ᠲᠦᠴᠢᠦᠸᠠᠨ ᠰᠢᠶᠠᠨ 2024 ᠣᠨ ᠤ ᠪᠥᠬᠦ ᠰᠢᠶᠠᠨ ᠤ ᠭᠤᠤᠯᠳᠠᠯᠭ᠎ᠠ ᠲᠠᠢ ᠠᠵᠢᠯ ᠢ ᠪᠣᠳᠠᠲᠠᠶ ᠲᠣᠬᠢᠷᠠᠭᠤᠯᠤᠨ ᠪᠠᠶᠢᠷᠢᠯᠠᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/2/18
  2 ᠰᠠᠷ᠎ᠠ ᠶᠢᠨ 18 ᠤ ᠡᠳᠦᠷ᠂ ᠬᠥᠬᠡ ᠯᠣᠣ ᠵᠢᠯ ᠤᠨ ᠠᠩᠬᠠᠳᠠᠭᠴᠢ ᠠᠵᠢᠯᠯᠠᠬᠤ ᠡᠳᠦᠷ ᠲᠤ᠂ ᠲᠦᠴᠢᠦᠸᠠᠨ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠡᠷᠡ ᠳᠠᠷᠤᠶ ᠳᠤᠨᠢ 《 ᠠᠮᠢᠳᠤ ᠪᠣᠳᠠᠰ ᠤᠨ ᠴᠠᠭ 》 ᠲᠤ ᠲᠣᠬᠢᠷᠠᠭᠤᠯᠤᠯᠲᠠ ᠬᠢᠵᠦ᠂ 《 ᠠᠩᠬᠠᠨ ᠤ ᠰᠢᠲᠠᠷ᠎ᠠ 》 ᠶᠢ ᠪᠥᠬᠦ ᠬᠦᠴᠦᠨ ᠢᠶᠠᠷ ᠢᠶᠠᠨ ᠰᠠᠶᠢᠲᠤᠷ ᠲᠠᠯᠪᠢᠵᠤ᠂ ᠪᠣᠳᠠᠲᠠᠶ ᠶᠢ ᠡᠷᠬᠢᠮᠯᠡᠨ ᠥᠨᠳᠥᠷ ᠪᠦᠲᠦᠮᠵᠢᠲᠡᠶ ᠪᠠᠶᠢᠬᠤ᠂ ᠳᠠᠷᠤᠭᠠᠰᠤ ᠶᠢ ᠬᠥᠩᠭᠡᠷᠡᠭᠦᠯᠵᠦ ᠴᠢᠳᠠᠪᠤᠷᠢ ᠣᠯᠭᠤᠬᠤ ᠱᠠᠭᠠᠷᠳᠠᠯᠭ᠎ᠠ ᠶᠣᠰᠣᠭᠠᠷ᠂ 1 ᠡᠳᠦᠷ ᠤᠨ ᠴᠠᠭ ᠢ ᠲᠥᠪᠯᠡᠷᠡᠭᠦᠯᠦᠨ 2024 ᠣᠨ ᠤ ᠪᠥᠬᠦ ᠰᠢᠶᠠᠨ ᠤ ᠭᠤᠤᠯᠳᠠᠯᠭ᠎ᠠ ᠲᠠᠢ ᠠᠵᠢᠯ ᠢ ᠪᠣᠳᠠᠲᠠᠶ ᠲᠣᠬᠢᠷᠠᠭᠤᠯᠤᠨ ᠪᠠᠶᠢᠷᠢᠯᠠᠭᠤᠯᠬᠤ ᠬᠤᠷᠠᠯ ᠬᠤᠷᠠᠯᠳᠤᠭᠤᠯᠵᠤ᠂ ᠰᠢᠶᠠᠨ ᠤ ᠨᠠᠮ  ᠤᠨ ᠬᠤᠷᠢᠶᠠᠨ ᠤ ᠱᠦᠵᠢ ᠵᠠᠩ ᠱᠤᠸᠠᠩ ᠴᠧᠩ ᠶᠠᠷᠢᠶ᠎ᠠ ᠲᠠᠯᠪᠢᠵᠤ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠸᠠᠩ ᠶᠦᠩ ᠵᠢᠶᠠ ᠬᠤᠷᠠᠯ ᠡᠷᠭᠢᠯᠡᠪᠡ  ᠃ ᠰᠢᠶᠠᠨ ᠤ ᠳᠥᠷᠪᠡᠨ ᠶᠡᠭᠡ ᠪᠠᠭ ᠵᠢᠴᠢ ᠪᠦᠬᠦ ᠰᠢᠶᠠᠨ ᠭᠠᠵᠠᠷ ᠤᠨ ᠲᠡᠰ ᠤᠨ ᠤᠳᠤᠷᠢᠳᠤᠯᠭ᠎ᠠ᠂ ᠰᠢᠶᠠᠨ ᠤ ᠰᠢᠭᠤᠳ ᠬᠠᠷᠢᠶ᠎ᠠ ᠰᠠᠯᠠᠭ᠎ᠠ ᠮᠥᠴᠢᠷ᠂ ᠡᠯ᠎ᠡ ᠰᠢᠶᠠᠩ ᠪᠠᠯᠭᠠᠰᠤ᠂ ᠰᠢᠶᠠᠨ ᠤ ᠨᠠᠮ ᠤᠨ ᠬᠤᠷᠢᠶ᠎ᠠ ᠰᠢᠶᠠᠨ ᠤ ᠵᠠᠰᠠᠭ ᠤᠨ ᠣᠷᠳᠣᠨ ᠤ ᠡᠯ᠎ᠡ ᠠᠵᠢᠯ ᠤᠨ ᠲᠤᠰᠬᠠᠶ ᠠᠩᠭᠢ ᠶᠢᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ  ᠃    ᠬᠤᠷᠠᠯ ᠠᠴᠠ 《 2024 ᠣᠨ ᠤ ᠣᠯᠠᠨ ᠨᠡᠶᠢᠲᠡ ᠶᠢᠨ ᠪᠠᠯᠠ ᠣᠷᠣᠭᠤᠯᠤᠯᠲᠠ ᠶᠢᠨ ᠲᠥᠷᠥᠯ ᠵᠦᠶᠯ ᠤᠨ ᠨᠠᠷᠢᠨ ᠲᠠᠩᠰᠠ 》᠂ 《 ᠲᠦᠴᠢᠦᠸᠠᠨ ᠰᠢᠶᠠᠨ ᠤ 2024 ᠣᠨ ᠳᠤ ᠬᠡᠷᠡᠭᠵᠢᠭᠦᠯᠬᠦ ᠪᠠᠷ ᠲᠣᠭᠲᠠᠵᠤ᠂ ᠲᠥᠷᠥᠯ ᠵᠦᠶᠯ ᠤᠨ ᠡᠮᠦᠨᠡᠬᠢ ᠬᠤᠭᠤᠴᠠᠭᠠᠨ ᠤ ᠭᠠᠷ ᠭᠦᠶᠴᠡᠳᠬᠡᠯ ᠤᠨ ᠨᠠᠷᠢᠨ ᠲᠠᠩᠰᠠ 》᠂ 《 ᠭᠤᠤᠯᠳᠠᠯᠭ᠎ᠠ ᠲᠠᠢ ᠠᠵᠢᠯ᠂ ᠭᠤᠤᠯᠳᠠᠯᠭ᠎ᠠ ᠲᠠᠢ ᠢᠨᠵᠧᠨᠧᠷᠢᠩ᠂ ᠴᠢᠬᠤᠯᠠ ᠶᠡᠭᠡ ᠲᠥᠷᠥᠯ ᠵᠦᠶᠯ ᠢ ᠠᠬᠢᠭᠤᠯᠬᠤ ᠲᠥᠯᠥᠪᠯᠡᠭᠡ ᠶᠢᠨ ᠬᠦᠰᠦᠨᠦᠭᠲᠦ 》᠂ 《 ᠲᠠᠪᠤᠨ ᠶᠡᠭᠡ ᠡᠭᠦᠷᠭᠡ ᠶᠢᠨ ᠠᠵᠢᠯ ᠤᠨ ᠨᠠᠷᠢᠨ ᠲᠠᠩᠰᠠ 》᠂ 《 ᠵᠢᠷᠭᠤᠭᠠᠨ ᠢᠨᠵᠧᠨᠧᠷᠢᠩ ᠤᠨ ᠤᠳᠤᠷᠢᠳᠬᠤ ᠳᠤᠭᠤᠶᠢᠯᠠᠩ ᠤᠨ ᠪᠢᠴᠢᠭ ᠮᠠᠲ᠋ᠧᠷᠢᠶᠠᠯ 》᠂ 《 ᠠᠷᠠᠯᠵᠢᠶᠠᠴᠢᠨ ᠤᠷᠢᠵᠤ ᠪᠠᠯᠠ ᠣᠷᠣᠭᠤᠯᠬᠤ 〈 ᠵᠠᠷᠯᠠᠯ ᠨᠡᠶᠢᠲᠡᠯᠡᠵᠦ ᠲᠡᠶᠢᠨ ᠳᠤ ᠤᠷᠢᠬᠤ + ᠭᠤᠤᠯ ᠮᠠᠷᠱᠠᠯ ᠮᠣᠷᠳᠠᠬᠤ 〉 ᠲᠤᠰᠬᠠᠶ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ 》᠂ 《 ᠲᠦᠴᠢᠦᠸᠠᠨ ᠰᠢᠶᠠᠨ ᠤ 2024 ᠣᠨ ᠤ ᠭᠤᠤᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ 》 ᠶᠢ ᠳᠠᠷᠤᠮᠠᠯᠯᠠᠨ ᠲᠠᠷᠬᠠᠭᠠᠪᠠ  ᠃ ᠰᠢᠶᠠᠨ ᠤ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠨ᠂ ᠰᠢᠶᠠᠨ ᠤ ᠵᠠᠰᠠᠭ ᠤᠨ ᠣᠷᠳᠣᠨ ᠤ ᠡᠯ᠎ᠡ ᠳᠡᠳ᠋ ᠰᠢᠶᠠᠨ ᠤ ᠳᠠᠷᠤᠭ᠎ᠠ ᠨᠠᠷ ᠲᠤᠰ ᠲᠤᠰ  ᠤᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠪᠠᠨ 2024 ᠣᠨ ᠤ ᠭᠤᠣᠯᠳᠠᠯᠭ᠎ᠠ ᠲᠠᠢ ᠠᠵᠢᠯ᠂ ᠭᠤᠣᠯᠳᠠᠯᠭ᠎ᠠ ᠲᠠᠢ ᠲᠦᠷᠦᠯ ᠵᠦᠢᠯ᠂ ᠭᠤᠣᠯᠳᠠᠯᠭ᠎ᠠ ᠲᠠᠢ ᠢᠨᠵᠧᠨᠧᠷᠢᠩ ᠵᠡᠷᠭᠡ ᠠᠭᠤᠯᠭ᠎ᠠ ᠶᠢ ᠲᠤᠬᠢᠷᠠᠭᠤᠯᠤᠨ ᠪᠠᠶᠢᠷᠢᠯᠠᠭᠤᠯᠪᠠ  ᠃    ᠬᠤᠷᠠᠯ ᠠᠴᠠ᠂ ᠣᠪᠣᠷ ᠢᠶᠠᠨ ᠲᠥᠪ ᠪᠣᠯᠭᠠᠵᠤ᠂ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ  ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠪᠡᠶ᠎ᠡ ᠪᠠᠷ ᠢᠶᠠᠨ ᠣᠷᠣᠯᠴᠠᠨ ᠬᠢᠵᠦ᠂ ᠨᠢᠭᠡ ᠱᠠᠲᠤ ᠨᠢ ᠨᠢᠭᠡ ᠱᠠᠲᠤ ᠪᠠᠨ ᠬᠠᠷᠠᠵᠤ᠂ ᠨᠢᠭᠡ ᠱᠠᠲᠤ ᠨᠢ ᠨᠢᠭᠡ ᠱᠠᠲᠤ  ᠪᠠᠨ ᠳᠠᠭᠠᠭᠤᠯᠤᠨ ᠬᠢᠵᠦ᠂ ᠪᠦᠬᠦ ᠰᠢᠶᠠᠨ ᠤ ᠺᠠᠳ᠋ᠷᠴᠤᠳ ᠲᠤ ᠦᠯᠢᠭᠡᠷ ᠳᠠᠭᠤᠷᠢᠶᠠᠯ ᠪᠣᠯᠵᠤ᠂ ᠦᠯᠢᠭᠡᠷ ᠳᠠᠭᠤᠷᠢᠶᠠᠯ ᠪᠣᠯᠵᠤ᠂ ᠺᠠᠳ᠋ᠷ ᠤᠨ ᠡᠩᠨᠡᠭᠡᠨ ᠤ ᠠᠵᠢᠯ ᠬᠢᠵᠦ ᠠᠳᠠᠯ ᠦᠢᠯᠡᠰ ᠴᠣᠭᠴᠠᠯᠠᠬᠤ ᠢᠳᠡᠪᠬᠢᠵᠢᠯ ᠢ ᠭᠦᠢᠴᠡᠳ ᠳᠠᠶᠢᠴᠢᠯᠠᠨ᠂ ᠰᠢᠶᠠᠨ ᠤ ᠪᠦᠰᠡ ᠶᠢᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠪᠡᠷᠬᠡ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠵᠦ᠂ ᠣᠯᠠᠨ ᠲᠦᠮᠡᠨ ᠤ ᠠᠩᠬᠠᠷᠴᠤ ᠪᠠᠶᠢᠭ᠎ᠠ ᠬᠠᠯᠠᠭᠤᠨ ᠴᠡᠭ ᠤᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠡᠯ᠎ᠡ ᠵᠦᠢᠯ ᠤᠨ ᠠᠵᠢᠯ ᠢ ᠪᠣᠳᠠᠲᠠᠢ ᠪᠥᠭᠡᠳ ᠨᠠᠷᠢᠯᠢᠭ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ  ᠃ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠠᠵᠢᠯ ᠤᠨ ᠬᠠᠷᠢᠭᠤᠴᠠᠯᠭ᠎ᠠ ᠪᠠᠨ ᠪᠠᠷᠢᠮᠲᠠᠯᠠᠬᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ᠂ ᠠᠵᠢᠯ ᠤᠨ ᠬᠠᠷᠢᠭᠤᠴᠠᠯᠭ᠎ᠠ ᠪᠠᠨ ᠡᠭᠦᠷᠭᠡᠯᠡᠬᠦ ᠶᠢ ᠦᠨᠡᠨ ᠬᠦ ᠪᠡᠶᠡᠯᠡᠭᠦᠯᠵᠦ᠂《 ᠬᠦᠯᠢᠶᠡᠵᠦ ᠳᠡᠶᠢᠯᠬᠦ ᠦᠭᠡᠢ᠂ ᠰᠠᠭᠤᠵᠤ ᠳᠡᠶᠢᠯᠬᠦ ᠦᠭᠡᠢ᠂ ᠰᠠᠶᠢᠨ ᠤᠨᠲᠠᠵᠤ ᠳᠡᠶᠢᠯᠬᠦ ᠦᠭᠡᠢ᠂ ᠨᠣᠶᠢᠷ ᠬᠤᠭᠤᠯᠠ ᠦᠭᠡᠢ 》ᠤᠷᠤᠭᠰᠢᠯᠠᠨ ᠲᠠᠪᠰᠢᠬᠤ ᠵᠣᠷᠢᠭ ᠰᠠᠨᠠᠭ᠎ᠠ ᠪᠠᠷ᠂《ᠡᠨᠡ ᠡᠳᠦᠷ ᠬᠡᠳᠦᠢ ᠤᠷᠤᠢ ᠪᠠᠶᠢᠭᠰᠠᠨ ᠴᠤ ᠡᠷᠲᠡ᠂ ᠮᠠᠷᠭᠠᠰᠢ ᠬᠡᠳᠦᠢ ᠡᠷᠲᠡ ᠪᠠᠶᠢᠭᠰᠠᠨ ᠴᠤ ᠤᠷᠤᠢ 》 ᠠᠵᠢᠯᠯᠠᠬᠤ ᠣᠪᠣᠷ ᠢᠶᠠᠷ᠂ 《 ᠡᠬᠢᠯᠡᠯᠲᠡ ᠪᠣᠯ ᠳᠠᠷᠤᠢ ᠰᠢᠪᠲᠤᠯᠤᠯᠲᠠ ᠮᠥᠨ᠂ ᠡᠬᠢᠯᠡᠯᠲᠡ ᠪᠣᠯ ᠳᠠᠷᠤᠢ ᠰᠢᠢᠳᠪᠦᠷᠢᠲᠦ ᠳᠠᠶᠢᠯᠠᠯᠳᠤᠭᠠᠨ ᠮᠥᠨ 》ᠭᠡᠬᠦ ᠲᠡᠮᠡᠴᠡᠯ ᠤᠨ ᠪᠠᠶᠢᠳᠠᠯ ᠢᠶᠠᠷ ᠴᠠᠭ ᠢ ᠠᠮᠵᠢᠨ ᠲᠦᠷᠭᠡᠨ ᠬᠢᠵᠦ᠂ ᠶᠡᠭᠡ ᠪᠠᠷ ᠠᠵᠢᠯᠯᠠᠵᠤ ᠲᠦᠷᠭᠡᠨ ᠤᠷᠤᠭᠰᠢᠯᠠᠵᠤ᠂ ᠡᠷᠡᠯᠬᠡᠭᠯᠡᠨ ᠲᠡᠮᠡᠴᠡᠬᠦ ᠬᠡᠷᠡᠭᠲᠡᠢ᠃ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠬᠡᠷᠡᠭᠲᠡᠢ  ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ 《 ᠨᠢᠭᠡᠳᠦᠭᠡᠷ ᠲᠤ ᠣᠷᠣᠵᠤ ᠳᠡᠶᠢᠯᠬᠦ ᠥᠬᠡᠶ ᠪᠣᠯ ᠳᠠᠷᠤᠶ ᠬᠤᠴᠣᠷᠤᠩᠭᠤᠶ ᠪᠠᠶᠢᠬᠤ᠂ ᠨᠢᠭᠡᠳᠦᠭᠡᠷ ᠲᠤ ᠣᠷᠣᠵᠤ ᠳᠡᠶᠢᠯᠬᠦ ᠥᠬᠡᠶ ᠪᠣᠯ ᠳᠠᠷᠤᠶ ᠬᠤᠴᠣᠷᠤᠩᠭᠤᠶ ᠪᠠᠶᠢᠬᠤ 》ᠣᠶᠢᠯᠠᠭᠠᠭᠳᠠᠬᠤᠨ ᠢ ᠢᠮᠠᠭᠲᠠ ᠪᠠᠲᠤ ᠪᠣᠶ ᠪᠣᠯᠭᠠᠵᠤ᠂《 ᠢᠯᠡᠭᠦᠦ ᠬᠢᠵᠦ ᠳᠤᠲᠠᠭᠤ ᠬᠢᠵᠦ ᠪᠠᠶᠢᠬᠤ ᠨᠢ ᠠᠳᠠᠯᠢ ᠥᠬᠡᠶ ᠪᠠᠶᠢᠬᠤ᠂ ᠰᠠᠶᠢᠨ ᠬᠢᠵᠦ ᠮᠠᠭᠤ ᠬᠢᠵᠦ ᠪᠠᠶᠢᠬᠤ ᠨᠢ ᠠᠳᠠᠯᠢ ᠥᠬᠡᠶ ᠪᠠᠶᠢᠬᠤ 》 ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠡᠷᠢᠭᠦᠨ ᠤ ᠬᠢ ᠪᠣᠯᠬᠤ ᠪᠠᠷ ᠴᠢᠷᠮᠠᠶᠢᠬᠤ ᠢᠲᠡᠭᠡᠯ ᠵᠣᠷᠢᠭ ᠪᠠ ᠰᠥᠰᠥ ᠵᠣᠷᠢᠭ ᠢᠶᠠᠷ᠂ ᠲᠡᠷᠢᠭᠦᠨ ᠳᠤ ᠣᠷᠣᠬᠤ ᠡᠷᠴᠢ ᠵᠣᠷᠢᠭ ᠪᠠ ᠬᠠᠷᠠᠯᠲᠠ ᠪᠣᠯᠭᠠᠵᠤ᠂ ᠡᠯ᠎ᠡ ᠵᠦᠶᠯ  ᠤᠨ ᠠᠵᠢᠯ ᠤᠨ ᠡᠭᠦᠷᠭᠡ ᠪᠠᠨ ᠴᠢᠨᠠᠷ ᠰᠠᠶᠢᠲᠠᠶ᠂ ᠥᠨᠳᠥᠷ ᠦᠷ᠎ᠡ ᠪᠦᠲᠦᠮᠵᠢᠲᠡᠶ ᠪᠠᠷ ᠰᠠᠶᠢᠲᠤᠷ ᠪᠡᠶᠡᠯᠡᠭᠦᠯᠵᠦ᠂ ᠪᠥᠬᠦ ᠬᠦᠴᠦᠨ ᠢᠶᠠᠷ ᠢᠶᠠᠨ ᠡᠯ᠎ᠡ ᠵᠦᠶᠯ ᠤᠨ ᠠᠵᠢᠯ ᠦᠶᠯᠡᠰ ᠢ ᠰᠠᠶᠢᠲᠤᠷ ᠬᠢᠵᠦ᠂ ᠦᠷ᠎ᠡ ᠪᠦᠲᠦᠮᠵᠢ ᠭᠠᠷᠭᠠᠬᠤ  ᠪᠠᠷ ᠴᠢᠷᠮᠠᠶᠢᠵᠤ᠂ ᠲᠣᠪᠣᠶᠢᠮ᠎ᠠ ᠪᠤᠯᠠᠭ ᠤᠨ ᠲᠦᠪᠰᠢᠨ᠂ ᠲᠣᠪᠣᠶᠢᠮ᠎ᠠ ᠪᠤᠯᠠᠭ ᠤᠨ ᠪᠠᠷᠢᠮᠵᠢᠶ᠎ᠠ᠂ ᠲᠣᠪᠣᠶᠢᠮ᠎ᠠ ᠪᠤᠯᠠᠭ  ᠢ ᠴᠢᠷᠮᠠᠶᠢᠨ ᠡᠭᠦᠳᠬᠦ ᠬᠡᠷᠡᠭᠲᠡᠶ᠃ ᠪᠦᠯᠬᠦᠮᠳᠡᠨ ᠬᠠᠮᠵᠢᠯᠴᠠᠵᠤ᠂ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ  ᠃ ᠪᠦᠬᠦ ᠰᠢᠶᠠᠨ ᠳᠠᠶᠠᠭᠠᠷ ᠢᠶᠠᠨ ᠳᠤᠤᠭᠠᠷᠪᠠᠯ ᠲᠠᠭᠤ ᠨᠢᠭᠡᠲᠡᠢ᠂ ᠳᠤᠭᠲᠤᠷᠪᠠᠯ ᠬᠦᠴᠦ ᠨᠢᠭᠡᠲᠡᠢ ᠪᠠᠶᠢᠵᠤ᠂ ᠨᠡᠪᠲᠡᠷᠡᠯᠴᠡᠭᠡ ᠪᠠᠨ ᠴᠢᠩᠭᠠᠳᠬᠠᠨ᠂ ᠬᠠᠷᠢᠯᠴᠠᠨ ᠳᠡᠮᠵᠢᠵᠦ᠂ ᠪᠦᠬᠦ ᠰᠢᠶᠠᠨ ᠳᠤ《 ᠨᠢᠭᠡ ᠰᠡᠳᠬᠢᠯ᠂ ᠨᠢᠭᠡ ᠡᠷᠴᠢ᠂ ᠨᠢᠭᠡ ᠬᠥᠯᠭᠡ ᠰᠢᠳᠠᠷ᠎ᠠ 》 ᠭᠡᠬᠦ ᠠᠵᠢᠯ ᠬᠢᠵᠦ ᠦᠢᠯᠡᠰ ᠪᠤᠰᠬᠠᠬᠤ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠃ ᠡᠭᠦᠨ ᠤ ᠬᠠᠮᠲᠤ᠂《 ᠹᠷᠣᠨᠲ ᠨᠢᠭᠡᠪᠦᠷᠢ ᠨᠢ ᠴᠥᠮ ᠭᠤᠣᠯ ᠲᠠᠶᠢᠨ ᠤ ᠲᠠᠯᠠᠪᠤᠷ ᠮᠥᠨ᠂ ᠰᠠᠯᠠᠭ᠎ᠠ ᠮᠥᠴᠢᠷ ᠨᠢᠭᠡᠪᠦᠷᠢ ᠨᠢ ᠴᠥᠮ ᠭᠤᠣᠯ ᠬᠦᠴᠦᠨ ᠴᠡᠷᠢᠭ ᠮᠥᠨ᠂ ᠬᠥᠮᠦᠨ ᠨᠢᠭᠡᠪᠦᠷᠢ ᠴᠥᠮ ᠡᠵᠡᠨ ᠬᠥᠮᠦᠨ ᠮᠥᠨ 》ᠭᠡᠬᠦ ᠤᠬᠠᠮᠰᠠᠷ ᠢ ᠪᠠᠲᠤ ᠪᠤᠢ ᠪᠣᠯᠭᠠᠵᠤ᠂ ᠬᠠᠮᠤᠭ ᠤᠨ ᠥᠨᠳᠥᠷ ᠪᠠᠷᠢᠮᠵᠢᠶ᠎ᠠ ᠶᠣᠰᠣᠭᠠᠷ᠂ ᠬᠠᠮᠤᠭ ᠤᠨ ᠴᠢᠩᠭ᠎ᠠ ᠨᠡᠶᠢᠯᠡᠯ ᠬᠦᠴᠦᠨ ᠢ ᠪᠤᠢ ᠪᠣᠯᠭᠠᠵᠤ᠂ ᠬᠠᠮᠤᠭ ᠤᠨ ᠰᠠᠶᠢᠨ ᠦᠷ᠎ᠡ ᠪᠦᠲᠦᠮᠵᠢ ᠣᠯᠵᠤ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠨᠡᠩ ᠰᠠᠶᠢᠨ ᠨᠡᠩ ᠲᠦᠷᠭᠡᠨ᠂ ᠨᠡᠩ ᠴᠢᠨᠠᠷ ᠰᠠᠶᠢᠲᠠᠢ ᠬᠥᠭᠵᠢᠯᠲᠡ ᠶᠢ ᠬᠠᠮᠲᠤ ᠪᠠᠷ ᠠᠬᠢᠭᠤᠯᠬᠤ ᠬᠡᠷᠡᠭᠲᠡᠢ᠃    ᠬᠤᠷᠠᠯ ᠠᠴᠠ᠂ ᠴᠠᠭ ᠲᠤᠬᠠᠢ ᠳᠤᠨᠢ ᠪᠠᠶᠢᠷᠢᠯᠠᠭᠤᠯᠤᠯᠲᠠ ᠶᠢ ᠤᠯᠠᠮᠵᠢᠯᠠᠬᠤ ᠬᠡᠷᠡᠭᠲᠡᠢ  ᠃ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠬᠤᠷᠠᠯ ᠤᠨ ᠵᠣᠷᠢᠭ ᠰᠠᠨᠠᠭ᠎ᠠ ᠪᠠ ᠳᠠᠷᠤᠮᠠᠯᠯᠠᠨ ᠲᠠᠷᠬᠠᠭᠠᠭᠰᠠᠨ 7 ᠬᠠᠮᠢᠶ᠎ᠠ ᠪᠥᠬᠦᠶ ᠪᠢᠴᠢᠭ ᠮᠠᠲ᠋ᠧᠷᠢᠶᠠᠯ᠂ ᠨᠠᠷᠢᠨ ᠲᠠᠩᠰᠠ᠂ ᠲᠥᠯᠥᠪᠯᠡᠭᠡ ᠶᠢᠨ ᠬᠦᠰᠦᠨᠦᠭᠲᠦ ᠪᠠ ᠬᠡᠷᠡᠭᠵᠢᠭᠦᠯᠬᠦ ᠲᠥᠰᠦᠯ ᠢ ᠲᠡᠷᠡ ᠳᠠᠷᠤᠶ ᠳᠤᠨᠢ ᠳᠠᠮᠵᠢᠭᠤᠯᠵᠤ᠂ ᠰᠤᠷᠤᠯᠴᠠᠯᠭ᠎ᠠ ᠪᠠ ᠪᠠᠶᠢᠷᠢᠯᠠᠭᠤᠯᠤᠯᠲᠠ ᠶᠢ ᠪᠣᠳᠠᠲᠠᠶᠢᠵᠢᠭᠤᠯᠵᠤ᠂ ᠲᠣᠭᠲᠠᠭᠠᠯ ᠶᠣᠰᠣᠭᠠᠷ ᠠᠵᠢᠯᠯᠠᠵᠤ᠂ ᠲᠣᠭᠲᠠᠭᠰᠠᠨ ᠴᠠᠭ ᠤᠨ ᠬᠢᠵᠠᠭᠠᠷ ᠶᠣᠰᠣᠭᠠᠷ᠂ ᠡᠯ᠎ᠡ ᠵᠦᠶᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠲᠡᠷᠡ ᠶᠣᠰᠣᠭᠠᠷ ᠨᠢ ᠰᠠᠶᠢᠲᠤᠷ ᠠᠳᠬᠤᠬᠤ ᠬᠡᠷᠡᠭᠲᠡᠶ᠃ ᠲᠤᠬᠢᠷᠠᠭᠤᠯᠤᠨ ᠠᠬᠢᠭᠤᠯᠬᠤ  ᠶᠢ ᠴᠢᠩᠭᠠᠳᠬᠠᠬᠤ ᠬᠡᠷᠡᠭᠲᠡᠢ᠃ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠮᠠᠨ ᠤ ᠬᠦᠷᠢᠶᠡᠨ ᠳᠠᠬᠢ ᠠᠵᠢᠯ ᠢᠶᠠᠨ ᠪᠠᠶᠢᠷᠢᠯᠠᠭᠤᠯᠬᠤ᠂ ᠮᠢᠨᠦ ᠪᠠᠶᠢᠷᠢᠯᠠᠭᠤᠯᠤᠭᠰᠠᠨ ᠡᠭᠦᠷᠭᠡ ᠶᠢ ᠨᠠᠶᠢᠳᠠᠪᠤᠷᠢᠵᠢᠭᠤᠯᠬᠤ ᠵᠠᠷᠴᠢᠮ ᠶᠣᠰᠣᠭᠠᠷ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠠᠵᠢᠯ ᠢᠶᠠᠨ ᠪᠠᠶᠢᠷᠢᠯᠠᠭᠤᠯᠬᠤ ᠠᠴᠠ ᠨᠠᠶᠢᠳᠠᠪᠤᠷᠢᠵᠢᠭᠤᠯᠬᠤ ᠬᠦᠷᠲᠡᠯ᠎ᠡ ᠡᠴᠦᠰ ᠲᠤᠨᠢ ᠲᠤᠯᠲᠠᠯ᠎ᠠ ᠠᠳᠬᠤᠬᠤ ᠬᠡᠷᠡᠭᠲᠡᠢ᠃ ᠬᠤᠶᠠᠷ ᠠᠯᠪᠠᠨ ᠬᠡᠷ ᠤᠨ ᠱᠠᠯᠠᠪᠳᠠᠭᠤᠯᠤᠨ ᠪᠠᠶᠢᠴᠠᠭᠠᠯᠲᠠ᠂ ᠠᠵᠢᠯ ᠤᠨ ᠲᠤᠰᠬᠠᠶ ᠠᠩᠭᠢ ᠴᠠᠭ ᠲᠤᠬᠠᠶ ᠳᠤᠨᠢ ᠳᠠᠭᠠᠵᠤ᠂ ᠠᠵᠢᠯ ᠤᠨ ᠠᠬᠢᠴᠠ ᠪᠠᠨ ᠲᠣᠭᠲᠠᠮᠠᠯ ᠬᠤᠭᠤᠴᠠᠭ᠎ᠠ ᠲᠠᠢ ᠪᠠᠷ ᠬᠠᠷᠢᠭᠤ ᠲᠤᠰᠬᠠᠵᠤ᠂ ᠡᠯ᠎ᠡ ᠵᠦᠶᠯ ᠤᠨ ᠠᠵᠢᠯ ᠤᠨ ᠯᠠᠪᠳᠠᠭᠤᠨ ᠪᠥᠭᠡᠳ ᠡᠮᠬᠢ ᠵᠢᠷᠤᠮ  ᠲᠠᠢ ᠥᠷᠨᠢᠬᠦ ᠶᠢ ᠦᠨᠡᠨ ᠬᠦ ᠠᠬᠢᠭᠤᠯᠬᠤ ᠬᠡᠷᠡᠭᠲᠡᠶ᠃ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ᠃ ᠲᠦᠷᠦᠯ ᠵᠦᠢᠯ ᠢ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠭᠠᠵᠠᠷ ᠬᠡᠷᠡᠭᠯᠡᠬᠦ ᠬᠤᠷᠢᠭ᠎ᠠ ᠱᠤᠭᠤᠮ ᠢ ᠰᠠᠶᠢᠲᠤᠷ ᠰᠠᠬᠢᠵᠤ᠂ ᠪᠡᠯᠡ ᠮᠥᠩᠭᠦ᠂ ᠭᠠᠶᠢᠯᠢ ᠲᠠᠲᠠᠪᠤᠷᠢ᠂ ᠭᠠᠵᠠᠷ ᠰᠢᠷᠣᠢ ᠵᠡᠷᠭᠡ ᠡᠯ᠎ᠡ ᠵᠦᠢᠯ ᠤᠨ ᠴᠢᠬᠤᠯᠠ ᠡᠯᠧᠮᠧᠨ᠋ᠲ ᠤᠨ ᠪᠠᠲᠤᠯᠠᠭ᠎ᠠ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠤᠷᠤᠭᠰᠢᠲᠠᠢ ᠠᠬᠢᠵᠦ᠂ ᠡᠷᠲᠡᠬᠡᠨ ᠦᠷ᠎ᠡ ᠪᠦᠲᠦᠮᠵᠢ ᠤᠯᠬᠤ  ᠶᠢ ᠪᠠᠲᠤᠯᠠᠬᠤ ᠬᠡᠷᠡᠭᠲᠡᠢ  ᠃ ᠬᠢᠨᠠᠨ ᠰᠢᠯᠭᠠᠵᠤ ᠤᠷᠮᠠᠰᠢᠭᠤᠯᠬᠤ ᠶᠢ ᠴᠢᠩᠭᠠᠳᠬᠠᠬᠤ ᠬᠡᠷᠡᠭᠲᠡᠢ᠃ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠳ ᠬᠢᠨᠠᠯᠲᠠ ᠲᠠᠯᠪᠢᠵᠤ ᠪᠠᠶᠢᠴᠠᠭᠠᠬᠤ ᠪᠠ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠪᠠᠨ ᠴᠢᠩᠭᠠᠳᠬᠠᠵᠤ᠂ ᠳᠠᠭᠠᠭᠠᠨ ᠠᠪᠴᠤ ᠬᠠᠮᠲᠤᠷᠠᠨ ᠠᠬᠢᠭᠤᠯᠬᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠠᠬᠢᠴᠠ ᠶᠢᠨ ᠦᠷ᠎ᠡ ᠪᠦᠲᠦᠮᠵᠢ ᠵᠡᠷᠭᠡ ᠶᠢᠨ ᠲᠣᠭᠤᠷᠢᠨ ᠳᠤ ᠰᠢᠮᠳᠠᠭᠤᠯᠤᠨ ᠪᠠᠶᠢᠴᠠᠭᠠᠬᠤ ᠪᠠᠶᠢᠴᠠᠭᠠᠯᠲᠠ ᠥᠷᠨᠢᠭᠦᠯᠵᠦ᠂ ᠵᠥᠪ ᠴᠢᠭᠯᠡᠯ  ᠢᠶᠠᠷ ᠤᠷᠮᠠᠰᠢᠭᠤᠯᠬᠤ ᠪᠠ ᠡᠰᠡᠷᠭᠦ ᠴᠢᠭᠯᠡᠯ ᠢᠶᠠᠷ ᠬᠢᠵᠠᠭᠠᠷᠯᠠᠬᠤ ᠶᠢ ᠴᠢᠩᠭᠠᠷᠠᠭᠤᠯᠤᠨ᠂ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃  ᠃ᠬᠤᠷᠠᠯ ᠠᠴᠠ ᠪᠠᠰᠠ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ᠂ ᠠᠶᠤᠯᠭᠦᠶ ᠦᠶᠯᠡᠳᠪᠦᠷᠢᠯᠡᠯ ᠵᠡᠷᠭᠡ ᠠᠵᠢᠯ ᠤᠨ ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号