᠭᠤᠯᠵᠤ᠂ ᠭᠦᠨ ᠵᠤᠵᠠᠭᠠᠨ ᠰᠣᠶᠣᠯ ᠤᠨ ᠠᠭᠤᠷ ᠠᠮᠢᠰᠬᠤᠯ ᠢ ᠪᠤᠢ ᠪᠣᠯᠭᠠᠵᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠪᠣᠯᠤᠨ ᠵᠢᠷᠭᠠᠯᠲᠤ ᠲᠦᠷᠦᠭᠳᠡᠯ ᠢ ᠳᠡᠭᠡᠭᠰᠢᠯᠡᠭᠦᠯᠪᠡ᠃
   ᠲᠦᠴᠢᠦᠸᠠᠨ ᠪᠠᠯᠭᠠᠰᠤᠨ ᠤ ᠰᠣᠶᠣᠯ ᠤᠨ ᠥᠷᠲᠡᠭᠡᠨ ᠤ ᠳᠠᠷᠤᠭ᠎ᠠ ᠰᠦᠨ ᠫᠧᠩ ᠸᠧᠢ᠄ ︽ᠡᠨᠡ ᠵᠢᠯ᠂ ᠲᠦᠴᠢᠦᠸᠠᠨ ᠪᠠᠯᠭᠠᠰᠤ ᠪᠣᠳᠠᠰ ᠤᠨ ᠪᠤᠰᠤ ᠰᠣᠶᠣᠯ ᠤᠨ ᠥᠪ ᠤᠨ ᠪᠣᠯᠪᠠᠰᠤᠷᠠᠯ ᠢ ᠬᠥᠳᠡᠭᠡ ᠲᠣᠰᠬᠤᠨ ᠳᠤ ᠣᠷᠣᠭᠤᠯᠬᠤ᠂ ᠤᠨᠴᠠᠯᠢᠬᠳᠤ ᠰᠣᠶᠣᠯ ᠢ ᠦᠨᠳᠦᠰᠦᠨ ᠱᠠᠲᠤᠨ ᠳᠤ ᠬᠦᠷᠭᠡᠬᠦ ᠵᠡᠷᠭᠡ ᠤᠨᠴᠠᠯᠢᠬᠳᠤ ᠰᠣᠶᠣᠯ ᠤᠨ ᠪᠣᠯᠪᠠᠰᠤᠷᠠᠯ ᠤᠨ ᠠᠩᠬᠢ ᠶᠢ ᠨᠡᠶᠢᠳᠡ 78 ᠤᠳᠠᠭ᠎ᠠ ᠵᠣᠬᠢᠶᠠᠨ ᠪᠠᠶᠢᠭᠤᠯᠵᠤ᠂ 500 ᠭᠠᠷᠤᠢ ᠬᠥᠮᠦᠨ ᠠᠰᠢᠭ ᠬᠦᠷᠳᠡᠵᠤ᠂ ᠤᠯᠠᠨ ᠲᠦᠮᠡᠨ ᠤ ᠤᠶᠤᠨ ᠰᠠᠨᠠᠭ᠎ᠠ ᠰᠣᠶᠣᠯ ᠤᠨ ᠠᠮᠢᠳᠤᠷᠠᠯ ᠤᠨ ᠲᠦᠪᠰᠢᠨ ᠢ ᠳᠡᠭᠡᠭᠰᠢᠯᠡᠭᠦᠯᠵᠦ᠂ ᠰᠢᠯᠢᠳᠡᠭ ᠤᠯᠠᠮᠵᠢᠯᠠᠯᠲᠤ ᠪᠢᠴᠢᠭ ᠮᠠᠲ᠋ᠧᠷᠢᠶᠠᠯ ᠢ ᠲᠦᠭ ᠲᠦᠮᠡᠨ ᠡᠷᠤᠬᠡ ᠳᠤ ᠬᠦᠷᠭᠡᠪᠡ︾ ᠭᠡᠵᠡᠢ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号