ᠲᠦᠴᠢᠦᠸᠠᠨ ᠰᠢᠶᠠᠨ ᠤ ᠠᠷᠪᠠᠨ ᠨᠠᠶᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠭᠤᠷᠪᠠᠳᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/2/21
   2 ᠰᠠᠷ᠎ᠠ ᠶᠢᠨ 19 ᠤ ᠡᠳᠦᠷ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠴᠧᠨ ᠭᠦᠸᠧ ᠮᠢᠩ ᠲᠦᠴᠢᠦᠸᠠᠨ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠭᠤᠷᠪᠠᠳᠤᠭᠠᠷ ᠬᠤᠷᠠᠯᠳᠤᠭᠠᠨ ᠢ ᠡᠷᠬᠢᠯᠡᠨ ᠬᠤᠷᠠᠯᠳᠤᠭᠤᠯᠪᠠ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠼᠤᠤ ᠶᠦᠩ ᠰᠢᠨ᠂ ᠯᠠᠨ ᠰᠢᠶᠠᠨ ᠹᠧᠩ᠂ ᠴᠢᠦᠢ ᠲᠦᠩ ᠨᠢᠶᠠᠨ᠂ ᠯᠢᠶᠠᠩ ᠵᠧᠨ ᠱᠠᠨ ᠵᠢᠴᠢ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠳ ᠬᠤᠷᠠᠯ ᠳᠤ ᠣᠷᠣᠯᠴᠠᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠪᠠᠶᠢᠩᠭᠤ ᠶᠢᠨ ᠳᠡᠳ᠋ ᠳᠠᠷᠤᠭ᠎ᠠ ᠸᠠᠩ ᠵᠢᠶᠠ ᠵᠢᠶᠦ᠋ᠨ᠂ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠭᠤᠤ ᠹᠧᠩ᠂ ᠰᠢᠭᠦᠬᠦ ᠬᠤᠷᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠵᠠᠰᠠᠭ ᠤᠨ ᠣᠷᠳᠣᠨ ᠤ ᠠᠯᠪᠠᠨ ᠭᠡᠷ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠵᠢᠴᠢ ᠣᠨᠴᠠ ᠤᠷᠢᠭᠰᠠᠨ 6 ᠠᠷᠠᠳ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃    ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠪᠣᠯᠤᠨ 2024 ᠣᠨ ᠤ ᠪᠦᠬᠦ ᠰᠢᠶᠠᠨ ᠤ ᠭᠤᠣᠯᠳᠠᠯᠭ᠎ᠠ ᠲᠠᠢ ᠠᠵᠢᠯ ᠢ ᠪᠣᠳᠠᠲᠠᠢ ᠲᠤᠬᠢᠷᠠᠭᠤᠯᠤᠨ ᠪᠠᠶᠢᠷᠢᠯᠠᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠲᠦᠴᠢᠦᠸᠠᠨ ᠰᠢᠶᠠᠨ ᠤ ᠠᠷᠪᠠᠨ ᠨᠠᠶᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠬᠤᠷᠠᠯᠳᠤᠬᠤ ᠲᠣᠭᠲᠠᠭᠠᠯ ︵ᠲᠥᠰᠦᠯ ︶᠂ ᠬᠤᠷᠠᠯ ᠤᠨ ᠵᠥᠪᠯᠡᠬᠦ ᠵᠦᠶᠯ ︵ᠲᠥᠰᠦᠯ︶᠂ ᠲᠡᠷᠢᠭᠦᠯᠡᠭᠴᠢᠳ ᠤᠨ ᠪᠦᠯᠬᠦᠮ ᠪᠣᠯᠤᠨ ᠨᠠᠷᠢᠨ ᠪᠢᠴᠢᠭ ᠤᠨ ᠳᠠᠷᠤᠭ᠎ᠠ ᠶᠢᠨ ᠨᠡᠷᠡᠰ ︵ᠲᠥᠰᠦᠯ︶᠂ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠬᠤ ᠵᠥᠪᠯᠡᠯ ᠪᠠᠶᠢᠭᠤᠯᠬᠤ ᠲᠤᠬᠠᠶ ᠲᠣᠭᠲᠠᠭᠠᠯ ︵ᠲᠥᠰᠦᠯ︶᠂ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠬᠤ ᠵᠥᠪᠯᠡᠯ ᠤᠨ ᠪᠦᠷᠢᠯᠳᠦᠬᠦᠨ ᠤ ᠨᠡᠷᠡᠰ ︵ᠲᠥᠰᠦᠯ︶᠂ ᠲᠥᠯᠥᠭᠡᠯᠡᠭᠴᠢᠳ ᠤᠨ ᠳᠤᠷᠠᠳᠤᠭᠰᠠᠨ ᠰᠠᠨᠠᠯ ᠵᠥᠪᠯᠡᠯᠭᠡ ᠵᠢᠴᠢ ᠬᠢᠨᠠᠨ ᠵᠥᠪᠯᠡᠬᠦ ᠵᠢᠷᠤᠮ ᠤᠨ ᠲᠤᠬᠠᠶ ᠲᠣᠭᠲᠠᠭᠠᠯ ︵ᠲᠥᠰᠦᠯ︶ ᠪᠣᠯᠤᠨ ᠰᠤᠯᠠ ᠣᠷᠣᠯᠴᠠᠬᠤ ᠬᠥᠮᠦᠰ ᠤᠨ ᠨᠡᠷᠡᠰ ᠢ ᠬᠢᠨᠠᠨ ᠵᠥᠪᠯᠡᠵᠦ ᠪᠠᠲᠤᠯᠠᠪᠠ᠃ ᠬᠤᠷᠠᠯ ᠠᠴᠠ ᠪᠡᠯᠡᠳᠬᠡᠯ ᠠᠵᠢᠯ ᠤᠨ ᠮᠡᠳᠡᠭᠦᠯᠦᠯᠲᠡ ᠪᠣᠯᠤᠨ ᠰᠢᠯᠢᠳᠡᠭ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠬᠥᠬᠢᠭᠦᠯᠦᠨ ᠰᠠᠶᠢᠰᠢᠶᠠᠬᠤ ᠨᠡᠷᠡᠰ ᠢ ᠬᠢᠨᠠᠨ ᠵᠥᠪᠯᠡᠭᠰᠡᠨ ᠪᠥᠭᠡᠳ ᠪᠠᠲᠤᠯᠠᠵᠤ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ︵ᠡᠬᠡ ᠨᠤᠤᠷᠠᠭ︶ ᠵᠡᠷᠭᠡ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠭᠰᠡᠨ ᠪᠥᠭᠡᠳ ᠵᠠᠷᠴᠢᠮ ᠳᠡᠭᠡᠷ᠎ᠡ ᠪᠠᠨ ᠪᠠᠲᠤᠯᠠᠵᠤ᠂ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠤᠨ ᠣᠨᠴᠠ ᠵᠠᠷᠢᠮ ᠲᠥᠯᠥᠭᠡᠯᠡᠭᠴᠢ ᠶᠢᠨ ᠲᠥᠯᠥᠭᠡᠯᠡᠭᠴᠢ ᠶᠢᠨ ᠬᠢᠷᠢ ᠬᠡᠮ ᠤᠨ ᠲᠤᠬᠠᠢ ᠮᠡᠳᠡᠭᠦᠯᠦᠯᠲᠡ ᠶᠢ ᠪᠠᠲᠤᠯᠠᠭᠰᠠᠨ ᠪᠥᠭᠡᠳ ᠬᠠᠮᠢᠶ᠎ᠠ ᠪᠦᠬᠦᠢ ᠠᠵᠢᠯᠳᠠᠨ ᠢ ᠲᠣᠮᠢᠯᠠᠵᠤ ᠪᠠᠭᠤᠯᠭᠠᠪᠠ᠃   ᠬᠤᠷᠠᠯ ᠠᠴᠠ᠂ ᠠᠷᠪᠠᠨ ᠨᠠᠶᠮᠠᠳᠤᠭᠠᠷ ᠬᠤᠭᠤᠴᠠᠭᠠᠨ ᠤ ᠳᠥᠷᠪᠡᠳᠦᠭᠡᠷ ᠤᠳᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ 2 ᠰᠠᠷ᠎ᠠ ᠶᠢᠨ 25 ᠠᠴᠠ 27 ᠤ ᠡᠳᠦᠷ ᠪᠣᠯᠲᠠᠯ᠎ᠠ ᠬᠤᠷᠠᠯᠳᠤᠨ᠎ᠠ᠂ ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠨᠡᠷ ᠶᠡᠭᠡ ᠬᠤᠷᠠᠯ ᠤᠨ ᠪᠡᠯᠡᠳᠬᠡᠯ ᠠᠵᠢᠯ ᠪᠠ ᠦᠶᠯᠡᠴᠢᠯᠡᠭᠡ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠡᠯ᠎ᠡ ᠵᠦᠶᠯ ᠤᠨ ᠠᠵᠢᠯ ᠡᠭᠦᠷᠭᠡ ᠶᠢ ᠳᠠᠬᠢᠨ ᠡᠮᠬᠢᠯᠡᠵᠦ᠂ ᠳᠠᠬᠢᠨ ᠴᠢᠩᠳᠠᠯᠠᠵᠤ᠂ ᠳᠠᠬᠢᠨ ᠨᠠᠶᠢᠳᠠᠪᠤᠷᠢᠵᠢᠭᠤᠯᠵᠤ᠂ ᠬᠤᠭᠤᠷᠣᠨᠳᠣᠬᠢ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠬᠤᠷᠠᠯ ᠤᠨ ᠰᠤᠷᠲᠠᠯ ᠬᠤᠷᠠᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠶᠡᠭᠡ ᠬᠤᠷᠠᠯ ᠤᠨ ᠤᠷᠤᠭᠰᠢᠲᠠᠶ ᠬᠤᠷᠠᠯᠳᠤᠬᠤ᠂ ᠲᠡᠭᠦᠰ ᠠᠮᠵᠢᠯᠲᠠ ᠤᠯᠬᠤ ᠶᠢ ᠪᠠᠲᠤᠯᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃ᠲᠦᠴᠢᠦᠸᠠᠨ ᠰᠢᠶᠠᠨ ᠤ ᠠᠷᠪᠠᠨ ᠨᠠᠶᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠭᠤᠷᠪᠠᠳᠤᠭᠠᠷ ᠬᠤᠷᠠᠯ ᠬᠤᠷᠠᠯᠳᠤᠪᠠ  
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号