ᠱᠦᠢ ᠴᠢᠤᠸᠠᠨ ᠪᠠᠯᠭᠠᠰᠤ᠄ ᠡᠪᠡᠰᠦᠨ ᠭᠦᠷᠦᠮᠡᠯ ᠤᠨ ᠭᠠᠷ ᠤᠷᠠᠯᠠᠯ ᠢᠶᠠᠷ ᠪᠠᠶᠠᠵᠢᠯ ᠤᠨ ᠰᠢᠨ᠎ᠡ ᠠᠮᠢᠳᠤᠷᠠᠯ  ᠢ ᠴᠤᠭᠴᠠᠯᠠᠨ᠎ᠠ
ᠨᠡᠶᠢᠲᠡᠯᠡᠭᠰᠡᠨ ᠴᠠᠭ᠄
2024/2/3
   ᠱᠦᠢ ᠴᠢᠤᠸᠠᠨ ᠪᠠᠯᠭᠠᠰᠤᠨ ᠤ ᠱᠦᠢ ᠴᠢᠤᠸᠠᠨ ᠲᠣᠰᠬᠤᠨ ᠤ ᠵᠢᠶᠠ ᠴᠦᠨ ᠵᠢᠦᠢ ᠶᠢᠨ ᠭᠡᠷ ᠲᠤ ᠬᠦᠷ ᠬᠥᠭᠵᠢᠶᠡᠨ ᠢᠶᠠᠷ ᠪᠢᠯᠬᠠᠵᠦ᠂ ᠠᠷᠪᠠᠨ ᠬᠡᠳᠦᠨ ᠡᠮᠡᠭᠲᠡᠶᠢᠴᠦᠳ ᠰᠢᠷᠡᠭᠡ ᠲᠤᠭᠤᠷᠢᠨ ᠰᠠᠭᠤᠵᠦ ᠶᠠᠭᠠᠷᠠᠯᠳᠤᠨ᠎ᠠ᠃ ᠡᠩ ᠤᠨ ᠪᠤᠭᠤᠳᠠᠢ ᠶᠢᠨ ᠡᠰᠢ ᠰᠦᠷᠡᠯ᠂ ᠡᠷᠳᠡᠨᠢ ᠰᠢᠰᠢ ᠶᠢᠨ ᠨᠠᠪᠴᠢ ᠨᠢ ᠲᠡᠳᠡᠨ ᠤ ᠭᠠᠷ ᠤᠨ ᠤᠷᠪᠠᠭᠤᠯᠵᠦ ᠬᠦᠷᠪᠡᠭᠦᠯᠬᠦ ᠪᠠᠷ ᠲᠠᠮᠵᠢᠨ ᠤᠷᠳᠤ ︽ᠭᠡᠵᠢᠭᠡ︾ ᠮᠡᠳᠤ ᠪᠣᠯᠵᠤ ᠬᠤᠪᠢᠷᠠᠨ᠂ ︽ᠭᠡᠵᠢᠭᠡ︾ ᠨᠢ ᠳᠠᠬᠢᠨᠲᠠ ᠤᠷᠢᠶᠠᠵᠦ ᠭᠦᠷᠦᠬᠦ ᠪᠠᠷ ᠲᠠᠮᠵᠢᠨ᠂ ᠳᠡᠭᠦᠵᠢᠯᠡᠭᠦᠷ ᠰᠠᠭᠰᠤ ᠪᠣᠯᠣᠨ ᠪᠣᠭᠴᠣ ᠪᠣᠯᠣᠨ ᠬᠤᠪᠢᠷᠠᠵᠦ ᠁ ᠬᠥᠳᠡᠭᠡ ᠬᠡᠭᠡᠷ᠎ᠡ ᠶᠢᠨ ᠠᠩᠬᠢᠯᠤᠮ᠎ᠠ ᠦᠨᠦᠷ ᠬᠠᠩᠬᠤᠯᠤᠭᠰᠠᠨ ᠮᠥᠷᠲᠡᠭᠡᠨ ᠪᠠᠰᠠ ᠴᠠᠭ ᠤᠨ ᠥᠩᠭᠡ ᠪᠠᠷ ᠳᠦᠭᠦᠷᠡᠩ ᠡᠪᠡᠰᠦᠨ ᠭᠦᠷᠦᠮᠡᠯ ᠤᠨ ᠪᠦᠲᠦᠭᠡᠭᠳᠡᠬᠦᠨ ᠬᠥᠮᠥᠰ ᠤᠨ ᠠᠩᠬᠠᠷᠤᠯ ᠢ ᠲᠠᠲᠠᠨ᠎ᠠ᠃
   ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠤ ᠰᠢᠨ᠎ᠡ ᠶᠢ ᠡᠭᠦᠳᠴᠦ ᠦᠢᠯᠡᠰ ᠪᠣᠰᠬᠠᠬᠤ ᠠᠮᠢᠵᠢᠷᠠᠯ ᠤᠨ ᠬᠦᠴᠦᠨ ᠢ ᠬᠥᠭᠵᠢᠭᠡᠵᠦ᠂ ᠥᠷᠭᠡᠨ ᠤᠯᠠᠨ ᠲᠣᠰᠬᠤᠨ ᠤ ᠠᠷᠠᠳ ᠢ ᠬᠥᠲᠥᠯᠥᠨ ᠳᠠᠭᠠᠭᠤᠯᠵᠤ ᠠᠵᠢᠯ ᠣᠯᠬᠤ ᠴᠢᠳᠠᠪᠤᠷᠢ ᠪᠣᠯᠣᠨ ᠤᠷ᠎ᠠ ᠴᠢᠳᠠᠪᠤᠷᠢ ᠶᠢ ᠨᠢ ᠳᠡᠭᠡᠭᠰᠢᠯᠡᠭᠦᠯᠬᠦ ᠶᠢᠨ ᠲᠥᠯᠥᠭᠡ᠂ ᠱᠦᠢ ᠴᠢᠤᠸᠠᠨ ᠪᠠᠯᠭᠠᠰᠤ ᠶᠢᠨ ᠬᠢᠨ ᠡᠷᠳᠡᠨᠢ ᠰᠢᠰᠢ ᠶᠢᠨ ᠨᠠᠪᠴᠢ᠂ ᠪᠤᠭᠤᠳᠠᠢ ᠶᠢᠨ ᠡᠰᠢ ᠰᠦᠷᠡᠯ ᠵᠡᠷᠭᠡ ᠡᠬᠢ ᠪᠠᠶᠠᠯᠢᠭ ᠲᠤ ᠰᠠᠭᠤᠷᠢᠯᠠᠵᠤ᠂ ᠰᠢᠩ ᠠᠨ ᠭᠡᠷ ᠤᠨ ᠶᠠᠪᠤᠳᠠᠯ ᠲᠠᠢ ᠬᠠᠮᠲᠤᠪᠠᠷ ᠡᠪᠡᠰᠦᠨ ᠭᠦᠷᠦᠮᠡᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠣᠰᠬᠤᠨ ᠤ ᠠᠷᠠᠳ ᠢ ᠬᠥᠲᠥᠯᠥᠨ ᠳᠠᠭᠠᠭᠤᠯᠵᠤ ᠡᠪᠡᠰᠦᠨ ᠭᠦᠷᠦᠮᠡᠯ ᠤᠨ ᠮᠡᠷᠭᠡᠵᠢᠯ ᠢ ᠰᠤᠷᠤᠯᠴᠠᠭᠤᠯᠵᠤ᠂ ᠠᠷᠠᠳ ᠢ ᠪᠠᠶᠠᠵᠢᠭᠤᠯᠵᠤ ᠲᠣᠰᠬᠤᠨ ᠢ ᠬᠦᠴᠦᠷᠬᠡᠭᠵᠢᠭᠦᠯᠬᠦ ᠬᠥᠭᠵᠢᠯᠲᠡ ᠶᠢᠨ ᠵᠠᠮ ᠢᠶᠠᠷ ᠵᠠᠮᠨᠠᠭᠤᠯᠪᠠ᠃    ᠪᠤᠯᠪᠠᠰᠤᠷᠠᠯ ᠤᠨ ᠲᠤᠬᠠᠢ ᠶᠢᠨ ᠲᠠᠯᠠᠪᠤᠷ ᠲᠤ᠂ ᠪᠠᠭᠰᠢ ᠠᠴᠠ ᠣᠨᠣᠯ ᠤᠨ ᠲᠣᠭᠠᠴᠢᠯᠲᠠ᠂ ᠪᠣᠳᠠᠲᠠᠢ ᠪᠣᠯᠪᠠᠰᠤᠷᠠᠯ᠂ ᠬᠠᠷᠢᠯᠴᠠᠨ ᠬᠥᠳᠡᠯᠦᠯᠴᠡᠵᠦ ᠰᠤᠳᠤᠯᠤᠨ ᠶᠠᠷᠢᠯᠴᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ᠂ ᠭᠦᠷᠦᠬᠦ ᠠᠷᠭ᠎ᠠ ᠪᠠᠷᠢᠯ᠂ ᠭᠦᠷᠦᠬᠦ ᠪᠠᠷᠢᠮᠵᠢᠶ᠎ᠠ᠂ ᠮᠠᠲ᠋ᠧᠷᠢᠶᠠᠯ ᠤᠨ ᠬᠡᠷᠡᠭᠯᠡᠯᠲᠡ ᠵᠡᠷᠭᠡ ᠲᠠᠯ᠎ᠠ ᠪᠠᠷ ᠲᠠᠶᠢᠯᠤᠮᠵᠢ ᠬᠢᠵᠦ᠂ ᠰᠤᠷᠤᠭᠴᠢᠳ ᠲᠤ ᠣᠶᠢᠯᠠᠭᠠᠭᠤᠯᠵᠤ᠂ ᠰᠤᠷᠴᠤ ᠴᠢᠳᠠᠵᠦ᠂  ᠭᠦᠷᠦᠵᠦ ᠴᠢᠳᠠᠭᠤᠯᠤᠨ᠎ᠠ᠃ ᠰᠤᠷᠤᠭᠴᠢᠳ ᠨᠠᠷᠢᠨ ᠬᠢᠨᠠᠮᠠᠭᠠᠢ ᠰᠤᠷᠤᠯᠴᠠᠵᠤ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠬᠠᠷᠢᠯᠴᠠᠨ ᠰᠤᠳᠤᠯᠤᠨ ᠶᠠᠷᠢᠯᠴᠠᠵᠤ᠂ ᠭᠠᠷ ᠲᠠᠬᠢ ᠡᠷᠳᠡᠨᠢ ᠰᠢᠰᠢ ᠶᠢᠨ ᠨᠠᠪᠴᠢ ᠪᠠᠨ ︽ᠠᠯᠲᠠᠨ ᠨᠠᠪᠴᠢ︾ ᠪᠣᠯᠭᠠᠨ ᠬᠤᠪᠢᠷᠠᠭᠤᠯᠵᠤ᠂ ᠨᠠᠷᠢᠯᠢᠭ ᠰᠠᠶᠢᠬᠠᠨ ᠭᠠᠷ ᠤᠷᠠᠯᠠᠯ ᠤᠨ ᠪᠦᠲᠦᠭᠡᠭᠳᠡᠬᠦᠨ ᠢ ᠭᠦᠷᠦᠵᠦ ᠭᠠᠷᠭᠠᠨ᠎ᠠ᠃
   ︽ᠠᠳᠡ ᠡᠪᠡᠰᠦᠨ ᠭᠦᠷᠦᠮᠡᠯ ᠢ ᠰᠤᠷᠬᠤ ᠪᠣᠯᠤᠭᠰᠠᠨ ᠳᠠᠭᠠᠨ ᠲᠣᠩ ᠪᠠᠶᠠᠷᠯᠠᠵᠤ ᠪᠠᠶᠢᠨ᠎ᠠ᠂ ᠪᠠᠰᠠ ᠨᠢᠭᠡ ᠵᠦᠢᠯ ᠤᠨ ᠤᠷ᠎ᠠ ᠴᠢᠳᠠᠪᠤᠷᠢ  ᠲᠠᠢ ᠪᠣᠯᠵᠠᠢ᠂ ᠴᠠᠭ ᠪᠠᠶᠢᠪᠠᠯ ᠢᠯᠡᠭᠦᠬᠡᠨ ᠰᠢᠭ ᠬᠢᠵᠦ᠂ ᠭᠡᠷ ᠪᠦᠯᠢ ᠪᠠᠨ ᠬᠠᠷᠠᠭᠠᠯᠵᠠᠵᠤ ᠴᠢᠳᠠᠬᠤ ᠮᠥᠷᠲᠡᠭᠡᠨ ᠣᠷᠣᠯᠭ᠎ᠠ  ᠪᠠᠨ ᠴᠤ ᠨᠡᠮᠡᠭᠳᠡᠭᠦᠯᠵᠦ ᠴᠢᠳᠠᠨ᠎ᠠ᠂ ᠮᠢᠨᠤ ᠦᠵᠡᠬᠦ ᠪᠠᠷ ᠲᠣᠩ ᠰᠠᠶᠢᠨ ᠪᠠᠶᠢᠨ᠎ᠠ︾ ᠭᠡᠵᠦ ᠡᠪᠡᠰᠦᠨ ᠭᠦᠷᠦᠮᠡᠯ ᠤᠨ ᠪᠣᠯᠪᠠᠰᠤᠷᠠᠯ ᠤᠨ ᠲᠤᠬᠠᠢ ᠵᠢᠶᠠ ᠴᠦᠨ ᠵᠢᠦᠢ ᠲᠠᠭᠠᠰᠢᠶᠠᠨ ᠶᠠᠷᠢᠨ᠎ᠠ᠃    ᠡᠷᠳᠡᠨᠢ ᠰᠢᠰᠢ ᠶᠢᠨ ᠬᠠᠯᠢᠰᠤ ᠨᠢ ᠤᠶᠠᠨ ᠴᠢᠨᠠᠷ ᠢᠶᠠᠷ ᠰᠠᠶᠢᠨ᠂ ᠬᠠᠳᠠᠭᠠᠯᠠᠬᠤ ᠬᠤᠭᠤᠴᠠᠭ᠎ᠠ ᠨᠢ ᠣᠷᠳᠣ᠂ ᠬᠡᠷᠡᠭᠯᠡᠬᠦ ᠳᠤ ᠲᠣᠬᠢᠷᠠᠮᠵᠢᠲᠠᠢ ᠠᠷᠭ᠎ᠠ ᠪᠠᠷᠢᠯ ᠨᠢ ᠥᠷᠭᠡᠨ᠂ ᠪᠦᠲᠦᠭᠡᠭᠳᠡᠬᠦᠨ ᠤ ᠲᠥᠷᠥᠯ ᠵᠦᠢᠯ ᠨᠢ ᠪᠠᠶᠠᠯᠢᠭ ᠵᠡᠷᠭᠡ ᠣᠨᠴᠠᠯᠢᠭ ᠲᠠᠢ᠂ ᠭᠠᠷ ᠤᠷᠠᠯᠠᠯ ᠤᠨ ᠡᠳ᠋ ᠭᠦᠷᠦᠬᠦ ᠲᠦᠭᠦᠬᠡᠢ ᠮᠠᠲ᠋ᠧᠷᠢᠶᠠᠯ ᠪᠣᠯᠤᠭᠰᠠᠨ ᠤ ᠬᠤᠪᠢ ᠳᠤ ᠭᠠᠷᠤᠯᠲᠠ ᠨᠢ ᠭᠦᠢᠴᠡᠳ᠂ ᠬᠡᠷᠡᠭᠰᠡᠬᠦ ᠪᠠᠭᠠᠵᠢ ᠬᠡᠷᠡᠭᠰᠡᠯ ᠪᠠ ᠲᠣᠨᠤᠭ ᠲᠥᠬᠦᠭᠡᠷᠦᠮᠵᠢ ᠨᠢ ᠲᠥᠬᠦᠮ᠂ ᠪᠡᠯᠡ ᠣᠷᠣᠭᠤᠯᠤᠯᠲᠠ ᠨᠢ ᠪᠠᠭ᠎ᠠ᠂ ᠳᠡᠯᠭᠡᠷᠡᠭᠦᠯᠬᠦ ᠳᠤ ᠬᠢᠯᠪᠠᠷ ᠪᠠᠶᠢᠳᠠᠭ᠃ ᠬᠠᠷᠢᠶᠠᠲᠤ ᠣᠷᠣᠨ ᠤ ᠲᠠᠷᠢᠶᠠᠴᠢᠳ ᠤᠳᠤ ᠶᠢᠨ ᠪᠠᠶᠢᠭ᠎ᠠ ᠮᠠᠲ᠋ᠧᠷᠢᠶᠠᠯ ᠢᠶᠠᠨ ᠠᠰᠢᠭᠯᠠᠨ ᠬᠤᠷᠢᠶᠠᠨ ᠠᠪᠬᠤ ᠰᠠᠭᠰᠤ᠂ ᠭᠠᠷ ᠪᠣᠭᠴᠣ ᠵᠡᠷᠭᠡ ᠦᠢᠯᠡᠳᠬᠦᠨ ᠢ ᠭᠦᠷᠦᠵᠦ᠂ ᠠᠵᠤ ᠠᠬᠤᠶᠢᠯᠠᠯ ᠨᠢ ᠬᠢᠷᠢ ᠲᠡᠩᠴᠡᠭᠰᠡᠨ ᠦᠢᠯᠡᠳᠬᠦᠨ ᠢ ᠬᠤᠷᠢᠶᠠᠨ ᠠᠪᠴᠤ᠂ ᠵᠢᠱᠢᠯᠲᠡ ᠪᠠᠷ ᠰᠠᠷ᠎ᠠ ᠪᠦᠷᠢ 1000 ᠲᠥᠭᠦᠷᠢᠭ ᠠᠴᠠ ᠳᠡᠭᠡᠭᠰᠢ ᠣᠷᠣᠯᠭ᠎ᠠ ᠨᠡᠮᠡᠭᠳᠡᠬᠦ ᠪᠣᠯᠣᠨ᠎ᠠ᠃    ᠡᠪᠡᠰᠦᠨ ᠭᠦᠷᠦᠮᠡᠯ ᠤᠨ ᠭᠠᠷ ᠤᠷᠠᠯᠠᠯ ᠤᠨ ᠪᠦᠲᠦᠭᠡᠭᠳᠡᠬᠦᠨ ᠨᠢ ᠠᠷᠠᠳ ᠤᠨ ᠳᠤᠮᠳᠠ ᠥᠷᠭᠡᠨ ᠳᠡᠯᠭᠡᠷᠡᠭᠰᠡᠨ ᠭᠠᠷ ᠤᠷᠠᠯᠠᠯ ᠤᠨ ᠪᠦᠲᠦᠭᠡᠭᠳᠡᠬᠦᠨ ᠪᠣᠯᠤᠭᠰᠠᠨ ᠤ ᠬᠤᠪᠢ ᠳᠤ ᠬᠡᠷᠡᠭᠯᠡᠭᠡᠨ ᠤ ᠠᠷᠭ᠎ᠠ ᠪᠠᠷᠢᠯ ᠨᠢ ᠥᠷᠭᠡᠨ ᠳᠡᠯᠭᠡᠷ᠂ ᠪᠦᠲᠦᠭᠡᠭᠳᠡᠬᠦᠨ ᠤ ᠲᠥᠷᠥᠯ ᠵᠦᠢᠯ ᠨᠢ ᠡᠯᠪᠡᠭ ᠪᠠᠶᠠᠯᠢᠭ᠂ ᠥᠪᠡᠷ ᠤᠨ ᠦᠷᠳᠡᠭ ᠨᠢ ᠬᠢᠮᠳᠠ᠂ ᠰᠤᠷᠬᠤ ᠳᠤ ᠲᠦᠬᠦᠮ ᠮᠥᠷᠲᠡᠭᠡᠨ ᠴᠠᠭ ᠬᠤᠭᠤᠴᠠᠭ᠎ᠠ᠂ ᠭᠠᠵᠠᠷ ᠣᠷᠣᠨ ᠳᠤ ᠬᠢᠵᠠᠭᠠᠷᠯᠠᠭᠳᠠᠬᠤ ᠦᠭᠡᠢ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠵᠦ ᠴᠢᠳᠠᠬᠤ ᠮᠥᠷᠲᠡᠭᠡᠨ ᠪᠠᠰᠠ ᠭᠠᠷ ᠤᠷᠠᠯᠠᠯ ᠤᠨ ᠰᠣᠶᠣᠯ ᠪᠠ ᠣᠷᠣᠨ ᠨᠤᠲᠤᠭ ᠤᠨ ᠰᠣᠶᠣᠯ ᠢ ᠠᠭᠤᠰᠤᠯᠴᠠᠭᠤᠯᠬᠤ ᠪᠠᠷ ᠳᠠᠮᠵᠢᠭᠤᠯᠤᠨ᠂ ᠥᠪᠡᠷᠮᠢᠴᠡ ᠣᠨᠴᠠᠯᠢᠭ ᠪᠦᠬᠦᠢ ᠨᠤᠲᠤᠭ ᠤᠨ ᠣᠨᠴᠠ ᠭᠠᠷᠤᠯᠲᠠ ᠶᠢ ᠡᠭᠦᠳᠦᠨ ᠪᠦᠲᠦᠭᠡᠵᠦ᠂ ᠠᠵᠤ ᠠᠬᠤᠢ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠤᠨ ᠬᠤᠣᠰ ᠡᠯᠪᠡᠭ ᠬᠤᠷᠢᠶᠠᠯᠲᠠ ᠶᠢ ᠪᠡᠶᠡᠯᠡᠭᠦᠯᠵᠦ᠂ ᠲᠠᠷᠢᠶᠠᠯᠠᠩ ᠤᠨ ᠰᠡᠯᠡᠭᠦᠦ ᠴᠠᠭ ᠲᠤ ᠥᠷᠭᠡᠨ ᠤᠯᠠᠨ ᠲᠦᠮᠡᠨ ᠭᠡᠷ ᠠᠴᠠ ᠪᠠᠨ ᠭᠠᠷᠬᠤ ᠦᠭᠡᠢ ᠪᠠᠷ ᠣᠷᠣᠯᠭ᠎ᠠ ᠪᠠᠨ ᠨᠡᠮᠡᠭᠳᠡᠭᠦᠯᠵᠦ ᠴᠢᠳᠠᠬᠤ ᠪᠠᠶᠠᠵᠢᠯ ᠤᠨ ᠰᠠᠶᠢᠨ ᠠᠷᠭ᠎ᠠ ᠵᠠᠮ ᠮᠥᠨ᠃
   ᠣᠶᠢᠷ᠎ᠠ ᠶᠢᠨ ᠵᠢᠯ ᠠᠴᠠ᠂ ᠱᠦᠢ ᠴᠢᠤᠸᠠᠨ ᠪᠠᠯᠭᠠᠰᠤ ᠤᠯᠠᠨ ᠲᠦᠮᠡᠨ ᠤ ᠪᠤᠳᠤᠵᠤ ᠰᠠᠨᠠᠵᠦ ᠪᠠᠶᠢᠭ᠎ᠠ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠬᠡᠷᠡᠭᠴᠡᠭᠡ ᠶᠢ ᠤᠨᠢᠨ ᠳᠡᠭᠡᠷ᠎ᠡ ᠨᠢ ᠵᠣᠯᠭᠠᠭᠤᠯᠵᠤ᠂ ᠰᠣᠶᠣᠯ ᠤᠨ ᠬᠦᠴᠦᠨ ᠢᠶᠠᠷ ᠲᠣᠰᠬᠤᠨ ᠤ ᠠᠷᠠᠳ ᠤᠨ ᠪᠦᠲᠦᠭᠡᠯᠴᠢ ᠴᠢᠨᠠᠷ ᠪᠣᠯᠣᠨ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ ᠥᠷᠭᠡᠨ ᠤᠯᠠᠨ ᠲᠦᠮᠡᠨ ᠤ ᠠᠮᠢᠳᠤᠯᠢᠭ ᠢᠶᠠᠷ ᠦᠢᠯᠡᠰ ᠪᠣᠰᠬᠠᠵᠤ ᠠᠵᠢᠯ ᠣᠯᠬᠤ ᠪᠠ ᠣᠷᠣᠯᠭ᠎ᠠ ᠶᠢ ᠨᠡᠮᠡᠭᠳᠡᠭᠦᠯᠬᠦ ᠶᠢ ᠬᠥᠲᠥᠯᠥᠨ ᠵᠢᠯᠣᠭᠤᠳᠪᠠ᠃ ᠵᠠᠯᠭᠠᠭᠠᠳ ᠱᠦᠢ ᠴᠢᠤᠸᠠᠨ ᠪᠠᠯᠭᠠᠰᠤᠨ ᠤ ᠬᠢᠨ ᠬᠤᠯᠪᠣᠭᠳᠠᠯ ᠪᠦᠬᠦᠢ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠦᠷᠭᠦᠯᠵᠢᠯᠡᠨ ᠤᠬᠠᠭᠤᠯᠤᠨ ᠥᠷᠨᠢᠭᠦᠯᠵᠦ᠂ ᠨᠡᠩ ᠤᠯᠠᠨ ᠲᠣᠰᠬᠤᠨ ᠤ ᠠᠷᠠᠳ ᠢ ᠡᠪᠡᠰᠦᠨ ᠭᠦᠷᠦᠮᠡᠯ ᠤᠨ ᠡᠩᠨᠡᠭᠡᠨ ᠳᠤ ᠣᠷᠣᠭᠤᠯᠵᠤ᠂ ᠭᠡᠷ ᠤᠨ ᠡᠭᠦᠳᠡᠨ ᠳᠤ ᠠᠵᠢᠯ ᠣᠯᠭᠤᠵᠤ᠂ ᠤᠷᠠᠨ ᠭᠠᠷ ᠢᠶᠠᠷ ᠢᠶᠠᠨ ᠰᠠᠶᠢᠨ ᠰᠠᠶᠢᠬᠠᠨ ᠠᠮᠢᠳᠤᠷᠠᠯ ᠢ ᠪᠦᠲᠦᠭᠡᠬᠦ ᠶᠢ ᠪᠡᠶᠡᠯᠡᠭᠦᠯᠦᠨ᠎ᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号