ᠤᠯᠤᠰ ᠲᠥᠷᠥ ᠶᠢᠨ ᠵᠥᠪᠯᠡᠯᠭᠡᠨ ᠤ ᠲᠦᠴᠢᠦᠸᠠᠨ ᠰᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠶᠢᠰᠦᠳᠦᠭᠡᠷ ᠤᠳᠠᠭᠠᠨ ᠤ ᠪᠠᠶᠢᠩᠭᠤ ᠶᠢᠨ ᠭᠡᠰᠢᠭᠦᠳ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/2/21
   2 ᠰᠠᠷ᠎ᠠ ᠶᠢᠨ 19 ᠤ ᠡᠳᠦᠷ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠶᠠᠨ ᠪᠥᠸᠧ ᠤᠯᠤᠰ ᠲᠥᠷᠥ ᠶᠢᠨ ᠵᠥᠪᠯᠡᠯᠭᠡᠨ ᠤ ᠲᠦᠴᠢᠦᠸᠠᠨ ᠰᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠶᠢᠰᠦᠳᠦᠭᠡᠷ ᠤᠳᠠᠭᠠᠨ ᠤ ᠪᠠᠶᠢᠩᠭᠤ ᠶᠢᠨ ᠭᠡᠰᠢᠭᠦᠳ ᠤᠨ ᠬᠤᠷᠠᠯ ᠢ ᠡᠷᠭᠢᠯᠡᠨ ᠬᠤᠷᠠᠯᠳᠤᠭᠤᠯᠪᠠ  ᠃ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠬᠠᠨ ᠯᠢ ᠵᠢᠶᠦ᠋ᠨ᠂ ᠯᠢ ᠳ᠋ᠧ ᠯᠢᠶᠠᠩ᠂ ᠴᠧᠨ ᠭᠦᠸᠧ ᠴᠢᠩ᠂ ᠯᠢᠦ ᠢ ᠸᠧᠢ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠠᠶᠢᠩᠭᠤ ᠶᠢᠨ ᠭᠡᠰᠢᠭᠦᠨ᠂ ᠡᠯ᠎ᠡ ᠡᠲᠡᠭᠡᠳ ᠤᠨ ᠢᠯᠭᠠᠯ ᠪᠣᠯᠤᠨ ᠰᠢᠶᠠᠩ ᠪᠠᠯᠭᠠᠰᠤᠨ ᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠠᠵᠢᠯᠯᠠᠭᠠᠨ ᠤ ᠳᠤᠭᠤᠶᠢᠯᠠᠩ ᠤᠨ ᠳᠠᠷᠤᠭ᠎ᠠ ᠬᠤᠷᠠᠯ ᠳᠤ ᠣᠷᠣᠯᠴᠠᠪᠠ  ᠃    ᠬᠤᠷᠠᠯ ᠠᠴᠠ ᠡᠩ ᠲᠡᠷᠢᠭᠦᠨ ᠳᠤ ᠤᠨᠤᠯ ᠤᠨ ᠰᠤᠷᠤᠯᠴᠠᠯᠭ᠎ᠠ ᠬᠢᠵᠦ᠂ ᠲᠠᠷᠠᠭ᠎ᠠ ᠨᠢ ᠰᠢᠶᠠᠨ ᠤ ᠤᠯᠤᠰ ᠲᠦᠷᠦ  ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯ ᠤᠨ ᠵᠥᠪᠯᠡᠬᠦ ᠵᠦᠢᠯ᠂ ᠡᠳᠦᠷ ᠤᠨ ᠳᠠᠷᠠᠭᠠᠯᠠᠯ᠂ ᠤᠯᠤᠰ ᠲᠦᠷᠦ ᠶᠢᠨ ᠵᠥᠪᠯᠡᠯᠭᠡᠨ ᠤ ᠲᠦᠴᠢᠦᠸᠠᠨ ᠰᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ᠂ ᠬᠤᠶᠠᠳᠤᠭᠠᠷ ᠬᠤᠷᠠᠯ ᠠᠴᠠ ᠨᠠᠭᠠᠰᠢᠬᠢ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ 2023 ᠣᠨ ᠤ ᠰᠢᠯᠢᠳᠡᠭ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠰᠠᠨᠠᠭᠤᠯᠭ᠎ᠠ ᠶᠢᠨ ᠨᠡᠷᠡᠰ ᠵᠢᠴᠢ ᠬᠤᠯᠪᠣᠭᠳᠠᠯ ᠪᠦᠬᠦᠢ ᠠᠵᠢᠯᠳᠠᠨ ᠤ ᠶᠠᠪᠤᠳᠠᠯ ᠤᠨ ᠶᠠᠪᠤᠳᠠᠯ ᠢ ᠬᠢᠨᠠᠨ ᠵᠥᠪᠯᠡᠵᠦ ᠪᠠᠲᠤᠯᠠᠨ᠂ ᠭᠡᠰᠢᠭᠦᠳ ᠤᠨ ᠡᠲᠡᠭᠡᠳ ᠤᠨ ᠢᠯᠭᠠᠯ ᠤᠨ ᠠᠵᠢᠯᠯᠠᠭ᠎ᠠ ᠶᠢᠨ ᠳᠤᠭᠤᠶᠢᠯᠠᠩ᠂ ᠰᠢᠶᠠᠩ ᠪᠠᠯᠭᠠᠰᠤᠨ ᠤ ᠭᠡᠰᠢᠭᠦᠳ ᠤᠨ ᠠᠵᠢᠯᠯᠠᠭᠠᠨ ᠤ ᠳᠤᠭᠤᠶᠢᠯᠠᠩ ᠤᠨ ᠬᠢᠨᠠᠨ ᠰᠢᠯᠭᠠᠭᠰᠠᠨ ᠪᠠᠶᠢᠳᠠᠯ ᠪᠣᠯᠤᠨ ᠭᠡᠰᠢᠭᠦᠳ  ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠢ ᠮᠡᠳᠡᠭᠳᠡᠵᠦ᠂ ᠪᠠᠶᠢᠩᠭᠤ ᠶᠢᠨ ᠬᠤᠷᠢᠶᠠᠨ ᠤ ᠲᠤᠰᠢᠶᠠᠯ ᠤᠨ ᠮᠡᠳᠡᠭᠦᠯᠦᠯᠲᠡ ᠶᠢ ᠰᠣᠨᠣᠰᠪᠠ  ᠃    ᠬᠤᠷᠠᠯ ᠠᠴᠠ᠂ ᠥᠩᠭᠡᠷᠡᠭᠰᠡᠨ ᠨᠢᠭᠡ ᠵᠢᠯ ᠳᠤ ᠪᠠᠶᠢᠩᠭᠤ ᠶᠢᠨ ᠭᠡᠰᠢᠭᠦᠳ ᠠᠵᠢᠯ ᠳᠠᠭᠠᠨ ᠬᠢᠴᠢᠶᠡᠵᠦ᠂ ᠢᠯᠡᠳᠲᠡ ᠦᠷ᠎ᠡ ᠪᠦᠲᠦᠮᠵᠢ ᠣᠯᠵᠤ᠂ ᠣᠨᠣᠯ ᠰᠤᠷᠤᠯᠴᠠᠬᠤ᠂ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ᠂ ᠶᠡᠭᠡ ᠲᠠᠯ᠎ᠠ ᠳᠤ ᠦᠶᠯᠡᠴᠢᠯᠡᠬᠦ ᠲᠠᠯ᠎ᠠ ᠪᠠᠷ ᠥᠯᠢᠭᠡᠷ ᠳᠠᠭᠤᠷᠢᠶᠠᠯ ᠤᠨ ᠦᠶᠯᠡᠳᠦᠯ ᠦᠵᠡᠭᠦᠯᠪᠡ  ᠃   ᠬᠤᠷᠠᠯ ᠠᠴᠠ᠂ ᠶᠡᠭᠡ ᠬᠤᠷᠠᠯ ᠤᠨ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ 《 ᠬᠤᠶᠠᠷ ᠢᠯᠡᠳᠬᠡᠯ 》 ᠢ ᠲᠡᠭᠦᠯᠳᠡᠷᠵᠢᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠢ  ᠃ ᠶᠡᠭᠡ ᠬᠤᠷᠠᠯ ᠤᠨ ᠲᠣᠬᠢᠷᠠᠭᠤᠯᠤᠯᠲᠠ ᠶᠢ ᠳᠠᠭᠠᠵᠤ᠂ ᠶᠡᠭᠡ ᠬᠤᠷᠠᠯ ᠤᠨ ᠰᠠᠬᠢᠯᠭ᠎ᠠ ᠪᠠᠲᠤ ᠶᠢ ᠤᠬᠠᠮᠰᠠᠷ ᠠᠴᠠ ᠪᠠᠨ ᠵᠢᠷᠤᠮᠯᠠᠬᠤ ᠬᠡᠷᠡᠭᠲᠡᠶ  ᠃ ᠬᠠᠷᠢᠭᠤᠴᠠᠯᠭ᠎ᠠ ᠶᠢᠨ ᠤᠬᠠᠮᠰᠠᠷ ᠢ ᠪᠣᠶ ᠪᠣᠯᠭᠠᠵᠤ᠂ ᠶᠡᠭᠡ ᠬᠤᠷᠠᠯ ᠤᠨ ᠦᠶᠯᠡᠴᠢᠯᠡᠭᠡ ᠶᠢ ᠦᠨᠡᠨ ᠬᠦ ᠰᠠᠶᠢᠲᠤᠷ ᠬᠢᠬᠦ ᠬᠡᠷᠡᠭᠲᠡᠶ  ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号