ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠴᠢᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ  ᠤ ᠬᠤᠷᠢᠶᠠᠨ ᠤ ᠪᠠᠶᠢᠩᠭᠤ ᠶᠢᠨ ᠬᠤᠷᠢᠶ᠎ᠠ ᠵᠢᠷᠠᠨ ᠲᠠᠪᠤᠳᠤᠭᠠᠷ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/2/19
    2 ᠰᠠᠷ᠎ᠠ ᠶᠢᠨ 18 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠱᠤᠸᠠᠩ ᠴᠧᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠴᠢᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠵᠢᠷᠠᠨ ᠲᠠᠪᠤᠳᠤᠭᠠᠷ ᠬᠤᠷᠠᠯ ᠢ ᠡᠷᠬᠢᠯᠡᠨ ᠬᠤᠷᠠᠯᠳᠤᠭᠤᠯᠪᠠ  ᠃     ᠬᠤᠷᠠᠯ ᠠᠴᠠ 《 ᠲᠦᠴᠢᠦᠸᠠᠨ ᠰᠢᠶᠠᠨ ᠤ 2024 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ 》᠂ 《 ᠲᠦᠴᠢᠦᠸᠠᠨ ᠰᠢᠶᠠᠨ ᠤ 2023 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ  ᠤᠨ ᠲᠦᠷᠦᠯ ᠵᠦᠢᠯ ᠢ ᠪᠡᠶᠡᠯᠡᠭᠦᠯᠦᠭᠰᠡᠨ ᠪᠠᠶᠢᠳᠠᠯ ᠪᠠ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠭᠰᠡᠳ ᠤᠨ ᠲᠦᠷᠦᠯ ᠵᠦᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ 》᠂ 《 ᠲᠦᠴᠢᠦᠸᠠᠨ ᠰᠢᠶᠠᠨ ᠤ 2023 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠭᠦᠢᠴᠡᠳᠬᠡᠭᠰᠡᠨ ᠪᠠᠶᠢᠳᠠᠯ ᠬᠢᠭᠡᠳ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ( ᠲᠥᠰᠦᠯ ) ᠶᠢᠨ ᠲᠤᠬᠠᠢ ᠮᠡᠳᠡᠭᠦᠯᠦᠯᠲᠡ 》᠂ 《 2023 ᠣᠨ ᠤ ᠡᠳ᠋ ᠤᠨ ᠵᠠᠰᠠᠭ ᠤᠨ ᠲᠥᠰᠦᠪ ᠢ ᠭᠦᠢᠴᠡᠳᠬᠡᠭᠰᠡᠨ ᠪᠠᠶᠢᠳᠠᠯ ᠪᠠ 2024 ᠣᠨ ᠤ ᠡᠳ᠋ ᠤᠨ ᠵᠠᠰᠠᠭ ᠤᠨ ᠲᠥᠰᠦᠪ ᠤᠨ ᠲᠥᠰᠦᠯ ᠤᠨ ᠲᠤᠬᠠᠢ ᠮᠡᠳᠡᠭᠦᠯᠦᠯᠲᠡ ᠶᠢ ᠬᠢᠨᠠᠨ ᠵᠥᠪᠯᠡᠵᠦ᠂ ᠪᠦᠬᠦ ᠰᠢᠶᠠᠨ ᠤ 《 ᠬᠤᠶᠠᠷ ᠬᠤᠷᠠᠯ 》 ᠤᠨ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ  ᠃    ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠬᠠᠮᠵᠢᠯᠴᠠᠭ᠎ᠠ ᠪᠠᠨ ᠴᠢᠩᠭᠠᠳᠬᠠᠵᠤ᠂ 《 ᠬᠤᠶᠠᠷ ᠬᠤᠷᠠᠯ 》 ᠤᠨ ᠡᠯ᠎ᠡ ᠵᠦᠢᠯ ᠤᠨ ᠪᠡᠯᠡᠳᠬᠡᠯ ᠠᠵᠢᠯ ᠢ ᠨᠢᠮᠪᠠᠢ ᠰᠠᠶᠢᠲᠤᠷ ᠬᠢᠬᠦ ᠬᠡᠷᠡᠭᠲᠡᠢ  ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠵᠦ᠂ ᠪᠦᠷᠢᠯᠭᠡᠨ ᠰᠦᠢᠳᠬᠡᠬᠦ ᠶᠢ ᠡᠰᠡᠷᠭᠦᠴᠡᠵᠦ᠂ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠬᠤᠷᠠᠯ ᠤᠨ ᠰᠤᠷᠲᠠᠯ ᠢ ᠰᠠᠶᠢᠵᠢᠷᠠᠭᠤᠯᠬᠤ ᠬᠡᠷᠡᠭᠲᠡᠢ  ᠃ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢ ᠭᠡᠰᠢᠭᠦᠨ᠂ ᠰᠤᠯᠠ ᠣᠷᠣᠯᠴᠠᠭᠰᠠᠨ ᠬᠥᠮᠦᠰ ᠪᠣᠯᠤᠨ ᠪᠦᠬᠦ ᠠᠵᠢᠯᠲᠠᠳ ᠡᠯ᠎ᠡ ᠵᠦᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠵᠤ᠂ ᠴᠢᠩᠭ᠎ᠠ ᠰᠠᠬᠢᠯᠭ᠎ᠠ ᠪᠠᠲᠤ ᠪᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠪᠠᠲᠤᠯᠠᠬᠤ ᠬᠡᠷᠡᠭᠲᠡᠢ  ᠃ ᠬᠤᠷᠠᠯ ᠳᠤ ᠣᠷᠣᠯᠴᠠᠭᠰᠠᠨ ᠲᠥᠯᠥᠭᠡᠯᠡᠭᠴᠢ ᠭᠡᠰᠢᠭᠦᠨ ᠲᠤᠰᠢᠶᠠᠯ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠨᠠᠮ ᠤᠨ ᠬᠤᠷᠢᠶᠠᠨ ᠤ ᠵᠣᠷᠢᠯᠲᠠ ᠶᠢ ᠭᠦᠢᠴᠡᠳ ᠢᠯᠡᠷᠡᠭᠦᠯᠵᠦ᠂ ᠬᠠᠤᠯᠢ ᠲᠣᠭᠲᠠᠭᠠᠯ ᠶᠣᠰᠣᠭᠠᠷ ᠰᠣᠩᠭᠤᠭᠤᠯᠢ ᠶᠢ ᠰᠠᠶᠢᠲᠤᠷ ᠥᠷᠨᠢᠭᠦᠯᠬᠦ ᠬᠡᠷᠡᠭᠲᠡᠢ  ᠃ ᠠᠷᠠᠳ ᠤᠯᠠᠨ ᠯᠤᠭ᠎ᠠ ᠶᠢᠨ ᠬᠠᠷᠢᠯᠴᠠᠭ᠎ᠠ ᠪᠠᠨ ᠨᠢᠭᠲᠠᠷᠠᠭᠤᠯᠵᠤ᠂ ᠠᠬᠠᠮᠠᠳ ᠺᠠᠳ᠋ᠷ ᠵᠢᠴᠢ ᠡᠯ᠎ᠡ ᠡᠲᠡᠭᠡᠳ ᠤᠨ ᠬᠥᠮᠦᠰ ᠲᠤ ᠲᠦᠴᠢᠦᠸᠠᠨ ᠤ ᠡᠯ᠎ᠡ ᠵᠦᠢᠯ ᠤᠨ ᠦᠢᠯᠡᠰ ᠤᠨ ᠥᠷᠨᠢᠩᠭᠦᠢ ᠬᠥᠭᠵᠢᠯᠲᠡ ᠶᠢ ᠭᠦᠢᠴᠡᠳ ᠮᠡᠳᠡᠷᠡᠭᠦᠯᠵᠦ᠂ ᠢᠳᠡᠪᠬᠢᠲᠡᠢ ᠪᠠᠷ ᠠᠷᠭ᠎ᠠ ᠤᠬᠠᠭᠠᠨ ᠭᠠᠷᠭᠠᠵᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠬᠤ ᠬᠡᠷᠡᠭᠲᠡᠢ  ᠃ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠨᠢᠭᠡᠳᠦᠯᠲᠡᠶ ᠲᠥᠯᠥᠪᠵᠢᠭᠦᠯᠦᠨ ᠲᠣᠬᠢᠷᠠᠭᠤᠯᠬᠤ ᠪᠠᠨ ᠴᠢᠩᠭᠠᠳᠬᠠᠵᠤ᠂ ᠬᠠᠮᠲᠤ ᠪᠠᠷ ᠴᠢᠷᠮᠠᠶᠢᠵᠤ ᠪᠠᠶᠢᠭᠠᠳ ᠲᠣᠰ ᠤᠳᠠᠭ᠎ᠠ ᠶᠢᠨ ᠬᠤᠷᠠᠯ ᠢ ᠠᠷᠠᠳᠴᠢᠯᠠᠯ ᠪᠦᠯᠬᠦᠮᠳᠡᠯ ᠲᠠᠢ᠂ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠭᠰᠡᠨ᠂ ᠣᠶᠤᠨ ᠤᠬᠠᠭᠠᠨ ᠢ ᠲᠥᠪᠯᠡᠷᠡᠭᠦᠯᠦᠭᠰᠡᠨ᠂ ᠬᠥᠭᠵᠢᠯᠲᠡ ᠶᠢ ᠠᠬᠢᠭᠤᠯᠤᠭᠰᠠᠨ ᠶᠡᠭᠡ ᠬᠤᠷᠠᠯ ᠪᠣᠯᠭᠠᠨ ᠬᠤᠷᠠᠯᠳᠤᠭᠤᠯᠬᠤ ᠬᠡᠷᠡᠭᠲᠡᠶ ᠭᠡᠵᠦ ᠴᠢᠬᠤᠯᠠᠴᠢᠯᠠᠪᠠ  ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号