ᠰᠢᠶᠠᠨ ᠤ ᠤᠳᠤᠷᠢᠳᠤᠯᠭ᠎ᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠢ ᠡᠷᠭᠢᠵᠦ ᠦᠵᠡᠪᠡ
ᠨᠡᠶᠢᠲᠡᠯᠡᠭᠰᠡᠨ ᠴᠠᠭ᠄
2024/2/26
2 ᠰᠠᠷ᠎ᠠ ᠶᠢᠨ 25 ᠤ ᠡᠳᠦᠷ ᠵᠠᠩ ᠱᠤᠸᠠᠩ ᠴᠧᠩ᠂ ᠸᠠᠩ ᠶᠦᠩ ᠵᠢᠶᠠ᠂ ᠴᠧᠨ ᠭᠦᠸᠧ ᠮᠢᠩ᠂ ᠸᠠᠩ ᠶᠠᠨ ᠪᠥᠸᠧ ᠵᠡᠷᠭᠡ ᠰᠢᠶᠠᠨ ᠤ ᠤᠳᠤᠷᠢᠳᠤᠯᠭ᠎ᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠭᠤᠭ᠎ᠠ ᠭᠠᠵᠠᠷ ᠲᠤ ᠬᠦᠷᠴᠦ᠂ ᠤᠯᠤᠰ ᠲᠥᠷᠥ ᠶᠢᠨ ᠵᠥᠪᠯᠡᠯᠭᠡᠨ ᠤ ᠲᠦᠴᠢᠦᠸᠠᠨ ᠰᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯᠳᠤᠭᠠᠨ ᠳᠤ ᠣᠷᠣᠯᠴᠠᠭᠰᠠᠨ ᠡᠯ᠎ᠡ ᠡᠲᠡᠭᠡᠳ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠢ ᠡᠷᠭᠢᠵᠦ ᠦᠵᠡᠪᠡ᠃       ᠭᠡᠰᠢᠭᠦᠳ ᠤᠨ ᠰᠠᠭᠤᠭ᠎ᠠ ᠭᠠᠵᠠᠷ ᠲᠤ᠂ ᠰᠢᠶᠠᠨ ᠤ ᠳᠦᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠬᠤᠷᠠᠯ ᠳᠤ ᠣᠷᠣᠯᠴᠠᠭᠰᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠵᠦ᠂ ᠲᠡᠳᠡᠨ ᠤ ᠰᠢᠶᠠᠨ ᠤ ᠬᠡᠪᠴᠢᠶᠡᠨ ᠤ ᠬᠥᠭᠵᠢᠯᠲᠡ ᠳᠤ ᠦᠵᠡᠭᠦᠯᠦᠭᠰᠡᠭᠡᠷ ᠢᠷᠡᠭᠰᠡᠨ ᠬᠤᠪᠢ ᠨᠡᠮᠡᠷᠢ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠭᠡᠰᠢᠭᠦᠳ ᠤᠨ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ︽ᠰᠡᠳᠬᠢᠯ ᠢᠶᠠᠨ ᠬᠤᠯᠪᠣᠭᠰᠠᠨ ᠬᠥᠭᠦᠷᠭᠡ︾ ᠶᠢ ᠪᠣᠰᠬᠠᠵᠤ᠂ ᠲᠦᠴᠢᠦᠸᠠᠨ ᠤ ᠬᠥᠭᠵᠢᠯᠲᠡ ᠶᠢᠨ ᠦᠢᠯᠡᠳᠦᠯᠭᠡ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠬᠠᠮᠤᠭ ᠤᠨ ᠶᠡᠭᠡ ︽ᠢᠵᠢᠯ ᠲᠥᠪᠲᠦ ᠲᠣᠭᠤᠷᠢᠭ︾ ᠢ ᠰᠠᠶᠢᠲᠤᠷ ᠵᠢᠷᠤᠵᠤ᠂ ᠰᠢᠶᠠᠨ ᠤ ᠬᠡᠪᠴᠢᠶᠡᠨ ᠤ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠲᠤᠰᠢᠶᠠᠯ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠰᠡᠳᠬᠢᠯ ᠰᠠᠨᠠᠭ᠎ᠠ ᠪᠠᠨ ᠲᠥᠪᠯᠡᠷᠡᠭᠦᠯᠦᠨ ᠬᠤᠷᠠᠯᠳᠤᠭᠠᠨ ᠢ ᠰᠠᠶᠢᠲᠤᠷ ᠬᠤᠷᠠᠯᠳᠤᠭᠤᠯᠵᠤ᠂ ᠬᠤᠷᠠᠯᠳᠤᠭᠠᠨ ᠤ ᠡᠯ᠎ᠡ ᠵᠦᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠠᠷ ᠪᠡᠶᠡᠯᠡᠭᠦᠯᠬᠦ ᠬᠡᠷᠡᠭᠲᠡᠢ᠃       ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠ ᠣᠷᠭᠢᠯᠤᠮ᠎ᠠ ᠬᠠᠯᠠᠭᠤᠨ ᠰᠡᠳᠬᠢᠯᠭᠡ ᠪᠠᠷ ᠰᠢᠶᠠᠨ ᠤ ᠨᠠᠮ ᠤᠨ ᠬᠤᠷᠢᠶ᠎ᠠ ᠰᠢᠶᠠᠨ ᠤ ᠵᠠᠰᠠᠭ ᠤᠨ ᠣᠷᠳᠣᠨ ᠤ ᠲᠣᠭᠲᠠᠭᠠᠭᠰᠠᠨ ᠭᠤᠣᠯ ᠠᠵᠢᠯ ᠤᠨ ᠲᠣᠭᠤᠷᠢᠨ ᠳᠤ᠂ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠡᠩ ᠰᠠᠶᠢᠲᠤᠷ ᠲᠤᠰᠬᠠᠵᠤ᠂ ᠠᠷᠠᠳ ᠤᠨ ᠰᠡᠳᠬᠢᠯ ᠢ ᠬᠠᠮᠤᠭ ᠤᠨ ᠶᠡᠭᠡ ᠬᠡᠮᠵᠢᠶ᠎ᠡ ᠪᠠᠷ ᠨᠢᠭᠲᠠᠷᠠᠭᠤᠯᠵᠤ᠂ ᠠᠷᠠᠳ ᠤᠨ ᠤᠶᠤᠨ ᠤᠬᠠᠭᠠᠨ ᠢ ᠲᠥᠪᠯᠡᠷᠡᠭᠦᠯᠵᠦ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠨᠡᠮᠡᠷᠢᠯᠡᠨ᠎ᠡ ᠭᠡᠵᠦ ᠭᠡᠰᠢᠭᠦᠳ ᠢᠯᠡᠳᠬᠡᠵᠡᠭᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号