ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠴᠢᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶ᠎ᠠ ᠵᠢᠷᠠᠨ ᠲᠠᠪᠤᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/2/19
   2 ᠰᠠᠷ᠎ᠠ ᠶᠢᠨ 18 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠱᠤᠸᠠᠩ ᠴᠧᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠴᠢᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠵᠢᠷᠠᠨ ᠲᠠᠪᠤᠳᠤᠭᠠᠷ ᠬᠤᠷᠠᠯᠳᠤᠭᠠᠨ ᠢ ᠡᠷᠬᠢᠯᠡᠨ ᠬᠤᠷᠠᠯᠳᠤᠭᠤᠯᠪᠠ᠃     ᠬᠤᠷᠠᠯ ᠠᠴᠠ ᠲᠦᠴᠢᠦᠸᠠᠨ ᠰᠢᠶᠠᠨ ᠤ 2024 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ︽ᠲᠦᠴᠢᠦᠸᠠᠨ ᠰᠢᠶᠠᠨ ᠤ 2023 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠪᠡᠶᠡᠯᠡᠭᠦᠯᠦᠭᠰᠡᠨ ᠪᠠᠶᠢᠳᠠᠯ ᠪᠠ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠭᠰᠡᠨ ᠲᠥᠷᠥᠯ ᠵᠦᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ︾ ︽ᠲᠦᠴᠢᠦᠸᠠᠨ ᠰᠢᠶᠠᠨ ᠤ 2023 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠭᠦᠢᠴᠡᠳᠬᠡᠭᠰᠡᠨ ᠪᠠᠶᠢᠳᠠᠯ ᠬᠢᠭᠡᠳ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ︵ᠲᠥᠰᠥᠯ︶ ᠶᠢᠨ ᠲᠤᠬᠠᠢ ᠮᠡᠳᠡᠭᠦᠯᠦᠯᠲᠡ︾ ︽2023 ᠣᠨ ᠤ ᠡᠳ᠋ ᠤᠨ ᠵᠠᠰᠠᠭ ᠤᠨ ᠲᠥᠰᠥᠪ ᠢ ᠭᠦᠢᠴᠡᠳᠬᠡᠭᠰᠡᠨ ᠪᠠᠶᠢᠳᠠᠯ ᠪᠠ 2024 ᠣᠨ ᠤ ᠡᠳ᠋ ᠤᠨ ᠵᠠᠰᠠᠭ ᠤᠨ ᠲᠥᠰᠥᠪ ᠤᠨ ᠲᠥᠰᠥᠯ ᠤᠨ ᠲᠤᠬᠠᠢ ᠮᠡᠳᠡᠭᠦᠯᠦᠯᠲᠡ︾ ᠶᠢ ᠬᠢᠨᠠᠨ ᠵᠦᠪᠯᠡᠵᠤ᠂ ᠪᠦᠬᠦ ᠰᠢᠶᠠᠨ ᠤ ︽ᠬᠤᠶᠠᠷ ᠬᠤᠷᠠᠯ︾ ᠤᠨ ᠪᠡᠯᠡᠳᠬᠡᠯ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃    ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠠᠮᠵᠢᠯᠴᠠᠭ᠎ᠠ ᠪᠠᠨ ᠴᠢᠩᠭᠠᠳᠬᠠᠵᠤ᠂ ︽ᠬᠤᠶᠠᠷ ᠬᠤᠷᠠᠯ︾  ᠤᠨ ᠡᠯ᠎ᠡ ᠵᠦᠢᠯ ᠤᠨ ᠪᠡᠯᠡᠳᠬᠡᠯ ᠠᠵᠢᠯ ᠢ ᠨᠠᠷᠢᠨ ᠨᠢᠮᠪᠠᠢ ᠰᠠᠶᠢᠲᠤᠷ ᠬᠢᠬᠦ ᠬᠡᠷᠡᠭᠲᠡᠢ᠃ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠵᠦ᠂ ᠪᠦᠷᠢᠯᠭᠡᠨ ᠰᠦᠢᠳᠬᠡᠬᠦ ᠶᠢ ᠡᠰᠡᠷᠭᠦᠴᠡᠵᠦ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠬᠤᠷᠠᠯ ᠤᠨ ᠰᠤᠷᠲᠠᠯ ᠢ ᠰᠠᠶᠢᠵᠢᠷᠠᠭᠤᠯᠬᠤ ᠬᠡᠷᠡᠭᠲᠡᠢ᠃ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢ ᠭᠡᠰᠢᠭᠦᠳ᠂ ᠰᠤᠯᠠ ᠣᠷᠣᠯᠴᠠᠭᠰᠠᠨ ᠬᠥᠮᠥᠰ ᠪᠣᠯᠣᠨ ᠪᠦᠬᠦ ᠠᠵᠢᠯᠲᠠᠳ ᠡᠯ᠎ᠡ ᠵᠦᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠵᠤ᠂ ᠴᠢᠩᠭ᠎ᠠ ᠰᠠᠬᠢᠯᠭ᠎ᠠ ᠪᠠᠲᠤ ᠪᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠪᠠᠲᠤᠯᠠᠬᠤ ᠬᠡᠷᠡᠭᠲᠡᠢ᠃ ᠬᠤᠷᠠᠯ ᠳᠤ ᠣᠷᠣᠯᠴᠠᠭᠰᠠᠨ ᠲᠥᠯᠥᠭᠡᠯᠡᠭᠴᠢ ᠭᠡᠰᠢᠭᠦᠳ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠨᠠᠮ ᠤᠨ ᠬᠤᠷᠢᠶᠠᠨ ᠤ ᠰᠠᠨᠠᠭ᠎ᠠ ᠵᠣᠷᠢᠯᠲᠠ ᠶᠢ ᠭᠦᠢᠴᠡᠳ ᠢᠯᠡᠷᠡᠭᠦᠯᠵᠦ᠂ ᠬᠠᠤᠯᠢ ᠲᠣᠭᠲᠠᠭᠠᠯ ᠶᠣᠰᠣᠭᠠᠷ ᠰᠣᠩᠭᠤᠭᠤᠯᠢ ᠶᠢ ᠰᠠᠶᠢᠲᠤᠷ ᠥᠷᠨᠢᠭᠦᠯᠬᠦ ᠬᠡᠷᠡᠭᠲᠡᠢ᠃ ᠠᠷᠠᠳ ᠤᠯᠠᠨ ᠯᠤᠭ᠎ᠠ ᠶᠢᠨ ᠬᠠᠷᠢᠯᠴᠠᠭ᠎ᠠ ᠪᠠᠨ ᠨᠢᠭᠲᠠᠷᠠᠭᠤᠯᠵᠤ᠂ ᠠᠬᠠᠮᠠᠳ ᠺᠠᠳ᠋ᠷ ᠵᠢᠴᠢ ᠡᠯ᠎ᠡ ᠡᠲᠡᠭᠡᠳ ᠤᠨ ᠬᠥᠮᠥᠰ ᠲᠤ ᠲᠦᠴᠢᠦᠸᠠᠨ ᠤ ᠡᠯ᠎ᠡ ᠵᠦᠢᠯ ᠤᠨ ᠦᠢᠯᠡᠰ ᠤᠨ ᠥᠷᠨᠢᠩᠭᠦᠢ ᠬᠥᠭᠵᠢᠯᠲᠡ ᠶᠢ ᠭᠦᠢᠴᠡᠳ ᠣᠶᠢᠯᠠᠭᠠᠭᠤᠯᠵᠤ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠪᠠᠨ ᠴᠢᠩᠭᠠᠳᠬᠠᠵᠤ᠂ ᠬᠠᠮᠲᠤᠪᠠᠷ ᠴᠢᠷᠮᠠᠶᠢᠵᠤ ᠪᠠᠶᠢᠭᠠᠳ ᠲᠤᠰ ᠤᠳᠠᠭ᠎ᠠ ᠶᠢᠨ ᠬᠤᠷᠠᠯ ᠢ ᠠᠷᠠᠳᠴᠢᠯᠠᠯ ᠪᠦᠯᠬᠦᠮᠳᠡᠯ ᠲᠠᠢ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠭᠰᠡᠨ᠂ ᠤᠶᠤᠨ ᠤᠬᠠᠭᠠᠨ ᠢ ᠬᠤᠷᠠᠮᠳᠤᠭᠤᠯᠤᠭᠰᠠᠨ᠂ ᠬᠥᠭᠵᠢᠯᠲᠡ ᠶᠢ ᠠᠬᠢᠭᠤᠯᠤᠭᠰᠠᠨ ᠶᠡᠭᠡ ᠬᠤᠷᠠᠯ ᠪᠣᠯᠭᠠᠨ ᠬᠤᠷᠠᠯᠳᠤᠭᠤᠯᠬᠤ ᠬᠡᠷᠡᠭᠲᠡᠢ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号