560 ᠲᠣᠰᠬᠤᠨ ᠤ ᠠᠷᠠᠳ ᠨᠢᠭᠡ ᠲᠠᠩᠬᠢᠮ ᠳᠤ ᠴᠤᠭᠯᠠᠷᠠᠨ ᠴᠠᠭᠠᠨ ᠰᠠᠷ᠎ᠠ ᠪᠠᠨ ᠪᠠᠶᠠᠷᠯᠠᠨ ᠤᠭᠲᠤᠪᠠ
ᠨᠡᠶᠢᠲᠡᠯᠡᠭᠰᠡᠨ ᠴᠠᠭ᠄
2024/2/3
   ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠳᠦᠷᠰᠦ ᠪᠠᠶᠢᠳᠠᠯ ᠢ‌ᠢᠯᠡᠷᠡᠭᠦᠯᠵᠦ᠂ ᠥᠷᠭᠡᠨ ᠤᠯᠠᠨ ᠲᠦᠮᠡᠨ ᠳᠤ ᠬᠠᠯᠠᠭᠤᠨ ᠲᠤᠯᠠᠭᠠᠨ ᠠᠮᠢᠳᠤᠷᠠᠯ ᠤᠨ ᠠᠭᠤᠷ ᠠᠮᠢᠰᠬᠤᠯ ᠪᠣᠯᠣᠨ ᠥᠳᠬᠡᠨ ᠵᠤᠵᠠᠭᠠᠨ ᠵᠢᠯ ᠤᠨ ᠦᠨᠦᠷ ᠠᠮᠲᠠ ᠶᠢ ᠮᠡᠳᠡᠷᠡᠭᠦᠯᠬᠦ ᠶᠢᠨ ᠲᠦᠯᠦᠭᠡ᠃ 2 ᠰᠠᠷ᠎ᠠ ᠶᠢᠨ 2 ᠤᠨ ᠡᠳᠦᠷ᠂ ᠪᠢᠯᠢᠭ ᠤᠨ ᠤᠯᠠᠷᠢᠯ ᠤᠨ ᠪᠠᠭ᠎ᠠ ᠰᠢᠨ᠎ᠡ ᠶᠢᠨ ᠡᠨᠡ ᠡᠳᠦᠷ᠂ ᠲᠦᠴᠢᠦᠸᠠᠨ ᠰᠢᠶᠠᠨ ᠤ ᠪᠦᠦ ᠱᠢ ᠪᠠᠯᠭᠠᠰᠤ ᠶᠢᠨ ᠪᠦᠦ ᠹᠧᠩ ᠲᠣᠰᠬᠤᠨ 2024 ᠣᠨ ᠤ ᠰᠢᠨ᠎ᠡ ᠵᠢᠯ ᠢ ᠤᠭᠲᠤᠬᠤ ᠬᠠᠮᠲᠤᠷᠠᠭᠰᠠᠨ ᠨᠠᠶᠢᠷ ᠥᠷᠨᠢᠭᠦᠯᠵᠡᠢ᠃
   ᠬᠠᠷ᠎ᠠ ᠥᠷᠯᠥᠭᠡ᠂ ᠶᠠᠩᠭᠠᠷ  ᠤᠨ ᠲᠣᠭᠯᠠᠯᠲᠠ ᠪᠠᠶᠠᠷ ᠬᠦᠷ ᠲᠠᠢ ᠬᠦᠭ ᠠᠶᠠᠰ ᠢᠶᠠᠷ ᠢᠶᠠᠨ ᠨᠠᠶᠢᠷ ᠤᠨ ᠬᠥᠰᠢᠭᠡ ᠪᠠᠨ ᠰᠡᠬᠦᠵᠦ᠂ ᠲᠣᠰᠬᠤᠨ ᠤ ᠠᠷᠠᠳ ᠦᠷᠯᠦᠭᠡ ᠡᠷᠳᠡ ᠲᠣᠰᠬᠤᠨ ᠤ ᠡᠮᠦᠨᠡᠬᠢ ᠠᠭᠤᠳᠠᠮ ᠲᠠᠯᠠᠪᠠᠢ ᠳᠤ ᠬᠦᠷᠴᠦ᠂ ᠠᠬᠤᠢ ᠲᠠᠯᠠᠪᠠᠢ ᠶᠢᠨ ᠠᠭᠤᠷ ᠠᠮᠢᠰᠬᠤᠯ ᠬᠤᠷᠣᠮᠬᠠᠨ ᠵᠠᠭᠤᠷ᠎ᠠ ᠳᠦᠷᠡᠯᠵᠡᠨ ᠨᠣᠴᠣᠪᠠ᠃ ᠲᠡᠭᠦᠨ ᠤ ᠬᠤᠶᠢᠨ᠎ᠠ ᠠᠴᠠ ᠨᠢ ᠤᠳᠬ᠎ᠠ ᠤᠷᠠᠯᠢᠭ ᠲᠤ ᠪᠠᠭ᠋ᠠᠲᠠᠢ ᠬᠥᠮᠥᠰ ᠤᠨ ᠭᠤᠶᠢᠳᠠ ᠰᠠᠶᠢᠬᠠᠨ ᠬᠤᠶᠠᠷ ᠬᠦᠮᠦᠨ ᠤ ᠲᠣᠭᠯᠠᠯᠲᠠ ᠨᠢ ᠬᠥᠮᠥᠰ ᠤᠨ ᠠᠩᠬᠠᠷᠤᠯ ᠢ ᠲᠠᠲᠠᠨ᠎ᠠ᠃ ᠤᠷᠠᠨ ᠰᠠᠶᠢᠬᠠᠨ ᠤ ᠲᠤᠭᠯᠠᠯᠳᠠ ᠨᠢ ᠲᠣᠰᠬᠤᠨ ᠤ ᠠᠷᠠᠳ ᠲᠤ ᠬᠦᠰᠡᠯ ᠵᠥᠩᠨᠡᠯ ᠪᠠ ᠪᠠᠶᠠᠷ ᠬᠦᠷ ᠢᠶᠠᠷ ᠪᠢᠯᠬᠠᠭᠰᠠᠨ ᠰᠢᠨ᠎ᠡ ᠵᠢᠯ ᠤᠨ ᠳᠠᠶᠢᠯᠠᠯᠭ᠎ᠠ ᠪᠠᠨ ᠳᠡᠪᠰᠢᠭᠦᠯᠵᠡᠢ᠃
   ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠳᠠᠭᠤᠰᠤᠭᠰᠠᠨ ᠤ ᠲᠠᠷᠠᠭ᠎ᠠ᠂ ᠲᠣᠰᠬᠤᠨ ᠤ ᠠᠷᠠᠳ ᠨᠢᠭᠡ ᠨᠢᠭᠡ ᠪᠠᠷ ᠢᠶᠠᠨ ᠴᠤᠭ ᠵᠢᠪᠬᠤᠭ᠎ᠠ ᠡᠷᠴᠢ ᠵᠣᠷᠢᠭ ᠢᠶᠠᠷ ᠪᠢᠯᠬᠠᠵᠤ᠂ ᠱᠦᠭᠯᠦ ᠳᠤᠤᠭᠠᠷᠬᠤ ᠶᠢ ᠳᠠᠭᠠᠯᠳᠤᠨ᠂ ᠳᠡᠭᠡᠰᠦ ᠲᠠᠲᠠᠬᠤ ᠤᠷᠤᠯᠳᠤᠭᠠᠨ ᠵᠢᠩᠬᠢᠨᠢ ᠪᠠᠷ ᠡᠬᠢᠯᠡᠵᠦ᠂ ᠤᠷᠤᠯᠳᠤᠭᠠᠨ ᠳᠤ ᠣᠷᠣᠯᠴᠠᠭᠰᠠᠨ ᠬᠤᠶᠠᠷ ᠲᠠᠯ᠎ᠠ ᠶᠢᠨ ᠲᠠᠮᠢᠷᠴᠢᠳ ᠴᠥᠮ ᠬᠦᠴᠦ ᠪᠠᠨ ᠰᠢᠪᠬᠠᠨ ᠰᠢᠷᠦᠭᠦᠨ ᠦᠵᠡᠯᠴᠡᠵᠦ᠂ ᠲᠤᠬᠠᠢ ᠶᠢᠨ ᠲᠠᠯᠠᠪᠠᠢ ᠳᠤ ᠬᠦᠴᠦ ᠨᠡᠮᠡᠵᠦ ᠰᠦᠷ ᠬᠦᠴᠦᠨ ᠨᠡᠮᠡᠷᠢᠯᠡᠬᠦ ᠲᠠᠭᠤᠨ ᠢᠶᠠᠷ ᠪᠢᠯᠬᠠᠨ᠎ᠠ᠃ ︽ᠬᠠᠷᠠᠩᠭ᠎ᠠ ᠴᠣᠬᠢᠬᠤ︾᠂ ︽ᠨᠢᠳᠦ ᠪᠠᠨ ᠪᠦᠳᠦᠭᠡᠵᠦ ᠭᠠᠯᠠᠭᠤ ᠪᠠᠷᠢᠬᠤ︾ ᠵᠡᠷᠭᠡ ᠠᠯᠢ ᠤᠯᠠᠨ ᠠᠵᠢᠯᠯᠠᠭ᠎ᠠ ᠴᠤ ᠬᠦᠷ ᠬᠥᠭᠵᠢᠭᠡᠨ ᠲᠠᠢ ᠶᠠᠪᠤᠭᠳᠠᠵᠤ ᠪᠠᠶᠢᠨ᠎ᠠ᠃ ᠪᠠᠶᠠᠯᠢᠭ ᠠᠭᠤᠯᠭ᠎ᠠ ᠲᠠᠢ ᠠᠵᠢᠯᠯᠠᠭ᠎ᠠ ᠨᠢ ᠲᠣᠰᠬᠤᠨ ᠤ ᠠᠷᠠᠳ ᠤᠨ ᠬᠥᠷᠰᠢ ᠵᠡᠷᠭᠡᠯᠡᠳᠡᠭᠡ ᠶᠢᠨ ᠪᠠᠶᠢᠳᠠᠯ ᠢ ᠪᠦᠲᠦᠮᠵᠢᠲᠡᠢ ᠣᠶᠢᠷᠠᠲᠤᠭᠤᠯᠤᠭᠰᠠᠨ ᠢᠶᠠᠷ ᠪᠠᠷᠠᠬᠤ ᠦᠭᠡᠢ ᠪᠠᠰᠠ ᠬᠥᠳᠡᠭᠡ ᠲᠣᠰᠬᠤᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠨᠠᠭᠰᠢᠳᠠ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠡᠢ᠃
   ︽ᠪᠢ ᠥᠨᠥᠳᠥᠷ ᠲᠣᠰᠬᠤᠨ ᠳᠤ ᠢᠷᠡᠵᠦ ᠡᠨᠡ ᠬᠦ ᠠᠵᠢᠯᠯᠠᠭ᠎ᠠ ᠳᠤ ᠣᠷᠣᠯᠴᠠᠭᠰᠠᠨ ᠳᠠᠭᠠᠨ ᠮᠠᠰᠢ ᠪᠠᠶᠠᠷᠯᠠᠵᠤ ᠪᠠᠶᠢᠨ᠎ᠠ᠂ ᠬᠤᠶᠠᠷ ᠬᠥᠮᠥᠨ ᠤ ᠲᠤᠭᠯᠠᠯᠳᠠ ᠲᠠᠢ᠂ ᠪᠠᠰᠠ ᠳᠡᠭᠡᠰᠦ ᠲᠠᠲᠠᠬᠤ ᠤᠷᠤᠯᠳᠤᠭᠠᠨ ᠲᠠᠢ᠂ ᠪᠠᠰᠠ ᠪᠠᠩᠰᠢ ᠣᠯᠵᠤ ᠢᠳᠡᠨ᠎ᠡ᠂ ᠪᠢ ᠭᠡᠷ ᠤᠨ ᠬᠥᠮᠥᠰ ᠲᠠᠢ ᠪᠠᠨ ᠰᠢᠨ᠎ᠡ ᠨᠢᠭᠡᠨ ᠵᠢᠯ ᠳᠤ ᠪᠡᠶ᠎ᠡ ᠮᠠᠬᠠᠪᠤᠳ ᠡᠷᠡᠭᠦᠯ ᠴᠢᠭᠢᠷᠠᠭ᠂ ᠲᠦᠮᠡᠨ ᠬᠡᠷᠡᠭ ᠲᠡᠭᠦᠰ ᠪᠦᠲᠦᠬᠦ ᠶᠢ ᠬᠦᠰᠡᠵᠦ ᠪᠠᠶᠢᠨ᠎ᠠ︾ ᠭᠡᠵᠦ ᠪᠦᠦ ᠱᠢ ᠪᠠᠯᠭᠠᠰᠤᠨ ᠤ ᠪᠦᠦ ᠹᠧᠩ ᠲᠣᠰᠬᠤᠨ ᠤ ᠠᠷᠠᠳ ᠯᠢᠦ ᠽᠦᠸᠧ ᠬᠠᠢ ᠰᠡᠳᠬᠢᠯ ᠳᠣᠭᠳᠣᠯᠤᠨ ᠬᠡᠯᠡᠪᠡ᠃
   ᠭᠡᠷ ᠲᠤᠳᠤᠷ᠎ᠠ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠦᠢᠯᠡᠴᠢᠯᠡᠭᠴᠢᠳ ᠴᠦ ᠵᠣᠭᠰᠣᠯ ᠦᠭᠡᠢ ᠶᠠᠭᠠᠷᠠᠯᠳᠤᠵᠤ᠂ ᠬᠠᠷ᠎ᠠ ᠥᠷᠯᠥᠭᠡ ᠪᠠᠷ ᠲᠣᠰᠬᠤᠨ ᠳᠤ ᠢᠷᠡᠵᠦ ᠪᠠᠩᠰᠢ ᠴᠢᠨᠠᠬᠤ ᠪᠠᠷ ᠪᠡᠯᠡᠳᠬᠡᠵᠦ᠂ ᠭᠡᠷ ᠤᠨ ᠳᠣᠲᠣᠨ᠎ᠠ ᠭᠠᠳᠠᠨ᠎ᠠ ᠵᠢᠯ ᠴᠠᠭᠠᠨ ᠰᠠᠷ᠎ᠠ ᠶᠢᠨ ᠠᠭᠤᠷ ᠠᠮᠢᠰᠬᠤᠯ ᠢᠶᠠᠷ ᠪᠢᠯᠬᠠᠨ᠎ᠠ᠃ ᠤᠯᠠᠨ ᠢᠶᠠᠷ ᠢᠶᠠᠨ ᠠᠵᠢᠯ ᠢᠶᠠᠨ ᠬᠤᠪᠢᠶᠠᠵᠤ ᠬᠠᠮᠲᠤᠷᠠᠨ ᠠᠵᠢᠯᠯᠠᠭᠠᠳ ᠮᠠᠰᠢ ᠪᠠᠶᠠᠷ ᠲᠠᠢ ᠪᠠᠶᠢᠨ᠎ᠠ᠃
   ᠬᠠᠯᠠᠭᠤᠨ ᠠᠭᠤᠷ ᠪᠠᠭᠠᠭᠢᠭᠰᠠᠨ ᠪᠠᠩᠰᠢ ᠶᠢ ᠠᠪᠴᠢᠷᠠᠬᠤ ᠳᠤ᠂ ᠪᠢᠴᠢᠬᠠᠨ ᠪᠠᠩᠰᠢ ᠨᠢ ᠬᠥᠷᠰᠢ ᠵᠡᠷᠭᠡᠯᠡᠳᠡᠭᠡ ᠶᠢᠨ ᠢᠶᠠᠨ ᠬᠠᠶᠢᠷ᠎ᠠ ᠰᠡᠳᠬᠢᠯᠭᠡ ᠶᠢ ᠬᠤᠯᠪᠣᠵᠤ᠂ ᠤᠯᠠᠨ ᠢᠶᠠᠷ ᠢᠶᠠᠨ ᠲᠣᠭᠤᠷᠢᠨ ᠰᠠᠭᠤᠵᠤ᠂ ᠪᠠᠩᠰᠢ ᠢᠳᠡᠬᠦ ᠶᠢᠨ ᠳᠠᠭᠠᠤ ᠢᠷᠡᠬᠦ ᠵᠢᠯ ᠤᠨ ᠰᠠᠶᠢᠨ ᠰᠠᠶᠢᠬᠠᠨ ᠠᠮᠢᠳᠤᠷᠠᠯ ᠢᠶᠠᠨ ᠠᠭᠤᠵᠢᠷᠠᠲᠠᠯ᠎ᠠ ᠶᠠᠷᠢᠯᠴᠠᠵᠤ᠂ ᠪᠠᠶᠠᠷ ᠪᠠᠶᠠᠰᠬᠤᠯᠠᠩ ᠲᠠᠢ᠂ ᠥᠯᠵᠡᠢ ᠪᠡᠯᠭᠡ ᠲᠠᠢ ᠠᠭᠤᠷ ᠠᠮᠢᠰᠬᠤᠯ ᠨᠢ ᠤᠯᠠᠨ ᠳᠤ ᠭᠦᠨ ᠵᠤᠵᠠᠭᠠᠨ ︽ᠰᠢᠨ᠎ᠡ ᠵᠢᠯ︾  ᠤᠨ ᠠᠭᠤᠷ ᠠᠮᠢᠰᠬᠤᠯ ᠢ ᠮᠡᠳᠡᠷᠡᠭᠦᠯᠪᠡ᠃
   ︽ᠡᠨᠡ ᠤᠳᠠᠭ᠎ᠠ ᠶᠢᠨ ᠠᠵᠢᠯᠯᠠᠭ᠎ᠠ ᠪᠠᠷ ᠳᠠᠮᠵᠢᠨ᠂ ᠬᠥᠷᠰᠢ ᠵᠡᠷᠭᠡᠯᠡᠳᠡᠭᠡ ᠶᠢᠨ ᠬᠤᠭᠤᠷᠣᠨᠳᠣᠬᠢ ᠬᠠᠶᠢᠷ᠎ᠠ ᠰᠡᠳᠬᠢᠯᠭᠡ ᠶᠢ ᠤᠯᠠᠮ ᠵᠤᠵᠠᠭᠠᠳᠬᠠᠵᠤ᠂ ᠲᠣᠰᠬᠤᠨ ᠤ ᠠᠷᠠᠳ ᠤᠨ ᠬᠤᠭᠤᠷᠣᠨᠳᠣᠬᠢ ᠨᠢᠭᠲᠠᠷᠠᠯ ᠤᠨ ᠬᠦᠴᠦᠨ ᠢ ᠴᠦ ᠤᠯᠠᠮ ᠨᠢᠭᠡ ᠠᠯᠬᠤᠮ ᠨᠡᠮᠡᠭᠳᠡᠭᠦᠯᠵᠡᠢ᠂ ᠮᠠᠨ ᠤ ᠪᠦᠦ ᠹᠧᠩ ᠲᠣᠰᠬᠤᠨ ᠬᠤᠶᠢᠰᠢᠳᠠ ᠤᠯᠠᠮ ᠰᠠᠶᠢᠨ ᠪᠣᠯᠬᠤ ᠶᠢ ᠬᠦᠰᠡᠵᠦ ᠪᠠᠶᠢᠨ᠎ᠠ︾ ᠭᠡᠵᠦ ᠪᠦᠦ ᠱᠢ ᠪᠠᠯᠭᠠᠰᠤ ᠶᠢᠨ ᠪᠦᠦ  ᠹᠧᠩ ᠲᠣᠰᠬᠤᠨ ᠤ ᠨᠠᠮ ᠤᠨ ᠡᠭᠦᠷ ᠤᠨ ᠱᠦᠵᠢ ᠵᠤᠸᠠᠩ ᠪᠢᠩ ᠺᠦᠨ ᠬᠡᠯᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号