2 ᠰᠠᠷ᠎ᠠ ᠶᠢᠨ 23 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ | ᠳᠠᠷᠤᠭ᠎ᠠ ᠰᠦᠬᠡ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ | ᠤᠯᠤᠰ ᠤᠨ ᠠᠶᠤᠯᠭᠦᠶ ᠦᠢᠯᠡᠳᠪᠦᠷᠢᠯᠡᠯ ᠤᠨ ᠲᠧᠯᠸᠢᠰ ᠳ᠋ᠢᠶᠠᠩᠬᠤᠸᠠ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ︽ᠬᠢᠩᠭᠠᠨ ᠠᠶᠢᠮᠠᠭ ᠤᠨ ᠤᠯᠤᠰ ᠤᠨ ᠲᠠᠰ ᠤᠨ ᠣᠲᠣ ᠦᠶ᠎ᠡ ᠶᠢᠨ ᠮᠠᠯ ᠠᠵᠤ ᠠᠬᠤᠶ ᠶᠢᠨ | ᠲᠤᠷᠰᠢᠯᠲᠠ ᠶᠢᠨ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠤᠨ ᠬᠡᠷᠡᠭᠵᠢᠭᠦᠯᠬᠦ ᠲᠥᠰᠦᠯ︾ ᠵᠢᠴᠢ ︽ | ᠬᠢᠩᠭᠠᠨ ᠠᠴᠠ ᠢᠷᠡᠯᠲᠡ ᠲᠠᠢ︾ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ | ᠪᠠᠶᠢᠭᠤᠯᠤᠯᠲᠠ ᠶᠢᠨ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠢ ᠰᠤᠳᠤᠯᠤᠨ ᠬᠢᠨᠠᠨ ᠵᠥᠪᠯᠡᠪᠡ᠃ | ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ | ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠤᠯᠤᠰ ᠤᠨ ᠠᠶᠤᠯᠭᠦᠢ ᠦᠢᠯᠡᠳᠪᠦᠷᠢᠯᠡᠯ ᠤᠨ ᠲᠧᠯᠸᠢᠰ ᠤᠲᠠᠰᠤ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠪᠣᠯᠤᠨ ᠦᠢᠯᠡ | ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠠᠵᠢᠯ ᠤᠨ ᠱᠠᠭᠠᠷᠳᠠᠯᠭ᠎ᠠ ᠳᠡᠭᠡᠷ᠎ᠡ ᠨᠢᠭᠡᠳᠬᠡᠵᠦ᠂ ᠠᠶᠤᠯᠭᠦᠢ ᠬᠥᠭᠵᠢᠯᠲᠡ ᠶᠢᠨ ᠤᠢᠢᠯᠠᠭᠠᠭᠳᠠᠬᠤᠨ ᠢ ᠪᠠᠲᠤ ᠪᠤᠢ | ᠪᠣᠯᠭᠠᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ︽ᠴᠠᠭ ᠢᠮᠠᠭᠲᠠ | ᠰᠠᠨᠠᠭᠠᠰᠢᠷᠠᠬᠤ︾ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠩᠭᠠᠳᠭᠠᠵᠦ᠂ | ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠣᠯᠤᠨ ᠨᠡᠶᠢᠭᠡᠮ ᠤᠨ ᠶᠡᠭᠡ ᠲᠠᠯ᠎ᠠ ᠶᠢᠨ | ᠲᠣᠭᠲᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ | ᠤᠬᠠᠮᠰᠠᠷ ᠢᠶᠠᠨ ᠴᠢᠩᠭᠠᠳᠬᠠᠵᠤ᠂ ᠬᠢᠩᠭᠠᠨ ᠠᠶᠢᠮᠠᠭ ᠤᠨ ᠤᠯᠤᠰ ᠤᠨ ᠲᠡᠰ ᠤᠨ ᠤᠳᠤ ᠦᠶ᠎ᠡ ᠶᠢᠨ ᠮᠠᠯ ᠠᠵᠤ | ᠠᠬᠤᠢ ᠶᠢᠨ ᠲᠤᠷᠰᠢᠯᠲᠠ ᠶᠢᠨ ᠣᠷᠣᠨ ᠢ ᠨᠠᠶᠢᠳᠠᠪᠤᠷᠢᠵᠢᠭᠤᠯᠬᠤ ᠢᠨᠵᠧᠨᠧᠷᠢᠩ ᠢ ᠬᠡᠷᠡᠭᠵᠢᠭᠦᠯᠬᠦ ᠠᠵᠢᠯ ᠢ | ᠴᠢᠬᠤᠯᠠ ᠠᠴᠠ ᠴᠢᠬᠤᠯᠠ ᠪᠠᠶᠢᠷᠢᠨ ᠳᠤ ᠲᠠᠯᠪᠢᠵᠤ᠂ ᠵᠣᠬᠢᠴᠠᠭᠤᠯᠤᠨ ᠨᠢᠭᠡᠳᠦᠯᠲᠡᠢ ᠲᠥᠯᠥᠪᠵᠢᠭᠦᠯᠬᠦ ᠡᠷᠴᠢᠮ ᠢᠶᠠᠨ | ᠴᠢᠩᠭᠠᠷᠠᠭᠤᠯᠵᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠠᠨᠠᠭᠠᠴᠢᠯᠠᠭ᠎ᠠ ᠠᠴᠠ ᠪᠠᠨ | ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠲᠠᠩᠰᠠ ᠮᠡᠳᠡᠭᠦᠯᠬᠦ ᠤᠬᠠᠮᠰᠠᠷ᠂ ᠰᠢᠯᠭᠠᠯᠲᠠ ᠶᠢᠨ ᠬᠠᠭᠤᠳᠠᠰᠤ | ᠲᠤᠰᠢᠶᠠᠬᠤ ᠤᠬᠠᠮᠰᠠᠷ᠂ ᠦᠷ᠎ᠡ ᠪᠦᠲᠦᠭᠡᠯ ᠤᠨ ᠤᠬᠠᠮᠰᠠᠷ ᠢᠶᠠᠨ ᠴᠢᠩᠭᠠᠳᠬᠠᠵᠤ᠂ ᠠᠶᠢᠮᠠᠭ ᠤᠨ ᠨᠠᠮ ᠤᠨ ᠬᠤᠷᠢᠶ᠎ᠠ᠂ | ᠵᠠᠬᠢᠷᠭ᠎ᠠ ᠶᠢᠨ ᠲᠣᠭᠲᠠᠭᠠᠭᠰᠠᠨ ︽ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ︾ ᠤᠨ ᠰᠢᠷᠢᠰ | ᠲᠦᠷᠦ ᠶᠢᠨ ᠪᠤᠳᠤᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠦᠬᠦ | ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ︽ᠬᠢᠩᠭᠠᠨ ᠠᠴᠠ ᠢᠷᠡᠯᠲᠡ ᠲᠠᠢ︾ ᠣᠷᠣᠨ | ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠪᠠᠶᠢᠭᠤᠯᠤᠯᠲᠠ ᠶᠢᠨ ᠠᠵᠢᠯ ᠢ ᠬᠦᠴᠦᠯᠡᠨ ᠰᠠᠶᠢᠲᠤᠷ | ᠠᠳᠬᠤᠵᠤ᠂ ᠬᠢᠩᠭᠠᠨ ᠠᠶᠢᠮᠠᠭ ᠤᠨ ᠣᠷᠣᠨ ᠪᠦᠰᠡ ᠶᠢᠨ ᠨᠠᠷᠠᠲᠤ ᠲᠡᠮᠳᠡᠭ ᠤᠨ ᠥᠯᠢᠭᠡᠷ ᠢ ᠦᠷᠭᠦᠯᠵᠢᠯᠡᠨ | ᠰᠠᠶᠢᠲᠤᠷ ᠠᠭᠤᠳᠠᠯᠤᠨ ᠶᠠᠷᠢᠵᠤ᠂ ᠪᠥᠬᠦ ᠤᠯᠤᠰ ᠲᠤ ︽ᠬᠢᠩᠭᠠᠨ ᠠᠴᠠ ᠢᠷᠡᠯᠲᠡ ᠲᠠᠢ︾ ᠣᠷᠣᠨ ᠪᠦᠰᠡ ᠶᠢᠨ | ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠢ ᠬᠠᠩᠭᠢᠨᠠᠭᠤᠯᠵᠤ᠂ ᠬᠢᠩᠭᠠᠨ ᠠᠶᠢᠮᠠᠭ ᠤᠨ ᠪᠣᠬᠢᠷᠲᠤᠯ ᠥᠬᠡᠶ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠠᠯᠳᠠᠷᠰᠢᠯ᠂ ᠢᠷᠠᠭᠤ ᠠᠯᠳᠠᠷ ᠤᠨ ᠬᠡᠮᠵᠢᠶ᠎ᠡ ᠪᠠ ᠥᠷᠢᠰᠦᠯᠳᠦᠬᠦ | ᠬᠦᠴᠦᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠬᠢᠩᠭᠠᠨ ᠠᠶᠢᠮᠠᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ | ᠬᠥᠭᠵᠢᠯᠲᠡ ᠳᠤ ︽ᠲᠦᠷᠦᠯ ᠲᠡᠮᠳᠡᠭ ᠤᠨ ᠬᠦᠴᠦᠨ︾ ᠢ ᠡᠷᠭᠦᠬᠦ ᠬᠡᠷᠡᠭᠲᠡᠶ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |