ᠶᠠᠩᠭᠠᠷ ᠪᠥᠵᠢᠭ ᠤᠨ ᠬᠠᠮᠲᠤᠷᠠᠭᠰᠠᠨ ᠲᠣᠭᠯᠠᠯᠲᠠ ︽ᠬᠦᠤᠷ ᠬᠦᠭᠵᠢᠶᠡᠨ ᠲᠠᠢ ᠥᠯᠵᠡᠶᠢᠲᠦ ᠡᠳᠦᠷ ᠢ ᠤᠭᠳᠤᠵᠤ︾᠂ ᠵᠣᠯ ᠵᠢᠷᠭᠠᠯᠲᠤ ᠰᠢᠨ᠎ᠡ ᠵᠢᠯ ᠤᠨ ᠪᠠᠶᠠᠷ ᠢ ᠪᠡᠯᠭᠡᠯᠡᠨ᠎ᠡ
ᠨᠡᠶᠢᠲᠡᠯᠡᠭᠰᠡᠨ ᠴᠠᠭ᠄
2024/2/25
   ᠪᠢᠯᠢᠭ ᠤᠨ ᠤᠯᠠᠷᠢᠯ ᠤᠨ ᠴᠠᠭᠠᠨ ᠰᠠᠷ᠎ᠠ ᠶᠢᠨ ᠠᠷᠪᠠᠨ ᠲᠠᠪᠤᠨ ᠳᠤ᠂ ᠪᠦᠬᠦ ᠰᠢᠶᠠᠨ ᠠᠴᠠ ᠢᠷᠡᠭᠰᠡᠨ 32 ᠶᠠᠩᠭᠠᠷ  ᠤᠨ ᠠᠩᠭᠢ ᠶᠢᠨ 1000 ᠭᠠᠷᠤᠢ ᠬᠥᠮᠥᠨ ᠨᠢᠭᠡ ᠲᠠᠩᠬᠢᠮ ᠳᠤ ᠴᠤᠭᠯᠠᠷᠠᠵᠤ᠂ ᠥᠨᠳᠥᠷ ᠮᠣᠳᠣᠨ ᠬᠦᠯᠳᠦ ᠭᠢᠰᠬᠢᠵᠦ᠂ ᠶᠠᠩᠭᠠᠷ ᠪᠥᠵᠢᠭᠯᠡᠵᠦ᠂ ᠴᠠᠭᠠᠨ ᠰᠠᠷ᠎ᠠ ᠶᠢᠨ ᠠᠷᠪᠠᠨ ᠲᠠᠪᠤᠨ ᠤ ᠥᠯᠵᠡᠶᠢᠲᠦ ᠡᠳᠦᠷ ᠢ ᠬᠠᠮᠲᠤᠪᠠᠷ ᠪᠡᠯᠭᠡᠯᠡᠪᠡ᠃
   ᠶᠠᠩᠭᠠᠷ ᠪᠥᠵᠢᠭ ᠤᠨ ᠥᠩᠭᠡᠲᠦ ᠳᠡᠪᠢᠭᠦᠷ ᠨᠢ ᠪᠠᠶᠠᠷ ᠬᠦᠷ ᠲᠠᠢ᠂ ᠬᠠᠷᠠᠩᠭ᠎ᠠ ᠬᠡᠩᠭᠡᠷᠭᠡ ᠨᠢ ᠰᠦᠷ ᠵᠢᠪᠬᠤᠭ᠎ᠠ ᠲᠡᠭᠦᠯᠳᠡᠷ ᠪᠠᠶᠢᠵᠤ᠂ ᠪᠥᠬᠦ ᠰᠢᠶᠠᠨ ᠤ 32 ᠶᠠᠩᠭᠠᠷ ᠪᠥᠵᠢᠭ ᠤᠨ ᠲᠥᠯᠥᠭᠡᠯᠡᠭᠴᠢᠳ ᠤᠨ ᠠᠩᠭᠢ ᠡᠭᠡᠯᠵᠢᠯᠡᠨ ᠲᠠᠯᠠᠪᠠᠶ ᠳᠤ ᠣᠷᠣᠵᠤ᠂ ᠭᠡᠰᠢᠭᠦᠳ ᠨᠢ ᠪᠠᠶᠠᠷ ᠬᠥᠷ ᠲᠠᠢ ᠬᠤᠪᠴᠠᠰᠤ ᠡᠮᠦᠰᠴᠦ᠂ ᠲᠣᠯᠣᠭᠠᠢ ᠳᠠᠭᠠᠨ ᠥᠩᠭᠡᠲᠦ ᠵᠠᠰᠠᠯ ᠵᠡᠭᠦᠵᠦ᠂ ᠭᠠᠷ ᠲᠠᠭᠠᠨ ᠥᠩᠭᠡᠲᠦ ᠳᠡᠪᠢᠭᠦᠷ ᠪᠥᠵᠢᠭᠯᠡᠵᠦ᠂ ᠥᠩᠭᠡᠲᠦ ᠪᠦᠰᠡ ᠤᠶᠠᠵᠤ᠂ ᠬᠥᠳᠡᠯᠦᠯ ᠪᠠᠷᠢᠯ  ᠨᠢ ᠵᠢᠭᠳᠡ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠠᠷᠠᠳ ᠣᠯᠠᠨ ᠳᠤ ᠪᠠᠶᠠᠷ ᠤᠨ ᠡᠳᠦᠷ ᠤᠨ ᠰᠣᠶᠣᠯ ᠤᠨ ᠦᠪᠡᠳᠡᠭᠰᠢ ᠨᠠᠶᠢᠷ ᠢ ᠡᠷᠭᠦᠨ ᠲᠡᠪᠰᠢᠭᠦᠯᠵᠡᠢ᠃
    ᠲᠠᠢ ᠫᠢᠩ ᠰᠢᠶᠠᠩ ᠤᠨ ᠲᠥᠯᠥᠭᠡᠯᠡᠭᠴᠢᠳ ᠤᠨ ᠠᠩᠭᠢ ᠶᠢᠨ ᠳᠠᠷᠤᠭ᠎ᠠ ᠰᠢᠦᠢ ᠱᠤ᠋ ᠹᠧᠨ ᠰᠤᠷᠪᠤᠯᠵᠢᠯᠠᠭᠴᠢ ᠳᠤ ᠄ ︽ ᠲᠠᠢ ᠫᠢᠩ ᠰᠢᠶᠠᠩ ᠤᠨ ᠲᠥᠯᠥᠭᠡᠯᠡᠭᠴᠢᠳ ᠤᠨ ᠠᠩᠭᠢ ᠠᠴᠠ ︿ᠬᠡᠦᠬᠡᠨ ᠭᠤᠶᠤ ᠬᠡᠦᠬᠡᠨ ᠬᠦᠭᠡᠷᠦᠬᠦᠨ﹀ ᠶᠠᠩᠭᠠᠷ ᠳᠠᠭᠤᠤ ᠪᠠᠶᠢᠵᠦ᠂ ᠲᠠᠢ ᠫᠢᠩ ᠰᠢᠶᠠᠩ ᠤᠨ ᠠᠷᠠᠳ ᠲᠦᠮᠡᠨ ᠤ ᠢᠳᠡᠪᠬᠢᠲᠡᠢ ᠪᠠᠷ ᠥᠭᠡᠳᠡᠯᠡᠨ ᠳᠠᠪᠰᠢᠵᠤ᠂ ᠬᠦᠷ ᠬᠥᠭᠵᠢᠶᠡᠨ ᠲᠠᠢ ᠠᠮᠢᠳᠤᠷᠠᠯ ᠢ ᠴᠣᠭᠴᠠᠯᠠᠵᠤ ᠪᠠᠶᠢᠭ᠎ᠠ ᠪᠠᠶᠢᠳᠠᠯ ᠢ ᠢᠯᠡᠷᠡᠭᠦᠯᠵᠦ᠂ ᠡᠬᠡ ᠤᠯᠤᠰ ᠤᠨ ᠢᠶᠠᠨ ᠬᠥᠭᠵᠢᠨ ᠴᠡᠴᠡᠭᠯᠡᠵᠦ᠂ ᠵᠣᠯ ᠵᠢᠷᠭᠠᠯ ᠲᠠᠢ ᠠᠮᠤᠷ ᠠᠮᠤᠭᠤᠯᠠᠩ ᠪᠠᠶᠢᠬᠤ ᠶᠢ ᠬᠦᠰᠡᠨ ᠵᠥᠩᠨᠡᠵᠦ ᠪᠠᠶᠢᠨ᠎ᠠ︾ ᠭᠡᠵᠦ ᠬᠡᠯᠡᠪᠡ᠃
   ᠰᠤᠷᠪᠤᠯᠵᠢᠯᠠᠭᠴᠢ ᠶᠢᠨ ᠠᠩᠬᠠᠷᠤᠭᠰᠠᠨ ᠢᠶᠠᠷ᠂ ᠡᠨᠡ ᠵᠢᠯ ᠤᠨ ᠶᠠᠩᠭᠠᠷ ᠲᠣᠭᠯᠠᠯᠲᠠ ᠶᠢᠨ ᠠᠭᠤᠯᠭ᠎ᠠ ᠨᠢ ᠡᠯᠪᠡᠭ ᠪᠠᠶᠠᠯᠢᠭ ᠢᠶᠠᠷ ᠪᠠᠷᠠᠬᠤ ᠦᠭᠡᠢ᠂ ᠲᠣᠭᠯᠠᠯᠲᠠ ᠶᠢᠨ ᠤᠷ᠎ᠠ ᠮᠡᠷᠭᠡᠵᠢᠯ ᠤᠨ ᠲᠠᠯ᠎ᠠ ᠪᠠᠷ ᠴᠤ ᠮᠠᠰᠢ ᠣᠯᠠᠨ ᠰᠢᠨ᠎ᠡ ᠡᠭᠦᠳᠦᠯᠲᠡ ᠲᠠᠢ ᠪᠠᠶᠢᠵᠤ᠂ ᠤᠯᠠᠮᠵᠢᠯᠠᠯᠲᠤ ᠬᠥᠭ ᠠᠶᠠᠰ ᠪᠠ ᠴᠠᠭ ᠤᠨ ᠥᠩᠭᠡ ᠶᠢᠨ ᠡᠯᠧᠮᠧᠨ᠋ᠲ ᠢ ᠬᠠᠷᠢᠯᠴᠠᠨ ᠠᠭᠤᠰᠬᠠᠵᠤ᠂ ᠠᠷᠠᠳ ᠣᠯᠠᠨ ᠲᠣᠭᠯᠠᠯᠲᠠ ᠳᠤᠮᠳᠠ ᠠᠴᠠ ᠪᠣᠳᠠᠰ ᠤᠨ ᠪᠤᠰᠤ ᠰᠣᠶᠣᠯ ᠤᠨ ᠥᠪ᠂ ᠠᠷᠠᠳ ᠤᠨ ᠵᠠᠩ ᠦᠶᠯᠡ ᠶᠢ ᠠᠮᠲᠠᠯᠠᠭᠤᠯᠵᠤ᠂ ᠤᠯᠠᠮᠵᠢᠯᠠᠯ ᠢ ᠮᠡᠳᠡᠷᠡᠵᠦ᠂ ᠪᠠᠶᠠᠷ ᠪᠠᠶᠠᠰᠤᠯ ᠢ ᠡᠳ᠋ᠯᠡᠭᠦᠯᠦᠨ᠎ᠡ᠃ ᠸᠠᠩ ᠽᠢ ᠿᠦᠩ ᠬᠥᠭᠰᠢᠨ ᠲᠣᠭᠯᠠᠯᠲᠠ ᠶᠢ ᠦᠵᠡᠬᠦ ᠶᠢᠨ ᠳᠠᠭᠠᠤ ᠠᠯᠠᠭ᠎ᠠ ᠲᠠᠰᠢᠵᠦ᠄ ︽ᠡᠨᠡ ᠵᠢᠯ ᠤᠨ ᠥᠯᠵᠡᠶᠢᠲᠦ ᠡᠳᠦᠷ ᠤᠨ ᠪᠠᠶᠠᠷ ᠤᠨ ᠶᠠᠩᠭᠠᠷ ᠪᠥᠵᠢᠭ ᠤᠨ ᠬᠠᠮᠲᠤᠷᠠᠭᠰᠠᠨ ᠲᠣᠭᠯᠠᠯᠲᠠ ᠨᠢ ᠦᠨᠡᠬᠡᠷ ᠮᠠᠨ ᠤ ᠠᠷᠠᠳ ᠲᠦᠮᠡᠨ ᠢ ᠨᠢᠳᠦ ᠬᠤᠵᠢᠷᠯᠠᠭᠤᠯᠪᠠ︾ ᠭᠡᠵᠦ ᠪᠠᠶᠠᠷᠲᠠᠢ ᠪᠠᠷ ᠬᠡᠯᠡᠪᠡ᠃
   ᠡᠩᠨᠡᠭᠡᠨ ᠤ ᠬᠠᠮᠤᠭ ᠤᠨ ᠲᠦᠷᠦᠭᠦᠨ ᠳᠤ ᠶᠠᠪᠤᠵᠤ ᠪᠠᠶᠢᠭᠰᠠᠨ ᠼᠢᠷᠺ ᠤᠨ ᠡᠩᠨᠡᠭᠡ ᠨᠢ ᠨᠡᠩ ᠴᠤ ᠣᠯᠠᠨ ᠤ ᠠᠩᠬᠠᠷᠤᠯ ᠢ ᠲᠠᠲᠠᠵᠤ᠂ ᠠᠷᠰᠯᠠᠨ ᠪᠥᠵᠢᠭ᠂ ᠥᠪᠡᠷᠮᠢᠴᠡ ᠣᠨᠴᠠᠯᠢᠭ  ᠲᠠᠢ ᠬᠠᠭᠤᠷᠠᠢ ᠣᠩᠭᠤᠴᠠ᠂ ᠱᠤᠭ ᠶᠦᠮᠦᠷᠯᠢᠭ ᠳᠣᠮᠤᠭ ᠤᠨ ᠬᠥᠮᠥᠰ ᠨᠢ ᠲᠦᠴᠢᠦᠸᠠᠨ ᠤ ᠴᠠᠭᠠᠨ ᠰᠠᠷ᠎ᠠ ᠶᠢ ᠠᠭᠤᠷ ᠠᠮᠢᠰᠬᠤᠯ ᠢ ᠬᠦᠭᠵᠢᠭᠡᠨ᠂ ᠥᠩᠭᠡ ᠢᠯᠭᠠᠷᠠᠮ᠎ᠠ ᠰᠠᠶᠢᠬᠠᠨ ᠴᠠᠭᠠᠨ ᠰᠠᠷ᠎ᠠ ᠶᠢᠨ ᠪᠠᠶᠠᠷ ᠤᠨ ᠡᠳᠦᠷ ᠢ ᠪᠡᠯᠭᠡᠯᠡᠨ ᠭᠠᠶᠢᠬᠠᠭᠤᠯᠵᠤ ᠪᠠᠶᠢᠯ᠎ᠠ᠃
   ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠲᠣᠭᠯᠠᠭᠴᠢᠳ ᠰᠡᠳᠬᠢᠯ ᠠᠭᠤᠵᠢᠷᠠᠲᠠᠯ᠎ᠠ ᠪᠥᠵᠢᠭᠯᠡᠵᠦ᠂ ᠢᠨᠢᠶᠡᠯᠴᠡᠵᠦ᠂ ᠵᠣᠯ ᠵᠢᠷᠭᠠᠯ ᠪᠠ ᠪᠠᠶᠠᠷ ᠪᠠᠶᠠᠰᠤᠯ ᠢᠶᠠᠨ ᠲᠤᠬᠠᠢ ᠶᠢᠨ ᠲᠠᠯᠠᠪᠠᠢ ᠶᠢᠨ ᠦᠵᠡᠭᠴᠢᠳ ᠨᠢᠭᠡᠪᠦᠷᠢ ᠶᠢᠨ ᠪᠡᠶ᠎ᠡ ᠳᠡᠭᠡᠷ᠎ᠡ ᠰᠠᠴᠤᠷᠠᠭᠤᠯᠵᠤ᠂ ᠲᠡᠳᠡᠨ ᠤ ᠣᠷᠭᠢᠯᠤᠮ᠎ᠠ ᠬᠠᠯᠠᠭᠤᠨ ᠰᠡᠳᠬᠢᠯᠭᠡ ᠲᠠᠢ ᠲᠣᠭᠯᠠᠯᠲᠠ ᠨᠢ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢᠶᠠᠨ ᠢᠯᠡᠳᠬᠡᠵᠦ᠂ ᠦᠵᠡᠭᠴᠢᠳ ᠲᠤ ᠠᠷᠠᠳ ᠤᠨ ᠵᠠᠩ ᠦᠢᠯᠡ ᠶᠢᠨ ᠰᠣᠶᠣᠯ ᠠᠴᠠ ᠤᠯᠠᠮᠵᠢᠯᠠᠯᠲᠤ ᠪᠠᠶᠠᠷ ᠤᠨ ᠡᠳᠦᠷ ᠤᠨ ᠠᠭᠤᠷ ᠠᠮᠢᠰᠬᠤᠯ ᠢ ᠮᠡᠳᠡᠷᠡᠭᠦᠯᠦᠨ᠎ᠡ᠃
   ︽ᠡᠨᠡ ᠰᠠᠶ᠋ᠢ ᠰᠢᠨᠡᠯᠡᠵᠦ ᠪᠠᠶᠢᠭ᠎ᠠ ᠰᠢᠭ᠋ ᠪᠠᠶᠢᠨ᠎ᠠ︕︾ ᠦᠨᠡᠬᠡᠷ ᠰᠠᠢᠬᠠᠨ ᠪᠦᠵᠢᠭᠯᠡᠵᠦ ᠪᠠᠶᠢᠨ᠎ᠠ︕︾ ᠶᠠᠩᠭᠠᠷ ᠪᠥᠵᠢᠭ ᠤᠨ ᠠᠩᠭᠢ ᠶᠢᠨ ᠬᠢᠨ ᠤᠷᠭᠢᠯᠤᠮ᠎ᠠ ᠬᠠᠯᠠᠭᠤᠨ ᠲᠤᠭᠯᠠᠯᠳᠠ ᠨᠢ ᠦᠵᠡᠭᠴᠢᠳ ᠤᠨ ᠮᠠᠭᠲᠠᠭᠠᠯ ᠰᠠᠶᠢᠰᠢᠶᠠᠯ ᠢ ᠣᠯᠪᠠ᠃ ︽ᠪᠠᠭ᠎ᠠ ᠶᠢᠨ ᠦᠶ᠎ᠡ ᠳᠡᠭᠡᠨ ᠰᠢᠨᠡᠯᠡᠵᠦ ᠪᠠᠶᠢᠭᠰᠠᠨ ᠲᠥᠷᠥᠭᠳᠡᠯ ᠪᠠᠰᠠ ᠯᠠ ᠪᠤᠴᠠᠵᠤ ᠢᠷᠡᠯ᠎ᠡ᠂ ᠠᠶᠢᠯ ᠰᠠᠭᠠᠬᠠᠯᠲᠠ ᠶᠢᠨ ᠬᠢᠨ ᠨᠢᠭᠡ ᠳᠣᠣᠷ᠎ᠠ ᠴᠤᠭᠯᠠᠷᠠᠨ ᠶᠠᠩᠭᠠᠷ ᠪᠥᠵᠢᠭᠯᠡᠬᠦ ᠳᠤ ᠬᠦᠷ ᠬᠥᠭᠵᠢᠶᠡᠨ ᠲᠠᠢ ᠂ ᠦᠨᠡᠬᠡᠷ ᠵᠣᠯ ᠵᠢᠷᠭᠠᠯ  ᠲᠠᠢ ᠪᠠᠶᠢᠨ᠎ᠠ︾ ᠭᠡᠵᠦ ᠦᠵᠡᠭᠴᠢᠳ ᠯᠢ ᠱᠤ᠋ ᠫᠢᠩ ᠪᠠᠶᠠᠷᠲᠠᠢ ᠪᠠᠷ ᠭᠠᠷ ᠤᠲᠠᠰᠤ ᠪᠠᠷ ᠢᠶᠠᠨ ᠰᠡᠭᠦᠳᠡᠷᠯᠡᠬᠦ ᠶᠢᠨ ᠳᠠᠭᠠᠤ ᠶᠠᠷᠢᠬᠤ ᠳᠠᠭᠠᠨ᠂ ᠰᠢᠨ᠎ᠡ ᠵᠢᠯ ᠪᠣᠯᠪᠠᠯ ᠰᠢᠨ᠎ᠡ ᠵᠢᠯ ᠤᠨ ᠦᠨᠦᠷ ᠠᠮᠲᠠ ᠲᠠᠢ ᠪᠣᠯᠣᠨ᠎ᠠ᠂ ᠤᠯᠠᠨ ᠢᠶᠠᠷ ᠢᠶᠠᠨ ᠪᠠᠶᠠᠷ ᠬᠦᠷ ᠢᠶᠠᠷ ᠪᠢᠯᠬᠠᠵᠤ᠂ ᠰᠢᠨ᠎ᠡ ᠨᠢᠭᠡᠨ ᠵᠢᠯ ᠤᠨ ᠠᠮᠢᠳᠤᠷᠠᠯ ᠴᠤ ᠤᠯᠠᠮ ᠠᠴᠠ ᠤᠯᠠᠮ ᠰᠠᠶᠢᠵᠢᠷᠠᠬᠤ ᠨᠢ ᠯᠠᠪᠲᠠᠢ ᠭᠡᠵᠦ ᠬᠡᠯᠡᠪᠡ᠃
   ᠥᠩᠭᠡ ᠢᠯᠭᠠᠷᠠᠭᠰᠠᠨ ᠵᠦᠴᠦᠭᠡ ᠶᠢᠨ ᠬᠤᠪᠴᠠᠰᠤ ᠡᠮᠦᠰᠴᠦ᠂ ᠥᠩᠭᠡ ᠪᠦᠷᠢ ᠶᠢᠨ ᠭᠤᠶᠣᠯᠠᠯ ᠢ ᠵᠢᠷᠤᠵᠤ᠂ ᠬᠥᠯ ᠳᠣᠣᠷ᠎ᠠ ᠪᠠᠨ ᠦᠨᠳᠦᠷ ᠮᠣᠳᠣᠨ ᠬᠥᠯᠲᠦ ᠬᠦᠯᠢᠵᠦ᠂ ᠪᠦᠦ ᠱᠢ ᠪᠠᠯᠭᠠᠰᠦ ᠶᠢᠨ ᠪᠦᠦ ᠴᠧᠩ ᠲᠣᠰᠬᠤᠨ ᠤ ᠡᠮᠡᠭᠲᠡᠶᠢᠴᠦᠳ ᠤᠨ ᠥᠨᠳᠥᠷ ᠮᠣᠳᠣᠨ ᠬᠥᠯᠲᠦ ᠠᠩᠭᠢ ᠶᠢᠨ ᠬᠢᠨ ᠲᠦᠴᠢᠦᠸᠠᠨ ᠤ ᠬᠥᠮᠥᠰ ᠢ ᠪᠠᠶᠠᠷ ᠤᠨ ᠡᠳᠦᠷ ᠤᠨ ᠪᠠᠶᠠᠷ ᠤᠨ ᠠᠭᠤᠷ ᠠᠮᠢᠰᠬᠤᠯ ᠳᠤ ᠳᠠᠬᠢᠨᠲᠠ ᠰᠣᠭᠲᠣᠭᠤᠷᠠᠭᠤᠯᠵᠤ᠂ ᠤᠳᠠᠭᠠᠨ ᠬᠤᠭᠤᠴᠠᠭ᠎ᠠ ᠤᠯᠳᠠᠭ᠎ᠠ ᠦᠭᠡᠢ ᠪᠠᠶᠠᠷ ᠪᠠᠭ᠋ᠠᠳᠤᠯ ᠢ ᠠᠪᠴᠢᠷᠠᠯ᠎ᠠ᠃
   ᠲᠠᠩᠰᠤᠭ ᠰᠠᠶᠢᠬᠠᠨ ᠶᠠᠩᠭᠠᠷ ᠪᠥᠵᠢᠭ ᠤᠨ ᠲᠣᠭᠯᠠᠯᠲᠠ ᠳᠤ ᠲᠦᠴᠢᠦᠸᠠᠨ ᠰᠢᠶᠠᠨ ᠤ ᠭᠦᠨ ᠵᠤᠵᠠᠭᠠᠨ ᠠᠷᠠᠳ ᠤᠨ ᠵᠠᠩ ᠦᠢᠯᠡ ᠶᠢᠨ ᠰᠣᠶᠣᠯ ᠤᠨ ᠠᠭᠤᠯᠬᠤᠨ ᠪᠠ ᠭᠠᠵᠠᠷ ᠣᠷᠣᠨ ᠤ ᠰᠣᠶᠣᠯ ᠤᠨ ᠬᠥᠭᠵᠢᠯᠲᠡ ᠶᠢᠨ ᠡᠯᠪᠡᠭ ᠪᠠᠶᠠᠯᠢᠭ ᠦᠷ᠎ᠡ ᠪᠦᠲᠦᠭᠡᠯ ᠢ ᠲᠥᠪᠯᠡᠷᠡᠭᠦᠯᠦᠨ ᠳᠡᠯᠭᠡᠨ ᠦᠵᠡᠭᠦᠯᠵᠦ᠂ ᠲᠦᠴᠢᠦᠸᠠᠨ ᠤ ᠠᠷᠠᠳ ᠲᠦᠮᠡᠨ ᠤ ᠬᠥᠭᠵᠢᠯ ᠪᠠᠳᠠᠷᠠᠯ ᠲᠠᠢ ᠴᠠᠭ ᠦᠶ᠎ᠡ ᠶᠢ ᠪᠡᠯᠭᠡᠯᠡᠵᠦ᠂ ᠡᠶ᠎ᠡ ᠵᠣᠬᠢᠴᠠᠩᠭᠤᠢ᠂ ᠴᠤᠭ ᠪᠠᠳᠠᠷᠠᠩᠭᠤᠢ ᠥᠭᠡᠳᠡᠯᠡᠨ ᠲᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠳᠡᠯᠭᠡᠨ ᠦᠵᠡᠭᠦᠯᠵᠦ᠂ ᠯᠣᠣ ᠵᠢᠯ ᠤᠨ ᠴᠠᠭᠠᠨ ᠰᠠᠷ᠎ᠠ ᠳᠤ ᠪᠠᠶᠠᠷ ᠤᠨ ᠡᠳᠦᠷ ᠤᠨ ᠠᠭᠤᠷ ᠠᠮᠢᠰᠬᠤᠯ ᠢ ᠨᠡᠮᠡᠷᠢᠯᠡᠵᠦ᠂ ᠥᠷᠭᠡᠨ ᠤᠯᠠᠨ ᠲᠦᠮᠡᠨ ᠳᠤ ᠨᠢᠭᠡ ᠤᠳᠠᠭᠠᠨ ᠤ ᠥᠯᠵᠡᠢ ᠪᠡᠯᠭᠡ ᠲᠠᠢ᠂ ᠪᠠᠶᠠᠷ ᠪᠠᠶᠠᠰᠬᠤᠯᠠᠩ ᠲᠠᠢ ᠲᠠᠩᠰᠤᠭ ᠰᠠᠶᠢᠬᠠᠨ ᠰᠣᠶᠣᠯ ᠤᠨ ᠲᠠᠩᠰᠤᠭ ᠬᠤᠭᠤᠯᠠ ᠶᠢ ᠡᠷᠭᠦᠵᠡᠢ᠃
   ᠬᠠᠮᠲᠤᠷᠠᠭᠰᠠᠨ ᠲᠣᠭᠯᠠᠯᠲᠠ ᠶᠢᠨ ᠪᠦᠬᠦ᠋ᠢᠯᠡ ᠠᠵᠢᠯᠯᠠᠭ᠎ᠠ ᠶᠢᠨ ᠶᠠᠪᠤᠴᠠ ᠳᠤ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭᠠᠨ ᠤ ᠴᠠᠭᠳᠠᠭ᠎ᠠ᠂ ᠡᠮ ᠡᠮᠨᠡᠯᠭᠡ ᠵᠡᠷᠭᠡ ᠰᠠᠯᠠᠭ᠎ᠠ ᠮᠥᠴᠢᠷ ᠪᠣᠯᠣᠨ ᠨᠢᠭᠡᠴᠡ ᠨᠢᠭᠲᠠ ᠬᠠᠮᠵᠢᠯᠴᠠᠵᠤ᠂ ᠶᠠᠩᠭᠠᠷ ᠲᠣᠭᠯᠠᠯᠲᠠ ᠶᠢᠨ ᠬᠡᠪ ᠤᠨ ᠪᠥᠭᠡᠳ ᠡᠮᠬᠢ ᠵᠢᠷᠤᠮ  ᠲᠠᠢ ᠶᠠᠪᠤᠭᠳᠠᠬᠤ ᠶᠢ ᠪᠠᠲᠤᠯᠠᠭᠰᠠᠨ ᠪᠠᠶᠢᠨ᠎ᠠ᠃
   ᠲᠤᠬᠠᠢ ᠶᠢᠨ ᠲᠠᠯᠠᠪᠠᠢ ᠳᠤ ᠪᠠᠰᠠ ᠲᠦᠴᠢᠦᠸᠠᠨ ᠰᠢᠶᠠᠨ ᠤ 2024 ᠣᠨ ᠤ ᠲᠠᠷᠢᠶᠠᠯᠠᠩ ᠤᠨ ᠣᠨᠴᠠ ᠭᠠᠷᠤᠯᠲᠠ ᠶᠢᠨ ᠥᠯᠵᠡᠶᠢᠲᠦ ᠡᠳᠦᠷ ᠤᠨ ᠪᠠᠶᠠᠷ ᠤᠨ ᠳᠡᠯᠭᠡᠨ ᠪᠣᠷᠣᠯᠠᠭᠤᠯᠬᠤ ᠠᠵᠢᠯᠯᠠᠭ᠎ᠠ ᠶᠢ ᠥᠷᠨᠢᠭᠦᠯᠵᠦ᠂ ᠨᠡᠶᠢᠳᠡ 10 ᠭᠠᠷᠤᠢ ᠠᠵᠤ ᠠᠬᠤᠶᠢᠯᠠᠯ ᠤᠨ 100 ᠭᠠᠷᠤᠢ ᠲᠦᠷᠦᠯ ᠤᠨ ᠲᠠᠷᠢᠶᠠᠯᠠᠩ ᠤᠨ ᠣᠨᠴᠠ ᠭᠠᠷᠤᠯᠲᠠ ᠶᠢ ᠳᠡᠯᠭᠡᠨ ᠦᠵᠡᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠪᠣᠷᠤᠯᠠᠭᠤᠯᠭ᠎ᠠ ᠶᠢᠨ ᠬᠡᠮᠵᠢᠶ᠎ᠡ ᠨᠡᠶᠢᠳᠡ 17 ᠭᠠᠷᠤᠢ ᠲᠦᠮᠡᠨ ᠲᠥᠭᠦᠷᠢᠭ ᠲᠤ ᠬᠦᠷᠴᠡᠢ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号