ᠲᠦᠴᠢᠦᠸᠠᠨ ᠰᠢᠶᠠᠨ ᠤ ᠰᠢᠨᠬᠤᠸᠠ ᠨᠣᠮ ᠤᠨ ᠳᠡᠯᠭᠡᠭᠦᠷ ᠥᠯᠵᠡᠶᠢᠲᠦ ᠡᠳᠦᠷ ᠤᠨ ᠪᠠᠶᠠᠷ ᠤᠨ ᠡᠳᠦᠷ ᠤᠨ ᠤᠩᠰᠢᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/2/24
   ᠤᠯᠠᠮᠵᠢᠯᠠᠯᠲᠤ ᠠᠷᠠᠳ ᠤᠨ ᠵᠠᠩ ᠳᠠᠳᠬᠠᠯ ᠢ ᠪᠠᠳᠠᠷᠠᠭᠤᠯᠵᠤ᠂ ᠡᠴᠢᠭᠡ ᠡᠬᠡ ᠦᠷ᠎ᠡ ᠬᠡᠤᠬᠡᠳ ᠤᠨ ᠤᠩᠰᠢᠯᠭ᠎ᠠ ᠶᠢ ᠪᠡᠶᠡᠴᠢᠯᠡᠨ ᠣᠶᠢᠯᠠᠭᠠᠬᠤ ᠰᠠᠶᠢᠨ ᠰᠠᠶᠢᠬᠠᠨ ᠣᠷᠣᠨ ᠵᠠᠢ ᠬᠠᠩᠭᠠᠬᠤ ᠶᠢᠨ ᠲᠥᠯᠥᠭᠡ᠂ 2 ᠰᠠᠷ᠎ᠠ ᠶᠢᠨ 23 ᠤ ᠦᠳᠡ ᠶᠢᠨ ᠡᠮᠦᠨ᠎ᠡ᠂ ᠲᠦᠴᠢᠦᠸᠠᠨ ᠰᠢᠶᠠᠨ ᠤ ᠰᠢᠨᠬᠤᠸᠠ ᠨᠣᠮ ᠤᠨ ᠳᠡᠯᠭᠡᠭᠦᠷ ᠤᠨ ᠬᠢᠨ ᠰᠢᠶᠠᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠠᠵᠢᠯᠴᠢᠨ ᠤ ᠶᠡᠷᠦᠩᠬᠡᠢ ᠡᠪᠯᠡᠯ ᠲᠠᠢ ᠬᠠᠮᠲᠤᠷᠠᠨ ᠥᠯᠵᠡᠶᠢᠲᠦ ᠡᠳᠦᠷ ᠤᠨ ᠪᠠᠶᠠᠷ ᠢ ᠪᠠᠶᠠᠷᠯᠠᠨ ᠪᠡᠯᠭᠡᠯᠡᠬᠦ ᠡᠴᠢᠭᠡ ᠡᠬᠡ ᠦᠷ᠎ᠡ ᠬᠡᠤᠬᠡᠳ ᠤᠨ ᠤᠩᠰᠢᠯᠭ᠎ᠠ ᠤᠩᠰᠢᠯᠭ᠎ᠠ ᠶᠢᠨ ᠠᠵᠢᠯᠯᠠᠭ᠎ᠠ ᠶᠢ ᠥᠷᠨᠢᠭᠦᠯᠵᠡᠢ᠃
   ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠭᠡᠷ ᠤᠨ ᠠᠬᠠᠮᠠᠳ ᠪᠣᠯᠣᠨ ᠬᠡᠦᠬᠡᠳ ᠳᠤᠷᠠᠲᠠᠢ ᠨᠣᠮ ᠢᠶᠠᠨ ᠰᠣᠩᠭᠤᠵᠤ ᠰᠡᠳᠬᠢᠯ ᠲᠠᠶᠢᠪᠤᠭᠤᠬᠠᠨ ᠤᠩᠰᠢᠨ᠎ᠠ᠂ ᠤᠩᠰᠢᠭᠰᠠᠨ ᠤ ᠳᠠᠷᠠᠭ᠎ᠠ ᠪᠢᠴᠢᠬᠠᠨ ᠨᠠᠶᠢᠵᠠ ᠨᠠᠷ ᠥᠪᠡᠷ ᠤᠨ ᠤᠩᠰᠢᠭᠰᠠᠨ ᠲᠥᠷᠥᠭᠳᠡᠯ ᠢᠶᠠᠨ ᠢᠳᠡᠪᠬᠢᠲᠡᠢ ᠪᠠᠷ ᠬᠤᠪᠢᠶᠠᠯᠴᠠᠵᠤ᠂ ᠬᠤᠪᠢᠶᠠᠯᠴᠠᠬᠤ ᠳᠤᠮᠳᠠ ᠬᠡᠦᠬᠡᠳ ᠤᠨ ᠢᠶᠠᠨ ᠦᠭᠡ ᠬᠡᠯᠡᠨ ᠤ ᠢᠯᠡᠳᠬᠡᠬᠦ ᠴᠢᠳᠠᠪᠤᠷᠢ ᠶᠢ ᠳᠡᠭᠡᠭᠰᠢᠯᠡᠭᠦᠯᠵᠦ᠂ ᠨᠣᠮ ᠤᠨ ᠲᠤᠬᠠᠢ ᠣᠶᠢᠯᠠᠭᠠᠯᠲᠠ ᠶᠢ ᠨᠢ ᠭᠦᠨᠵᠡᠭᠡᠶᠢᠷᠡᠭᠦᠯᠳᠡᠭ᠃
   ᠠᠵᠢᠯᠯᠠᠭ᠎ᠠ ᠶᠢᠨ ᠳᠤᠮᠳᠠ᠂ ᠣᠨᠢᠰᠤᠭ᠎ᠠ ᠳᠠᠭᠠᠬᠤ ᠲᠣᠭᠯᠠᠭᠠᠮ ᠨᠢ ᠬᠡᠦᠬᠡᠳ ᠪᠠ ᠭᠡᠷ ᠤᠨ ᠠᠬᠠᠮᠠᠳ ᠲᠤ ᠤᠯᠠᠮᠵᠢᠯᠠᠯᠲᠤ ᠪᠠᠶᠠᠷ ᠤᠨ ᠡᠳᠦᠷ ᠤᠨ ᠵᠠᠩ ᠳᠠᠳᠬᠠᠯ ᠢ ᠣᠶᠢᠯᠠᠭᠠᠭᠤᠯᠤᠭᠰᠠᠨ ᠢᠶᠠᠷ ᠪᠠᠷᠠᠬᠤ ᠦᠭᠡᠢ᠂ ᠪᠠᠰᠠ ᠲᠣᠭᠯᠠᠭᠠᠮ ᠤᠨ ᠶᠠᠪᠤᠴᠠ ᠳᠤ ᠡᠴᠢᠭᠡ ᠡᠬᠡ ᠪᠠ ᠦᠷ᠎ᠡ ᠬᠡᠦᠬᠡᠳ ᠤᠨ ᠬᠤᠭᠤᠷᠣᠨᠳᠣᠬᠢ ᠬᠠᠷᠢᠯᠴᠠᠭ᠎ᠠ ᠶᠠᠪᠤᠯᠴᠠᠭ᠎ᠠ ᠶᠢ ᠨᠡᠮᠡᠭᠳᠡᠭᠦᠯᠵᠦ᠂ ᠰᠣᠨᠢᠷᠬᠠᠯ ᠲᠠᠢ ᠮᠥᠷᠲᠡᠭᠡᠨ ᠮᠡᠳᠡᠯᠭᠡ ᠶᠢᠨ ᠴᠢᠨᠠᠷ ᠲᠠᠢ ᠪᠣᠯᠭᠠᠵᠠᠢ᠃
   ᠠᠵᠢᠯᠯᠠᠭ᠎ᠠ ᠶᠢᠨ ᠡᠴᠦᠰ ᠲᠤ᠂ ᠰᠢᠨᠬᠤᠸᠠ ᠨᠣᠮ ᠤᠨ ᠳᠡᠯᠭᠡᠭᠦᠷ ᠬᠡᠦᠬᠡᠳ ᠤᠳ ᠲᠤ ᠨᠣᠮ ᠪᠢᠴᠢᠭ ᠪᠣᠯᠣᠨ ᠪᠤᠶᠠᠨᠳᠤ ︽ᠳᠠᠪᠤᠰᠤ︾ ᠪᠡᠯᠡᠭᠯᠡᠭᠰᠡᠨ ᠪᠥᠭᠡᠳ ᠭᠡᠷ ᠤᠨ ᠠᠬᠠᠮᠠᠳ ᠢ ᠰᠢᠨᠬᠤᠸᠠ ᠨᠣᠮ ᠤᠨ ᠳᠡᠯᠭᠡᠭᠦᠷ ᠤᠨ ᠠᠵᠢᠯᠯᠠᠭ᠎ᠠ ᠶᠢᠨ ᠬᠤᠯᠪᠤᠭ᠎ᠠ ᠳᠤ ᠣᠷᠣᠯᠴᠠᠭᠤᠯᠬᠤ ᠪᠠᠷ ᠤᠷᠢᠵᠠᠢ᠃    ᠲᠣᠰ ᠤᠳᠠᠭᠠᠨ ᠤ ᠡᠴᠢᠭᠡ ᠡᠬᠡ ᠦᠷ᠎ᠡ ᠬᠡᠦᠬᠡᠳ ᠤᠨ ᠤᠩᠰᠢᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠡᠴᠢᠭᠡ ᠡᠬᠡ ᠦᠷ᠎ᠡ ᠬᠡᠦᠬᠡᠳ ᠤᠨ ᠤᠩᠰᠢᠯᠭ᠎ᠠ ᠶᠢᠨ ᠴᠢᠨᠠᠷ ᠴᠢᠨᠰᠠᠭ᠎ᠠ ᠵᠢᠴᠢ ᠤᠯᠠᠮᠵᠢᠯᠠᠯᠲᠤ ᠠᠷᠠᠳ ᠤᠨ ᠵᠠᠩ ᠳᠠᠳᠬᠠᠯ ᠢ ᠣᠶᠢᠯᠠᠭᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠬᠠᠮᠲᠤ ᠨᠠᠩ ᠣᠯᠠᠨ ᠭᠡᠷ ᠤᠨ ᠠᠬᠠᠮᠠᠳ ᠲᠠᠢ ᠬᠠᠷᠢᠯᠴᠠᠬᠤ ᠲᠣᠭᠲᠠᠴᠠ ᠶᠢ ᠪᠠᠶᠢᠭᠤᠯᠵᠤ᠂ ᠴᠢᠨᠠᠷ ᠰᠠᠶᠢᠲᠠᠢ ᠦᠢᠯᠡᠴᠢᠯᠡᠭᠡ ᠪᠠᠷ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠨᠡᠮᠡᠭᠳᠡᠭᠦᠯᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号