ᠴᠠᠭᠠᠨ ᠰᠠᠷ᠎ᠠ ᠶᠢ ᠤᠭᠲᠤᠬᠤᠶ᠎ᠠ᠂ ᠢᠷᠦᠭᠡᠯ ᠳᠡᠪᠰᠢᠭᠦᠯᠦᠶ᠎ᠡ ! ᠰᠢᠶᠠᠨ ᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠴᠠᠭᠠᠨ ᠰᠠᠷ᠎ᠠ ᠠᠴᠠ ᠡᠮᠦᠨ᠎ᠡ ᠠᠶᠢᠯᠴᠢᠯᠠᠨ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/2/5
     ᠭᠡᠷ ᠬᠤᠲᠠᠯᠠᠭᠠᠷ ᠢᠶᠠᠷ ᠢᠶᠠᠨ ᠴᠤᠭᠯᠠᠷᠠᠨ ᠰᠢᠨ᠎ᠡ ᠵᠢᠯ ᠢᠶᠠᠨ ᠤᠭᠲᠤᠵᠤ᠂ ᠲᠦᠮᠡᠨ ᠪᠣᠳᠠᠰ ᠰᠢᠨᠡᠳᠦᠨ ᠰᠢᠨ᠎ᠡ ᠵᠢᠯ ᠢᠶᠠᠨ ᠤᠭᠲᠤᠨ᠎ᠠ᠃ ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ ᠰᠢᠶᠠᠨ ᠤ ᠲᠦᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠬᠤᠶᠢᠨ᠎ᠠ ᠬᠤᠶᠢᠨ᠎ᠠ ᠠᠴᠠ ᠪᠠᠨ ᠪᠠᠶᠢᠭᠤᠯᠤᠯᠭ᠎ᠠ ᠳᠤ ᠬᠦᠷᠴᠦ᠂ ᠠᠵᠤ ᠠᠬᠤᠶᠢᠯᠠᠯ ᠳᠤ ᠬᠦᠷᠴᠦ᠂ ᠤᠯᠠᠨ ᠲᠦᠮᠡᠨ ᠢ ᠰᠤᠷᠪᠤᠯᠵᠢᠯᠠᠵᠤ᠂ ᠦᠨᠳᠦᠰᠦᠨ ᠱᠠᠲᠤᠨ ᠳᠤ ᠬᠦᠷᠴᠦ᠂ ᠴᠠᠭᠠᠨ ᠰᠠᠷ᠎ᠠ ᠶᠢᠨ ᠲᠣᠬᠤᠨᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠤᠯᠠᠨ ᠳᠤ ᠨᠠᠮ ᠪᠣᠯᠣᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠷᠭᠡᠵᠦ᠂ ᠲᠡᠳᠡᠨ ᠳᠤ ᠴᠠᠭᠠᠨ ᠰᠠᠷ᠎ᠠ ᠶᠢᠨ ᠰᠠᠶᠢᠨ ᠰᠠᠶᠢᠬᠠᠨ ᠢᠷᠦᠭᠡᠯ ᠵᠥᠩᠨᠡᠯ ᠢᠶᠠᠨ ᠤᠷᠢᠳᠴᠢᠯᠠᠨ ᠳᠡᠪᠰᠢᠭᠦᠯᠵᠡᠢ᠃     ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠱᠤᠸᠠᠩ ᠴᠧᠩ ᠤᠷᠢᠳ ᠬᠤᠵᠢᠳ ᠡᠪᠦᠭᠡᠨ ᠤ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠵᠡᠭᠦᠨ ᠲᠦᠷᠵᠢ ᠪᠠᠯᠭᠠᠰᠤᠨ ᠤ ᠨᠠᠰᠤᠲᠠᠨ ᠢ ᠠᠰᠠᠷᠠᠬᠤ ᠬᠦᠷᠢᠶᠡᠯᠡᠩ ᠤᠨ ᠨᠢᠭᠡᠳᠦᠭᠡᠷ ᠹᠷᠣᠨᠲ ᠤᠨ ᠠᠵᠢᠯᠲᠠᠨ ᠵᠢᠴᠢ ᠬᠦᠷᠢᠶᠡᠨ ᠳᠤ ᠪᠠᠶᠢᠭ᠎ᠠ ᠨᠠᠰᠤᠲᠠᠶᠢᠴᠤᠳ ᠢ ᠡᠷᠭᠢᠵᠦ ᠦᠵᠡᠪᠡ᠃ ᠵᠡᠭᠦᠨ ᠲᠦᠷᠵᠢ ᠪᠠᠯᠭᠠᠰᠤᠨ ᠳᠤ ᠬᠦᠷᠴᠦ ᠬᠢᠨᠠᠨ ᠬᠡᠮᠵᠢᠬᠦ ᠡᠷᠦᠬᠡ ᠰᠢᠶᠣᠣ ᠬᠠᠢ ᠯᠦᠩ ᠤᠨ ᠬᠢᠨ ᠢ ᠲᠣᠬᠤᠨᠢᠭᠤᠯᠵᠤ᠂ ᠲᠡᠭᠦᠨ ᠤ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠲᠣᠬᠤᠨᠢᠭᠤᠯᠬᠤ ᠮᠥᠩᠭᠦ ᠬᠦᠷᠭᠡᠪᠡ᠃
    ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠲᠤ᠂ ᠵᠠᠩ ᠱᠤᠸᠠᠩ ᠴᠧᠩ ᠪᠦᠬᠦ ᠳᠠᠷᠤᠭ᠎ᠠ ᠪᠠᠶᠢᠯᠳᠤᠭᠴᠢᠳ ᠢ ᠡᠷᠬᠢᠨ ᠦᠵᠡᠵᠦ ᠲᠣᠬᠤᠨᠢᠭᠤᠯᠪᠠ᠂ ᠲᠡᠷᠡ᠂ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠪᠦᠬᠦ ᠳᠠᠷᠤᠭ᠎ᠠ ᠪᠠᠶᠢᠯᠳᠤᠭᠴᠢᠳ ᠢᠮᠠᠭᠲᠠ ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠦᠲᠦᠮᠵᠢᠲᠡᠢ ᠥᠷᠨᠢᠭᠦᠯᠵᠦ᠂ ᠣᠷᠣᠨ ᠨᠤᠲᠤᠭ ᠤᠨ ᠡᠶ᠎ᠡ ᠵᠣᠬᠢᠴᠠᠩᠭᠤᠢ ᠲᠣᠭᠲᠠᠭᠤᠨ ᠢ ᠬᠠᠮᠠᠭᠠᠯᠠᠬᠤ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠳᠡᠮᠵᠢᠬᠦ ᠵᠡᠷᠭᠡ ᠲᠠᠯ᠎ᠠ ᠪᠠᠷ ᠢᠳᠡᠪᠬᠢᠲᠡᠢ ᠬᠤᠪᠢ ᠨᠡᠮᠡᠷᠢ ᠦᠵᠡᠭᠦᠯᠵᠡᠢ ᠭᠡᠵᠦ ᠵᠢᠭᠠᠵᠤ ᠭᠠᠷᠭᠠᠪᠠ᠃ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠪᠦᠬᠦ ᠳᠠᠷᠤᠭ᠎ᠠ ᠪᠠᠶᠢᠯᠳᠤᠭᠴᠢᠳ ᠲᠡᠰᠪᠦᠷᠢ ᠬᠠᠲᠠᠭᠤᠵᠢᠯᠲᠠᠢ ᠲᠡᠮᠡᠴᠡᠬᠦ ᠰᠢᠯᠢᠳᠡᠭ ᠰᠤᠷᠲᠠᠯ ᠢᠶᠠᠨ ᠦᠷᠭᠦᠯᠵᠢᠯᠡᠨ ᠪᠠᠳᠠᠷᠠᠭᠤᠯᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠪᠠᠲᠤ ᠴᠡᠭᠡᠵᠢᠯᠡᠵᠦ᠂ ᠡᠩᠨᠡᠭᠡᠨ ᠤ ᠪᠠᠶᠢᠭᠤᠯᠤᠯᠲᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠲᠦᠴᠢᠦᠸᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠲᠠᠬᠢᠨ ᠰᠢᠨ᠎ᠡ ᠭᠠᠪᠢᠶ᠎ᠠ ᠪᠠᠶᠢᠭᠤᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃
   ᠰᠢᠶᠠᠨ ᠤ ᠴᠡᠴᠡᠷᠯᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠲᠥᠪ ᠲᠤ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠸᠠᠩ ᠶᠦᠩ ᠵᠢᠶᠠ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠤ ᠲᠥᠯᠥᠭᠡᠯᠡᠭᠴᠢᠳ ᠲᠠᠢ ᠳᠣᠲᠣᠨᠣ ᠪᠠᠷ ᠶᠠᠷᠢᠯᠴᠠᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠤᠨ ᠪᠡᠶ᠎ᠡ ᠶᠢᠨ ᠪᠠᠶᠢᠳᠠᠯ᠂ ᠠᠵᠢᠯ ᠠᠮᠢᠳᠤᠷᠠᠯ ᠤᠨ ᠪᠠᠶᠢᠳᠠᠯ ᠢ ᠨᠠᠷᠢᠨ ᠨᠢᠭᠲᠠ ᠠᠰᠠᠭᠤᠨ ᠯᠠᠪᠯᠠᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠤᠨ ᠬᠤᠳᠠ ᠶᠢᠨ ᠠᠷᠢᠭᠤᠨ ᠴᠡᠪᠡᠷ᠂ ᠭᠤᠶᠤ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠬᠤ ᠳᠤ ᠦᠵᠡᠭᠦᠯᠦᠭᠰᠡᠨ ᠯᠤᠲᠤ ᠶᠡᠭᠡ ᠬᠤᠪᠢ ᠨᠡᠮᠡᠷᠢ ᠳᠤ ᠲᠠᠯᠠᠷᠬᠠᠵᠤ᠂ ᠳᠡᠳᠡᠨ ᠳᠤ ᠬᠦᠢᠲᠡᠨ ᠢ ᠰᠡᠷᠭᠡᠶᠢᠯᠡᠵᠦ ᠳᠤᠯᠠᠭᠠᠨ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠰᠠᠨᠠᠭᠤᠯᠬᠤ ᠶᠢᠨ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠤᠨ ᠪᠠᠲᠤᠯᠠᠪᠤᠷᠢ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠨᠡᠩ ᠤᠯᠠᠨ ᠬᠠᠶᠢᠷ᠎ᠠ ᠬᠠᠯᠠᠮᠵᠢ ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡ ᠶᠢ ᠥᠷᠨᠢᠭᠦᠯᠵᠦ᠂ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤᠪᠠᠷ ᠪᠦᠲᠦᠭᠡᠨ ᠪᠠᠶᠢᠭᠤᠯᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃ ᠸᠠᠩ ᠶᠦᠩ ᠵᠢᠶᠠ ᠪᠠᠰᠠ ᠲᠦᠴᠢᠦᠸᠠᠨ ᠤ ᠴᠠᠬᠢᠯᠭᠠᠨ ᠬᠠᠩᠭᠠᠬᠤ ᠦᠢᠯᠡᠴᠢᠯᠡᠭᠡᠨ ᠤ ᠲᠥᠪ᠂ ᠰᠢᠶᠠᠨ ᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠵᠢᠴᠢ ᠲᠠᠢ ᠫᠢᠩ ᠰᠢᠶᠠᠩ ᠤᠨ ᠦ᠋ ᠰᠢᠩ ᠲᠣᠰᠬᠤᠨ ᠤ ᠬᠢᠨᠠᠨ ᠬᠡᠮᠵᠢᠬᠦ ᠡᠷᠦᠬᠡ ᠯᠢᠦ ᠴᠠᠩ ᠶᠢᠦ᠂ ᠦ᠋ ᠰᠠᠨ ᠲᠣᠰᠬᠤᠨ ᠤ ᠬᠢᠨᠠᠨ ᠬᠡᠮᠵᠢᠬᠦ ᠡᠷᠦᠬᠡ ᠸᠠᠩ ᠪᠦᠦ ᠱᠧᠦ ᠶᠢᠨ ᠬᠢᠨ ᠳᠤ ᠬᠦᠷᠴᠦ ᠰᠤᠷᠪᠤᠯᠵᠢᠯᠠᠨ ᠲᠣᠬᠤᠨᠢᠭᠤᠯᠵᠠᠢ᠃
    ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠴᠧᠨ ᠭᠦᠸᠧ ᠮᠢᠩ ᠤᠷᠢᠳ ᠬᠤᠵᠢᠳ ᠰᠢᠨ ᠭᠤᠸᠠᠩ ᠷᠧ ᠯᠢ ᠺᠣᠮᠫᠠᠨᠢ ᠶᠢᠨ ᠨᠢᠭᠡᠳᠦᠭᠡᠷ ᠹᠷᠣᠨᠲ ᠤᠨ ᠠᠵᠢᠯᠲᠠᠨ ᠠᠵᠢᠯᠴᠢᠨ ᠵᠢᠴᠢ ᠵᠡᠮᠳᠡᠭ ᠬᠥᠮᠥᠨ ᠵᠠᠩ ᠱᠣ ᠶᠢᠨ᠂ ᠬᠦᠴᠢᠷᠳᠡᠯᠲᠡᠢ ᠣᠯᠠᠨ ᠲᠦᠮᠡᠨ ᠴᠠᠩ ᠹᠦ᠋ ᠴᠦᠨ ᠢ ᠪᠣᠯᠭᠤᠭᠠᠨ ᠦᠵᠡᠪᠡ᠃ ᠵᠠᠩ ᠱᠣ ᠶᠢᠨ᠂ ᠴᠠᠩ ᠹᠦ᠋ ᠴᠦᠨ ᠤ ᠭᠡᠷ ᠲᠤ᠂ ᠴᠧᠨ ᠭᠦᠸᠧ ᠮᠢᠩ ᠲᠡᠳᠡᠨ ᠤ ᠪᠡᠶ᠎ᠡ ᠶᠢᠨ ᠪᠠᠶᠢᠳᠠᠯ ᠪᠣᠯᠣᠨ ᠡᠳᠦᠷ ᠲᠤᠳᠤᠮ ᠤᠨ ᠠᠮᠢᠳᠤᠷᠠᠯ ᠤᠨ ᠪᠠᠶᠢᠳᠠᠯ ᠢ ᠨᠠᠷᠢᠨ ᠠᠰᠠᠭᠤᠨ ᠯᠠᠪᠯᠠᠭᠰᠠᠨ ᠤ ᠬᠠᠮᠲᠤ ᠲᠣᠬᠤᠨᠢᠭᠤᠯᠬᠤ ᠮᠥᠩᠭᠦ ᠬᠦᠷᠭᠡᠵᠦ᠂ ᠲᠡᠳᠡᠨ ᠢ ᠢᠲᠡᠭᠡᠯ ᠵᠣᠷᠢᠭ ᠲᠠᠢ ᠪᠣᠯᠬᠤ ᠶᠢ ᠵᠣᠷᠢᠭᠵᠢᠭᠤᠯᠵᠤ᠂ ᠤᠯᠤᠰ ᠤᠨ ᠲᠦᠷᠦ ᠶᠢᠨ ᠪᠣᠳᠣᠯᠭ᠎ᠠ ᠶᠢᠨ ᠬᠠᠪᠰᠤᠷᠤᠯᠭ᠎ᠠ ᠳᠣᠣᠷ᠎ᠠ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠬᠠᠯᠠᠮᠵᠢᠯᠠᠯ ᠬᠠᠪᠰᠤᠷᠤᠯᠭ᠎ᠠ ᠳᠣᠣᠷ᠎ᠠ᠂ ᠥᠪᠡᠷ ᠤᠨ ᠴᠢᠷᠮᠠᠶᠢᠯᠭ᠎ᠠ ᠪᠠᠷ ᠢᠶᠠᠨ ᠳᠠᠮᠵᠢᠨ ᠠᠮᠢᠳᠤᠷᠠᠯ ᠨᠢ ᠯᠠᠪᠲᠠᠢ ᠤᠯᠠᠮ ᠠᠴᠠ ᠤᠯᠠᠮ ᠰᠠᠶᠢᠵᠢᠷᠠᠬᠤ ᠶᠢ ᠢᠲᠡᠭᠡᠵᠡᠢ᠃
   ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠶᠠᠨ ᠪᠥᠸᠧ ᠰᠢᠶᠠᠨ ᠤ ᠡᠮᠨᠡᠯᠭᠡ ᠶᠢᠨ ᠬᠤᠷᠢᠶ᠎ᠠ ᠳᠤ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠡᠮᠦᠨ᠎ᠡ ᠠᠴᠠ ᠨᠢᠭᠡᠳᠦᠭᠡᠷ ᠹᠷᠣᠨᠲ ᠤᠨ ᠡᠮᠴᠢ ᠰᠤᠪᠢᠯᠠᠭᠴᠢᠳ ᠤᠨ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠳᠤ ᠴᠢᠩ ᠰᠡᠳᠬᠢᠯ ᠤᠨ ᠲᠠᠯᠠᠷᠬᠠᠯ ᠢᠶᠠᠨ ᠢᠯᠡᠳᠬᠡᠵᠦ᠂ ᠲᠡᠳᠡᠨ ᠢ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠰᠢᠯᠢᠳᠡᠭ ᠤᠯᠠᠮᠵᠢᠯᠠᠯ ᠪᠣᠯᠣᠨ ᠲᠤᠬᠠᠶᠢᠯᠠᠭᠰᠠᠨ ᠠᠵᠢᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠷ ᠢᠶᠠᠨ ᠲᠦᠭ ᠲᠦᠮᠡᠨ ᠠᠶᠢᠯ ᠡᠷᠦᠬᠡ ᠳᠤ ᠬᠤᠪᠢ ᠨᠡᠮᠡᠷᠢ ᠦᠵᠡᠭᠦᠯᠵᠦ᠂ ᠴᠢᠨᠠᠷ ᠰᠠᠶᠢᠲᠠᠢ ᠡᠮ ᠡᠮᠨᠡᠯᠭᠡ ᠶᠢᠨ ᠦᠢᠯᠡᠴᠢᠯᠡᠭᠡ ᠪᠠᠷ ᠤᠯᠠᠨ ᠲᠦᠮᠡᠨ ᠤ ᠡᠷᠡᠭᠦᠯ ᠮᠡᠨᠳᠤ ᠶᠢ ᠬᠠᠮᠠᠭᠠᠯᠠᠬᠤ ᠬᠡᠷᠡᠭᠲᠡᠢ ᠭᠡᠵᠦ ᠵᠣᠷᠢᠭᠵᠢᠭᠤᠯᠪᠠ᠃ ᠳᠠᠷᠠᠭ᠎ᠠ ᠳᠤᠨᠢ᠂ ᠸᠠᠩ ᠶᠠᠨ ᠪᠥᠸᠧ ᠪᠡᠶ᠎ᠡ ᠪᠠᠨ ᠳᠠᠭᠠᠭᠠᠵᠤ ᠦᠢᠯᠡᠰ ᠪᠣᠰᠬᠠᠬᠤ ᠡᠷᠦᠬᠡ ᠶᠢᠨ ᠰᠢᠨ ᠬᠠᠢ ᠬᠠᠢ᠂ ᠶᠠᠳᠠᠭᠤ ᠠᠴᠠ ᠠᠩᠭᠢᠵᠢᠷᠠᠭᠤᠯᠬᠤ ᠬᠢᠨᠠᠨ ᠬᠡᠮᠵᠢᠬᠦ ᠡᠷᠦᠬᠡ ᠶᠢᠨ ᠲᠢᠶᠠᠨ ᠭᠦᠸᠧ ᠪᠦᠦ᠂ ᠸᠠᠩ ᠱᠣ ᠹᠠᠨ ᠤ ᠭᠡᠷ ᠲᠤ ᠬᠦᠷᠴᠦ ᠲᠣᠬᠤᠨᠢᠭᠤᠯᠵᠠᠢ᠃    ᠯᠦ ᠵᠧᠩ ᠴᠦᠨ᠂ ᠸᠠᠩ ᠵᠢᠶᠠ ᠵᠢᠶᠦ᠋ᠨ᠂ ᠶᠧ ᠪᠢᠨ᠂ ᠹᠠᠩ ᠭᠦᠸᠧ ᠴᠢᠶᠠᠩ᠂ ᠯᠢ ᠼᠦᠨ ᠴᠢ᠂ ᠯᠢᠦ ᡁᠢ ᠹᠧᠩ᠂ ᠸᠠᠩ ᠵᠢᠶᠠᠨ ᠭᠦᠸᠧ᠂ ᠸᠠᠩ ᠶᠢᠩ ᠴᠢᠶᠦᠶᠢᠨ᠂ ᠯᠢᠦ ᠯᠢ ᠵᠢᠶᠦ᠋ᠨ ᠵᠡᠷᠭᠡ ᠰᠢᠶᠠᠨ ᠤ ᠤᠳᠤᠷᠢᠳᠤᠯᠭ᠎ᠠ ᠨᠠᠷ ᠪᠠᠰᠠ ᠲᠣᠬᠤᠨᠢᠭᠤᠯᠬᠤ ᠳᠤᠭᠤᠶᠢᠯᠠᠩ ᠪᠠᠶᠢᠭᠤᠯᠵᠠᠢ᠃ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠨᠠᠰᠤᠲᠠᠨ ᠢ ᠠᠰᠠᠷᠠᠬᠤ ᠬᠦᠷᠢᠶᠡᠯᠡᠩ᠂ ᠭᠤᠣᠯᠳᠠᠯᠭ᠎ᠠ ᠲᠠᠢ ᠠᠵᠤ ᠠᠬᠤᠶᠢᠯᠠᠯ ᠵᠡᠷᠭᠡ ᠭᠠᠵᠠᠷ ᠢᠶᠠᠷ ᠲᠣᠰᠪᠣᠷᠢ ᠭᠦᠨᠵᠡᠭᠡᠶᠢᠷᠡᠵᠦ᠂ ᠪᠦᠬᠦ ᠤᠯᠤᠰ ᠪᠦᠬᠦ ᠣᠷᠣᠨ ᠤ ᠰᠢᠯᠢᠳᠡᠭ ᠡᠪ ᠬᠠᠮᠲᠤ ᠨᠠᠮ ᠤᠨ ᠭᠡᠰᠢᠭᠦᠨ᠂ ᠬᠥᠳᠡᠯᠮᠦᠷᠢ ᠶᠢᠨ ᠵᠢᠱᠢᠶᠡᠴᠢ᠂ ᠬᠦᠴᠢᠷᠳᠡᠯᠲᠡᠢ ᠠᠵᠢᠯᠲᠠᠨ ᠠᠵᠢᠯᠴᠢᠨ᠂ ᠠᠯᠪᠠᠨ ᠴᠡᠷᠢᠭ ᠤᠨ ᠭᠡᠷ ᠪᠦᠯᠢ᠂ ᠬᠠᠷᠢᠶᠠᠲᠤ ᠨᠠᠷ ᠤᠨ ᠭᠡᠷ ᠪᠦᠯᠢ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠡᠮᠦᠨ᠎ᠡ ᠹᠷᠣᠨᠲ ᠤᠨ ᠠᠵᠢᠯᠲᠠᠨ ᠠᠵᠢᠯᠴᠢᠨ ᠵᠡᠷᠭᠡ ᠬᠥᠮᠥᠰ ᠢ ᠡᠷᠬᠢᠨ ᠦᠵᠡᠵᠦ ᠲᠣᠬᠤᠨᠢᠭᠤᠯᠵᠤ᠂ ᠲᠡᠳᠡᠨ ᠳᠤ ᠴᠠᠭᠠᠨ ᠰᠠᠷ᠎ᠠ ᠶᠢᠨ ᠵᠥᠩᠨᠡᠯ ᠳᠡᠪᠰᠢᠭᠦᠯᠵᠡᠢ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号