ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠲᠡᠭᠦᠰᠬᠦ ᠬᠤᠷᠠᠯ ᠳᠡᠭᠡᠷᠡᠬᠢ ᠶᠠᠷᠢᠶ᠎ᠠ
ᠨᠡᠶᠢᠲᠡᠯᠡᠭᠰᠡᠨ ᠴᠠᠭ᠄
2024/2/5
    ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ  ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠲᠡᠭᠦᠰᠬᠦ ᠬᠤᠷᠠᠯ ᠳᠡᠭᠡᠷᠡᠬᠢ ᠶᠠᠷᠢᠶ᠎ᠠ             ︵2024 ᠣᠨ ᠤ 2 ᠰᠠᠷ᠎ᠠ ᠶᠢᠨ 2 ᠤᠨ ᠡᠳᠦᠷ︶                          ᠰᠦᠨ ᠱᠣᠤ ᠴᠧᠩᠲᠥᠯᠥᠭᠡᠯᠡᠭᠴᠢᠳ ᠠ᠋᠂ ᠨᠥᠬᠦᠳ ᠠ᠋᠄    ᠣᠯᠠᠨ ᠤ ᠬᠠᠮᠲᠤ ᠶᠢᠨ ᠴᠢᠷᠮᠠᠶᠢᠯᠭ᠎ᠠ ᠪᠠᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠳᠠᠭᠤᠰᠬᠠᠭᠠᠳ ᠤᠳᠤ ᠢᠯᠠᠯᠲᠠ ᠲᠠᠢ ᠲᠡᠭᠦᠰᠬᠦ ᠪᠣᠯᠣᠯ᠎ᠠ᠃    ᠬᠤᠷᠠᠯ ᠤᠨ ᠬᠤᠭᠤᠴᠠᠭᠠᠨ ᠳᠤ ᠲᠥᠯᠥᠭᠡᠯᠡᠭᠴᠢᠳ ᠪᠦᠭᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠡᠭᠦᠷᠭᠡᠯᠡᠵᠦ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠠᠷᠠᠳᠴᠢᠯᠠᠯ ᠢ ᠪᠠᠳᠠᠷᠠᠭᠤᠯᠤᠨ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠳᠡᠪᠰᠢᠭᠦᠯᠵᠦ᠂ ᠶᠡᠭᠡ ᠪᠣᠳᠣᠯᠭ᠎ᠠ ᠶᠢ ᠬᠠᠮᠲᠤ ᠪᠠᠷ ᠵᠥᠪᠳᠡᠯᠴᠡᠪᠡ᠃ ᠬᠤᠷᠠᠯ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠣᠯᠣᠨ ︽ᠨᠢᠭᠡ ᠵᠠᠰᠠᠭ ᠤᠨ ᠣᠷᠳᠣᠨ ᠬᠤᠶᠠᠷ ᠬᠤᠷᠢᠶ᠎ᠠ︾ ᠶᠢᠨ 6 ᠠᠵᠢᠯ ᠤᠨ ᠢᠯᠡᠳᠬᠡᠯ ᠪᠠ ᠠᠵᠢᠯ ᠤᠨ ᠮᠡᠳᠡᠭᠦᠯᠦᠯᠲᠡ ᠶᠢ ᠬᠢᠨᠠᠨ ᠵᠥᠪᠯᠡᠵᠦ ᠵᠥᠪᠰᠢᠶᠡᠷᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠬᠠᠤᠯᠢ ᠲᠣᠭᠲᠠᠭᠠᠬᠤ ᠳᠦᠷᠢᠮ ᠳᠤ ᠵᠠᠰᠠᠪᠤᠷᠢ ᠣᠷᠣᠭᠤᠯᠬᠤ ᠲᠤᠬᠠᠢ ᠲᠣᠭᠲᠠᠭᠠᠯ ᠢ ᠬᠢᠨᠠᠨ ᠵᠥᠪᠯᠡᠵᠦ ᠪᠠᠲᠤᠯᠠᠨ᠂ ᠰᠣᠩᠭᠤᠭᠤᠯᠢ ᠶᠢᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃ ᠲᠥᠯᠥᠭᠡᠯᠡᠭᠴᠢᠳ ᠶᠡᠭᠡ ᠬᠤᠷᠠᠯ ᠮᠠᠰᠢ ᠠᠮᠵᠢᠯᠲᠠ ᠲᠠᠢ ᠬᠤᠷᠠᠯᠳᠤᠵᠤ᠂ ᠬᠠᠮᠲᠤ ᠶᠢᠨ ᠲᠠᠨᠢᠯᠲᠠ ᠶᠢ ᠨᠡᠮᠡᠭᠳᠡᠭᠦᠯᠵᠦ᠂ ᠢᠲᠡᠭᠡᠯ ᠢᠶᠠᠨ ᠨᠡᠮᠡᠭᠳᠡᠭᠦᠯᠵᠦ᠂ ᠡᠷᠴᠢ ᠵᠣᠷᠢᠭ ᠢ ᠬᠥᠪᠴᠢᠯᠡᠪᠡ᠂ ᠯᠠᠪᠲᠠᠢ ᠪᠦᠭᠦ ᠣᠷᠣᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠡᠷᠡᠮᠡᠬᠡᠶᠢᠯᠡᠨ ᠤᠷᠤᠭᠰᠢᠯᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠥᠪᠥᠷ ᠮᠣᠩᠭᠤᠯ ᠤᠨ ᠶᠠᠪᠤᠳᠠᠯ ᠢ ᠨᠡᠩ ᠰᠠᠶᠢᠲᠤᠷ ᠬᠢᠬᠦ ᠣᠮᠤᠭ ᠵᠣᠷᠢᠭ ᠢ ᠬᠥᠭᠵᠢᠭᠡᠬᠦ ᠪᠣᠯᠣᠨ᠎ᠠ ᠭᠡᠵᠦ ᠨᠡᠶᠢᠳᠡᠮ ᠲᠤᠰᠬᠠᠪᠠ᠃    ᠲᠥᠯᠥᠭᠡᠯᠡᠭᠴᠢᠳ ᠠ᠋᠂ ᠨᠥᠬᠦᠳ ᠠ᠋︕    ᠰᠠᠶ᠋ᠢᠬᠠᠨ ᠥᠩᠭᠡᠷᠡᠭᠰᠡᠨ 2023 ᠣᠨ ᠳᠤ᠂ ᠪᠢᠳᠡ ᠤᠷᠮ᠎ᠠ ᠵᠣᠷᠢᠭ ᠲᠠᠢ ᠠᠵᠢᠯᠯᠠᠵᠤ᠂ ᠣᠯᠣᠯᠲᠠ ᠪᠦᠳᠦᠮᠵᠢ ᠪᠠᠷ ᠡᠯᠪᠡᠭ ᠪᠣᠯᠪᠠ᠃ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠭᠦ ᠣᠷᠣᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠪᠦᠯᠬᠦᠮᠳᠡᠨ ᠲᠡᠮᠡᠴᠡᠵᠦ᠂ ᠡᠯ᠎ᠡ ᠵᠦᠢᠯ ᠤᠨ ᠠᠵᠢᠯ ᠦᠢᠯᠡᠰ ᠥᠷᠨᠢᠩᠭᠦᠢ ᠬᠥᠭᠵᠢᠪᠡ᠃ ᠬᠤᠶᠠᠷ ᠶᠡᠭᠡ ᠶᠠᠪᠤᠳᠠᠯ ᠪᠠ ︽ᠲᠠᠪᠤᠨ ᠶᠡᠭᠡ ᠡᠭᠦᠷᠭᠡ︾ ᠶᠢᠨ ᠣᠨ ᠤ ᠠᠵᠢᠯ ᠤᠨ ᠲᠥᠯᠥᠪᠯᠡᠭᠡ ᠶᠢ ᠤᠷᠤᠭᠰᠢᠲᠠᠢ ᠪᠡᠶᠡᠯᠡᠭᠦᠯᠵᠦ᠂ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠰᠢᠨ᠎ᠡ ᠲᠡᠮᠳᠡᠭᠯᠡᠯ ᠢ ᠡᠭᠦᠳᠴᠦ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠢ ᠪᠦᠭᠦ ᠲᠠᠯ᠎ᠠ ᠪᠠᠷ ᠡᠬᠢᠯᠡᠭᠦᠯᠵᠦ᠂ ᠡᠨᠧᠷᠭᠢ ᠶᠢᠨ ᠬᠦᠷᠢᠶᠡᠨ ᠳᠤ ︽ᠪᠦᠭᠦ ᠤᠯᠤᠰ ᠤᠨ 10 ᠨᠢᠭᠡᠳᠦᠭᠡᠷ︾ ᠢ ᠡᠭᠦᠳᠴᠦ᠂ ︽ᠬᠤᠪᠣᠷ ᠰᠢᠷᠣᠢ ᠶᠢᠨ ᠬᠤᠶᠠᠷ ᠰᠠᠭᠤᠷᠢᠨ︾ ᠤ ᠪᠦᠲᠦᠭᠡᠨ ᠪᠠᠶᠢᠭᠤᠯᠤᠯᠲᠠ ᠴᠢᠬᠤᠯᠠ ᠠᠯᠬᠤᠮ ᠢ ᠠᠯᠬᠤᠵᠤ᠂ ᠨᠡᠭᠦᠷᠡᠰᠦ᠂ ᠴᠠᠭᠢᠯᠭᠠᠨ᠂ ᠠᠮᠤ ᠪᠤᠳᠠᠭ᠎ᠠ᠂ ᠮᠢᠬ᠎ᠠ᠂ ᠰᠦ᠋ ᠶᠢᠨ ᠭᠠᠷᠤᠯᠲᠠ ᠳᠠᠬᠢᠨᠲᠠ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠦ᠂ ᠳᠣᠲᠣᠭᠠᠳᠤ ᠭᠠᠳᠠᠭᠠᠳᠤ ᠨᠡᠭᠡᠭᠡᠯᠲᠡ ᠦᠯᠡᠮᠵᠢ ᠦᠷ᠎ᠡ ᠪᠦᠲᠦᠭᠡᠯ ᠣᠯᠪᠠ᠃ ᠨᠢᠭᠡ ᠵᠢᠯ ᠤᠨ ᠲᠤᠷᠰᠢ᠂ ᠪᠢᠳᠡᠡ ᠤ ᠮᠠᠰᠢ ᠤᠯᠠᠨ ᠠᠵᠢᠯ ᠢᠶᠠᠨ ᠰᠠᠶᠢᠨ ᠬᠠᠨᠳᠤᠰᠢ ᠲᠠᠢ ᠪᠤᠯᠳᠠᠯ᠎ᠠ ᠠᠵᠢᠯᠯᠠᠵᠤ᠂ ᠰᠢᠨ᠎ᠡ ᠳᠦᠷᠰᠦ ᠪᠠᠶᠢᠳᠠᠯ ᠲᠠᠢ ᠪᠤᠯᠳᠠᠯ᠎ᠠ ᠠᠵᠢᠯᠯᠠᠵᠠᠢ᠃    ᠥᠪᠥᠷ ᠮᠣᠩᠭᠤᠯ ᠤᠨ ᠬᠥᠭᠵᠢᠯᠲᠡ ᠶᠢᠨ ᠴᠢᠭᠯᠡᠯ ᠢ ᠶᠡᠷᠦᠩᠬᠡᠢ ᠱᠦᠵᠢ ᠰᠢ ᠶᠢᠨ ᠫᠢᠩ ᠨᠢᠭᠡᠨᠲᠡ ᠪᠢᠳᠡᠨ ᠳᠤ ᠲᠣᠳᠣᠷᠬᠠᠢ ᠵᠢᠭᠠᠵᠤ ᠥᠭᠪᠡ᠃ ᠪᠢᠳᠡᠨ ᠤ ᠬᠢᠬᠦ ᠶᠠᠪᠤᠳᠠᠯ ᠪᠣᠯ ᠳᠠᠷᠤᠢ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤ ᠲᠠᠯᠠᠷᠬᠠᠨ ᠡᠷᠡᠮᠡᠬᠡᠶᠢᠯᠡᠨ ᠤᠷᠤᠭᠰᠢᠯᠠᠵᠤ᠂ ᠡᠭᠦᠷᠭᠡ ᠬᠠᠷᠢᠭᠤᠴᠠᠯᠭ᠎ᠠ ᠪᠠᠨ ᠭᠤᠲᠤᠭᠠᠬᠤ ᠦᠭᠡᠢ᠂ ᠠᠷᠠᠳ ᠲᠦᠮᠡᠨ ᠳᠤ ᠪᠤᠶᠠᠨ ᠦᠢᠯᠡᠳᠴᠦ᠂ ᠦᠨᠡᠨ ᠬᠦ ᠠᠳᠬᠤᠨ ᠪᠣᠳᠠᠲᠠᠢ ᠠᠵᠢᠯᠯᠠᠬᠤ ᠶᠠᠪᠤᠳᠠᠯ ᠪᠣᠯᠣᠨ᠎ᠠ᠃    ᠠᠴᠢ ᠡᠨᠡᠷᠢᠯ ᠳᠤᠨᠢ ᠲᠠᠯᠠᠷᠬᠠᠵᠤ ᠡᠷᠡᠮᠡᠬᠡᠶᠢᠯᠡᠨ ᠤᠷᠤᠭᠰᠢᠯᠠᠬᠤ ᠳᠠᠭᠠᠨ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠂ ᠪᠢᠳᠡ ᠶᠡᠷᠦᠩᠬᠡᠢ ᠱᠦᠵᠢ ᠶᠢ ᠨᠢᠭᠲᠠ ᠳᠠᠭᠠᠵᠤ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠶᠢ ᠤᠮᠠᠷᠠᠲᠤ ᠶᠢᠨ ᠡᠬᠡ ᠭᠠᠵᠠᠷ ᠤᠨ ︽ᠬᠠᠮᠤᠭ ᠤᠨ ᠬᠦᠴᠦᠷᠬᠡᠭ ᠳᠠᠭᠤᠨ︾ ᠪᠤᠯᠭᠠᠬᠤ ᠬᠡᠷᠡᠭᠲᠡᠢ᠃ ᠶᠡᠷᠦᠩᠬᠡᠢ ᠱᠦᠵᠢ ᠥᠪᠥᠷ ᠮᠣᠩᠭᠤᠯ ᠢ ᠰᠠᠶᠢᠨ ᠣᠶᠢᠯᠠᠭᠠᠵᠤ ᠭᠦᠨ ᠬᠠᠶᠢᠷᠠᠯᠠᠵᠤ ᠪᠠᠶᠢᠨ᠎ᠠ᠂ 4 ᠤᠳᠠᠭ᠎ᠠ ᠰᠢᠨᠵᠢᠯᠡᠨ ᠪᠠᠶᠢᠴᠠᠭᠠᠵᠤ᠂ 10 ᠤᠳᠠᠭ᠎ᠠ ᠴᠢᠬᠤᠯᠠ ᠶᠠᠷᠢᠶ᠎ᠠ ᠲᠠᠯᠪᠢᠵᠤ᠂ ᠣᠯᠠᠨ ᠤᠳᠠᠭ᠎ᠠ ᠴᠢᠬᠤᠯᠠ ᠵᠢᠭᠠᠪᠤᠷᠢ ᠴᠣᠬᠤᠯᠠᠪᠤᠷᠢ ᠥᠭᠴᠦ᠂ ᠪᠡᠶ᠎ᠡ ᠪᠠᠷ ᠢᠶᠠᠨ ᠪᠢᠳᠡᠨ ᠳᠤ ᠬᠥᠭᠵᠢᠯᠲᠡ ᠶᠢᠨ ᠵᠢᠷᠤᠭ ᠲᠥᠰᠥᠪ ᠢ ᠵᠢᠷᠤᠭᠯᠠᠨ ᠥᠭᠴᠦ᠂ ᠠᠵᠢᠯᠯᠠᠭᠠᠨ ᠤ ᠬᠥᠲᠥᠯᠪᠦᠷᠢ ᠶᠢ ᠲᠣᠭᠲᠠᠭᠠᠵᠤ ᠥᠭᠴᠡᠢ᠃ ᠨᠢᠳᠤᠨᠤᠨ ᠤ 6 ᠰᠠᠷ᠎ᠠ ᠳᠤ᠂ ᠶᠡᠷᠦᠩᠬᠡᠢ ᠱᠦᠵᠢ ᠳᠥᠷᠪᠡᠳᠡᠬᠢ ᠤᠳᠠᠭ᠎ᠠ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ ᠪᠢᠳᠡᠨ ᠳᠤ ᠯᠤᠲᠤ ᠶᠡᠭᠡ ᠤᠯᠤᠰ ᠲᠥᠷᠥ ᠶᠢᠨ ᠬᠠᠶᠢᠷ᠎ᠠ ᠬᠠᠯᠠᠮᠵᠢᠯᠠᠯ ᠪᠠ ᠡᠷᠬᠢᠮ ᠨᠠᠨᠳᠢᠨ ᠬᠥᠭᠵᠢᠯᠲᠡ ᠶᠢᠨ ᠠᠵᠠ ᠲᠣᠭᠢᠶᠠᠯ ᠢ ᠠᠪᠴᠢᠷᠠᠵᠤ ᠥᠭᠪᠡ᠃ ᠳᠠᠷᠠᠭ᠎ᠠ ᠨᠢ ᠲᠥᠷᠥ ᠶᠢᠨ ᠶᠠᠪᠤᠳᠠᠯ ᠤᠨ ᠬᠤᠷᠢᠶ᠎ᠠ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾ ᠢ ᠨᠡᠶᠢᠲᠡᠯᠡᠵᠦ᠂ ᠪᠢᠳᠡᠨ ᠤ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃ ᠶᠡᠷᠦᠩᠬᠡᠢ ᠱᠦᠵᠢ ᠶᠢᠨ ᠳᠣᠲᠣᠨᠣ ᠬᠠᠯᠠᠮᠵᠢᠯᠠᠯ ᠪᠠ ᠵᠢᠭᠠᠭᠰᠠᠨ ᠴᠢᠭᠯᠡᠯ ᠪᠣᠯ ᠪᠢᠳᠡᠨ ᠤ ᠥᠪᠥᠷ ᠮᠣᠩᠭᠤᠯ ᠤᠨ ᠠᠵᠢᠯ ᠢ ᠰᠠᠶᠢᠲᠤᠷ ᠬᠢᠬᠦ ᠶᠢᠨ ᠬᠠᠮᠤᠭ ᠤᠨ ᠶᠡᠭᠡ ᠢᠲᠡᠭᠡᠯ ᠵᠣᠷᠢᠭ ᠮᠥᠨ᠃ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠯ ᠪᠢᠳᠡᠨ ᠤ ᠬᠠᠮᠤᠭ ᠤᠨ ᠶᠡᠭᠡ ᠬᠠᠷᠢᠭᠤᠴᠠᠯᠭ᠎ᠠ ᠪᠣᠯᠣᠨ᠎ᠠ᠃ ᠪᠦᠭᠦ ᠣᠷᠣᠨ ᠳᠠᠶᠠᠭᠠᠷ ᠢᠶᠠᠨ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠶᠡᠷᠦᠩᠬᠡᠢ ᠱᠦᠵᠢ ᠶᠢᠨ ᠵᠢᠭᠠᠭᠰᠠᠨ ᠴᠢᠭᠯᠡᠯ ᠢᠶᠠᠷ ᠡᠷᠡᠰ ᠭᠤᠶᠢᠪᠢᠰᠢ ᠦᠭᠡᠢ ᠡᠷᠡᠮᠡᠬᠡᠶᠢᠯᠡᠨ ᠤᠷᠤᠭᠰᠢᠯᠠᠵᠤ᠂ ᠬᠠᠲᠠᠭᠤᠵᠢᠯᠲᠠᠢ ᠲᠡᠮᠡᠴᠡᠵᠦ ᠪᠣᠳᠠᠲᠠᠢ ᠠᠵᠢᠯᠯᠠᠵᠤ᠂ ᠡᠬᠡ ᠤᠯᠤᠰ ᠤᠨ ᠤᠮᠠᠷᠠᠲᠤ ᠶᠢᠨ ᠡᠨᠡ ᠬᠦ ᠦᠵᠡᠮᠵᠢ ᠶᠢᠨ ᠣᠷᠣᠨ ᠢᠶᠠᠨ ᠨᠠᠩ ᠦᠵᠡᠰᠬᠦᠯᠡᠩᠲᠦ ᠰᠠᠶᠢᠬᠠᠨ ᠪᠣᠯᠭᠠᠨ ᠪᠦᠲᠦᠭᠡᠨ ᠪᠠᠶᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠬᠡᠷᠡᠭᠲᠡᠢ᠃    ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠶ᠎ᠡ ᠭᠡᠪᠡᠯ ᠵᠠᠪᠠᠯ ᠬᠥᠳᠡᠯᠦᠯᠴᠡᠵᠦ ᠠᠵᠢᠯᠯᠠᠬᠤ ᠬᠡᠷᠡᠭᠲᠡᠢ᠂ ᠪᠢᠳᠡ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠭᠡᠬᠦ ᠡᠨᠡ ᠬᠦ ᠠᠯᠳᠠᠨ ᠦᠰᠦᠭᠲᠦ ᠫᠠᠶᠢᠰᠠ ᠶᠢ ᠨᠡᠩ ᠭᠡᠷᠡᠯ ᠭᠢᠯᠪᠠᠭ᠎ᠠ ᠰᠠᠴᠤᠷᠠᠭᠤᠯᠬᠤ ᠬᠡᠷᠡᠭᠲᠡᠢ᠃ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠢᠷᠠᠭᠤ ᠠᠯᠳᠠᠷ ᠢ ᠰᠠᠶᠢᠲᠤᠷ ᠬᠠᠮᠠᠭᠠᠯᠠᠬᠤ ᠪᠣᠯ ᠶᠡᠷᠦᠩᠬᠡᠢ ᠱᠦᠵᠢ ᠶᠢᠨ ᠪᠢᠳᠡᠨ ᠳᠤ ᠲᠠᠯᠪᠢᠭᠰᠠᠨ ᠨᠠᠨᠳᠢᠨ ᠬᠦᠰᠡᠯ ᠨᠠᠶᠢᠳᠠᠯᠭ᠎ᠠ ᠪᠣᠯᠣᠨ᠎ᠠ᠂ ᠪᠢᠳᠡ ᠡᠷᠬᠡᠪᠰᠢ ᠪᠠᠲᠤ ᠴᠡᠭᠡᠵᠢᠯᠡᠬᠦ ᠬᠡᠷᠡᠭᠲᠡᠢ᠃ ᠰᠢᠨ᠎ᠡ ᠠᠶᠠᠨ ᠳᠤ᠂ ᠦᠨᠳᠦᠰᠦᠲᠡᠨ ᠤ ᠣᠷᠣᠨ ᠳᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤᠮᠳᠠ ᠰᠢᠨ᠎ᠡ ᠵᠠᠮ ᠢ ᠨᠡᠭᠡᠭᠡᠬᠦ ᠬᠡᠷᠡᠭᠲᠡᠢ ᠭᠡᠬᠦ ᠶᠡᠷᠦᠩᠬᠡᠢ ᠱᠦᠵᠢ ᠶᠢᠨ ᠪᠢᠳᠡᠨ ᠳᠤ ᠵᠢᠭᠠᠪᠤᠷᠢᠯᠠᠭᠰᠠᠨ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠤᠷᠠᠳᠤᠭᠰᠠᠨ ︽ᠲᠤᠯᠤᠭᠠᠨ ᠲᠠᠯ᠎ᠠ ᠪᠠᠷ ᠵᠢᠱᠢᠶᠡᠴᠢ ᠪᠤᠯᠬᠤ︾ ᠶᠢ ᠪᠡᠶᠡᠯᠡᠭᠦᠯᠬᠦ ᠪᠣᠯ ᠢᠷᠠᠭᠤ ᠠᠯᠳᠠᠷ ᠤᠨ ᠪᠦᠭᠦ ᠲᠠᠯ᠎ᠠ ᠶᠢᠨ ᠬᠠᠮᠠᠭᠠᠯᠠᠯᠲᠠ ᠪᠣᠯᠣᠨ᠎ᠠ᠃ ᠪᠦᠭᠦ ᠣᠷᠣᠨ ᠤ ᠦᠨᠳᠦᠰᠦᠲᠡᠨ ᠨᠥᠬᠦᠳ ᠤᠨ ᠺᠠᠳ᠋ᠷ ᠤᠯᠠᠨ ᠲᠦᠮᠡᠨ ︽ᠵᠢᠷᠭᠤᠭᠠᠨ ᠥᠭᠦᠯᠡᠪᠦᠷᠢ ᠦᠭᠡ ᠶᠢᠨ ᠪᠣᠳᠠᠲᠤ ᠶᠠᠪᠤᠳᠠᠯ ᠪᠠ ᠶᠣᠰᠣ ᠤᠴᠢᠷ︾ ᠢ ᠪᠠᠲᠤ ᠴᠡᠭᠡᠵᠢᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠡᠯ᠎ᠡ ᠵᠦᠢᠯ ᠤᠨ ᠠᠵᠢᠯ ᠳᠤᠮᠳᠠ ᠪᠦᠭᠦ ᠲᠠᠯ᠎ᠠ ᠪᠠᠷ ᠲᠤᠭᠤᠰᠢᠯᠠᠭᠤᠯᠵᠤ᠂ ︽ᠲᠠᠪᠤᠨ ᠶᠡᠭᠡ ᠡᠭᠦᠷᠭᠡ︾ ᠶᠢ ᠪᠦᠭᠦ ᠬᠦᠴᠦᠨ ᠢᠶᠠᠷ ᠢᠶᠠᠨ ᠪᠡᠶᠡᠯᠡᠭᠦᠯᠵᠦ᠂ ᠤᠮᠠᠷᠠᠲᠤ ᠬᠢᠯᠢ ᠶᠢᠨ ᠰᠣᠶᠣᠯ ᠢ ᠨᠠᠷᠢᠨ ᠨᠢᠮᠪᠠᠢ ᠡᠭᠦᠳᠴᠦ᠂ ᠬᠢᠯᠢ ᠬᠢᠵᠠᠭᠠᠷ ᠢ ᠮᠠᠨᠳᠤᠭᠤᠯᠵᠤ ᠬᠢᠯᠢ ᠬᠢᠵᠠᠭᠠᠷ ᠢ ᠲᠣᠭᠲᠠᠪᠤᠷᠢᠵᠢᠭᠤᠯᠵᠤ ᠬᠢᠯᠢ ᠬᠢᠵᠠᠭᠠᠷ ᠢ ᠪᠠᠬᠢᠵᠢᠭᠦᠯᠬᠦ ᠶᠢ ᠠᠬᠢᠭᠤᠯᠵᠤ᠂ ᠬᠠᠮᠲᠤ ᠪᠠᠷ ᠪᠠᠶᠠᠵᠢᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠤᠯᠤᠰ ᠤᠨ ︽ᠲᠠᠪᠤᠨ ᠠᠮᠤᠷ ᠲᠦᠪᠰᠢᠨ︾ ᠢ ᠨᠡᠩ ᠰᠠᠶᠢᠲᠤᠷ ᠪᠠᠲᠤᠯᠠᠵᠤ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠠᠬᠢᠭᠤᠯᠬᠤ ᠳᠤᠮᠳᠠ ᠥᠪᠥᠷ ᠮᠣᠩᠭᠤᠯ ᠤᠨ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠵᠦ᠂ ᠥᠪᠥᠷ ᠮᠣᠩᠭᠤᠯ ᠤᠨ ᠬᠦᠴᠦᠨ ᠴᠢᠳᠠᠯ ᠢᠶᠠᠨ ᠡᠷᠭᠦᠵᠦ᠂ ᠥᠪᠥᠷ ᠮᠣᠩᠭᠤᠯ ᠤᠨ ᠴᠤᠭ ᠵᠢᠪᠬᠤᠭ᠎ᠠ ᠶᠢ ᠪᠠᠳᠠᠷᠠᠭᠤᠯᠬᠤ ᠬᠡᠷᠡᠭᠲᠡᠢ᠃    ᠡᠭᠦᠷᠭᠡ ᠬᠠᠷᠢᠭᠤᠴᠠᠯᠭ᠎ᠠ ᠳᠠᠭᠠᠨ ᠣᠰᠣᠯᠳᠠᠬᠤ ᠦᠭᠡᠢ ᠪᠠᠶᠢᠵᠤ᠂ ᠪᠢᠳᠠ ᠠᠯᠢᠪᠠ ᠬᠦᠴᠢᠷ ᠪᠡᠷᠬᠡ ᠶᠢ ᠢᠯᠠᠨ ᠳᠠᠪᠠᠵᠤ ᠴᠢᠨᠠᠷ ᠢ ᠪᠠᠲᠤᠯᠠᠨ ᠲᠤᠭ᠎ᠠ ᠬᠡᠮᠵᠢᠶ᠎ᠡ ᠶᠢ ᠪᠠᠲᠤᠯᠠᠨ ᠡᠭᠦᠷᠭᠡ ᠪᠠᠨ ᠪᠡᠶᠡᠯᠡᠭᠦᠯᠬᠦ ᠬᠡᠷᠡᠭᠲᠡᠢ᠃ ᠬᠤᠶᠠᠷ ᠶᠡᠭᠡ ᠶᠠᠪᠤᠳᠠᠯ᠂ ︽ᠲᠠᠪᠤᠨ ᠶᠡᠭᠡ ᠡᠭᠦᠷᠭᠡ︾ ᠪᠣᠯ ᠶᠡᠷᠦᠩᠬᠡᠢ ᠱᠦᠵᠢ ᠶᠢᠨ ᠪᠢᠳᠡᠨ ᠳᠤ ᠣᠯᠭᠤᠭᠰᠠᠨ ᠡᠭᠦᠷᠭᠡ ᠬᠠᠷᠢᠭᠤᠴᠠᠯᠭ᠎ᠠ ᠮᠥᠨ᠃ ︽ᠵᠢᠷᠭᠤᠭᠠᠨ ᠢᠨᠵᠧᠨᠧᠷᠢᠩ︾ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠡᠭᠦᠷᠭᠡ ᠬᠠᠷᠢᠭᠤᠴᠠᠯᠭ᠎ᠠ ᠳᠠᠭᠠᠨ ᠣᠰᠣᠯᠳᠠᠬᠤ ᠦᠭᠡᠢ ᠪᠠᠶᠢᠬᠤ ᠴᠢᠬᠤᠯᠠ ᠶᠡᠭᠡ ᠪᠠᠶᠢᠷᠢᠯᠠᠭᠤᠯᠤᠯᠲᠠ ᠪᠣᠯᠣᠨ᠎ᠠ᠂ ᠬᠥᠭᠵᠢᠯᠲᠡ ᠶᠢᠨ ᠢᠨᠵᠧᠨᠧᠷᠢᠩ ᠪᠤᠯᠬᠤ ᠪᠥᠭᠡᠳ ᠪᠠᠰᠠ ᠴᠤ ᠤᠯᠤᠰ ᠲᠦᠷᠦ ᠶᠢᠨ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ ᠪᠣᠯᠣᠨ᠎ᠠ᠂ ᠪᠢᠳᠡᠨ ᠤ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠲᠤᠯᠭᠠᠭᠤᠷᠢᠯᠠᠬᠤ ᠴᠢᠨᠠᠷᠲᠠᠢ ᠬᠥᠲᠥᠯᠥᠨ ᠳᠠᠭᠠᠭᠤᠯᠬᠤ ᠦᠢᠯᠡᠳᠦᠯ ᠲᠠᠢ ᠶᠤᠮ᠃ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠢ ᠬᠡᠷᠡᠭᠵᠢᠭᠦᠯᠬᠦ ᠳᠤ᠂ ᠳᠠᠷᠤᠢ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢ ᠬᠠᠮᠠᠭᠠᠯᠠᠬᠤ ᠪᠠ ᠴᠢᠨᠠᠷ ᠰᠠᠶᠢᠲᠠᠢ ᠬᠥᠭᠵᠢᠭᠦᠯᠬᠦ᠂ ︽ᠤᠮᠠᠷᠠᠲᠤ ᠶᠢᠨ ᠭᠤᠷᠪᠠᠨ ᠣᠷᠣᠨ ︾ ᠤ ᠢᠨᠵᠧᠨᠧᠷᠢᠩ ᠵᠡᠷᠭᠡ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠳᠤᠮᠳᠠ ᠮᠠᠨ ᠤ ᠣᠷᠣᠨ 90 ᠭᠠᠷᠤᠢ ᠵᠦᠢᠯ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠡᠳ᠋ᠯᠡᠵᠦ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠰᠠᠨᠠᠯ︾ ᠵᠢᠴᠢ ᠢᠵᠢ ᠪᠦᠷᠢᠳᠦᠭᠦᠯᠬᠦ ᠨᠠᠷᠢᠨ ᠲᠠᠩᠰᠠᠨ ᠳᠤ ᠳᠤᠷᠠᠳᠤᠭᠰᠠᠨ 34 ᠵᠦᠢᠯ ᠤᠨ ᠴᠢᠬᠤᠯᠠ ᠶᠡᠭᠡ ᠲᠥᠷᠥ ᠶᠢᠨ ᠪᠣᠳᠣᠯᠭ᠎ᠠ ᠵᠢᠴᠢ ᠡᠯ᠎ᠡ ᠶᠠᠮᠤᠨ ᠵᠥᠪᠯᠡᠯ ᠤᠨ ᠨᠡᠶᠢᠲᠡᠯᠡᠭᠰᠡᠨ ᠳᠡᠮᠵᠢᠯᠭᠡ ᠶᠢᠨ ᠴᠢᠨᠠᠷᠲᠠᠢ ᠲᠥᠷᠥ ᠶᠢᠨ ᠪᠣᠳᠣᠯᠭ᠎ᠠ ᠶᠢ ᠪᠣᠳᠠᠲᠠᠢ ᠢᠨᠵᠧᠨᠧᠷᠢᠩ ᠤᠨ ᠲᠥᠷᠥᠯ ᠵᠦᠢᠯ ᠪᠣᠯᠭᠠᠨ ᠨᠢᠭᠡᠳ ᠨᠢᠭᠡ ᠪᠠᠷ ᠨᠠᠷᠢᠯᠢᠭᠵᠢᠭᠤᠯᠵᠤ᠂ ᠲᠥᠷᠥ ᠶᠢᠨ ᠪᠣᠳᠣᠯᠭ᠎ᠠ ᠶᠢ ︽ᠴᠠᠭᠠᠰᠤᠨ ᠳᠡᠭᠡᠷ᠎ᠡ︾ ᠠᠴᠠ ︽ᠭᠠᠵᠠᠷ ᠳᠡᠭᠡᠷ᠎ᠡ︾ ᠨᠠᠶᠢᠳᠠᠪᠤᠷᠢᠵᠢᠭᠤᠯᠤᠨ᠂ ᠦᠨᠳᠦᠰᠦᠯᠡᠭᠦᠯᠦᠨ ᠦᠷ᠎ᠡ ᠪᠦᠳᠦᠮᠵᠢ ᠭᠠᠷᠭᠠᠬᠤ ᠬᠡᠷᠡᠭᠲᠡᠢ᠃ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠬᠡᠷᠡᠭᠵᠢᠭᠦᠯᠬᠦ ᠳᠤ ᠂ ᠳᠠᠷᠤᠢ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠲᠠᠢ ᠨᠢᠭᠡ ᠴᠣᠭᠴᠠᠵᠢᠭᠤᠯᠵᠤ᠂ ᠨᠣᠭᠤᠭᠠᠷᠠᠭᠤᠯᠤᠯᠲᠠ ᠶᠢ ᠨᠡᠮᠡᠭᠳᠡᠭᠦᠯᠬᠦ᠂ ᠡᠨᠧᠷᠭᠢ ᠶᠢ ᠨᠡᠮᠡᠭᠳᠡᠭᠦᠯᠬᠦ᠂ ᠣᠷᠣᠯᠭ᠎ᠠ ᠶᠢ ᠨᠡᠮᠡᠭᠳᠡᠭᠦᠯᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠨᠢᠭᠡ ᠯᠠ ᠳᠡᠭᠡᠷ᠎ᠡ ᠤᠯᠠᠨ ᠢ ᠬᠢᠵᠦ ᠪᠦᠲᠦᠭᠡᠬᠦ ᠬᠡᠷᠡᠭᠲᠡᠢ᠃ ᠬᠠᠶᠢᠷ᠎ᠠ ᠬᠠᠯᠠᠮᠵᠢ ᠶᠢᠨ ᠢᠨᠵᠧᠨᠧᠷᠢᠩ ᠢ ᠬᠡᠷᠡᠭᠵᠢᠭᠦᠯᠬᠦ ᠪᠣᠯ ᠳᠠᠷᠤᠢ ᠨᠡᠶᠢᠭᠡᠮ ᠤᠨ ᠠᠩᠬᠠᠷᠤᠯ ᠳᠤ ᠬᠠᠷᠢᠭᠤ ᠥᠭᠴᠦ᠂ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠬᠦᠴᠢᠷ ᠠᠰᠠᠭᠤᠳᠠᠯ ᠢ ᠲᠦᠢᠯᠪᠤᠷᠢᠲᠠᠢ ᠰᠢᠢᠳᠪᠦᠷᠢᠯᠡᠬᠦ ᠶᠠᠪᠤᠳᠠᠯ ᠪᠣᠯᠣᠨ᠎ᠠ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠬᠦ ᠪᠣᠯ ᠳᠠᠷᠤᠢ ᠵᠠᠰᠠᠭ ᠤᠨ ᠶᠠᠪᠤᠳᠠᠯ᠂ ᠬᠤᠳᠠᠯᠳᠤᠭᠠᠨ ᠤ ᠶᠠᠪᠤᠳᠠᠯ᠂ ᠨᠡᠶᠢᠭᠡᠮ᠂ ᠬᠠᠤᠯᠢ ᠴᠠᠭᠠᠵᠠ ᠵᠡᠷᠭᠡ ᠬᠦᠷᠢᠶᠡᠨ ᠳᠤ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠡᠯ᠎ᠡ ᠲᠠᠯ᠎ᠠ ᠶᠢᠨ ᠬᠢᠨ ᠤ ᠦᠨᠡᠨᠴᠢ ᠢᠲᠡᠭᠡᠮᠵᠢ ᠲᠠᠢ ᠪᠠᠶᠢᠵᠤ ᠠᠮᠠᠯᠠᠯᠲᠠ ᠪᠠᠨ ᠪᠡᠶᠡᠯᠡᠭᠦᠯᠬᠦ ᠶᠢ ᠠᠬᠢᠭᠤᠯᠬᠤ ᠶᠠᠪᠤᠳᠠᠯ ᠪᠣᠯᠣᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠬᠡᠷᠡᠭᠵᠢᠭᠦᠯᠬᠦ ᠪᠣᠯ᠂ ᠵᠣᠬᠢᠶᠠᠮᠠᠯ ᠤᠶᠤᠨ ᠴᠢᠳᠠᠪᠤᠷᠢ᠂ ᠰᠢᠨ᠎ᠡ ᠭᠡᠯᠪᠡᠷᠢ ᠶᠢᠨ ᠡᠨᠧᠷᠭᠢ ᠬᠠᠳᠠᠭᠠᠯᠠᠬᠤ ᠵᠡᠷᠭᠡ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠢᠷᠡᠭᠡᠳᠦᠢ ᠶᠢᠨ ᠠᠵᠤ ᠦᠢᠯᠡᠰ ᠢ ᠲᠥᠯᠥᠪᠵᠢᠭᠦᠯᠵᠦ᠂ ᠲᠡᠷᠢᠭᠦᠨ ᠤ ᠮᠡᠷᠭᠡᠵᠢᠯ ᠢ ᠣᠷᠣᠭᠤᠯᠤᠨ ᠠᠪᠴᠢᠷᠠᠵᠤ᠂ ᠨᠢᠭᠡ ᠬᠤᠶᠠᠷ ᠴᠡᠭ ᠠᠴᠠ ᠡᠭᠢᠯᠡᠯᠡᠭᠴᠡ ᠲᠦᠷᠦᠭᠦᠯᠡᠵᠦ᠂ ᠦᠰᠦᠷᠦᠯᠲᠡ ᠶᠢᠨ ᠴᠢᠨᠠᠷᠲᠠᠢ ᠰᠢᠪᠲᠤᠯᠤᠯᠲᠠ ᠶᠢ ᠪᠡᠶᠡᠯᠡᠭᠦᠯᠬᠦ ᠬᠡᠷᠡᠭᠲᠡᠢ᠃ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠬᠦ ᠳᠤ᠂ ᠭᠠᠳᠠᠭᠠᠳᠤ ᠠᠷᠠᠯᠵᠢᠶᠠᠨ ᠤ ᠡᠨᠡ ᠬᠦ ᠳᠤᠲᠠᠭᠤᠳᠠᠯ ᠢ ᠨᠥᠬᠦᠪᠦᠷᠢᠯᠡᠵᠦ᠂ ︽ᠭᠠᠷ ᠲᠠᠮᠵᠢᠪᠠᠴᠤ ᠠᠰᠢᠭ ᠭᠦᠷᠳᠡᠭᠦ ᠦᠭᠡᠢ︾ ᠡᠨᠡ ᠬᠦ ᠬᠠᠭᠤᠴᠢᠨ ᠡᠪᠡᠳᠴᠢᠨ ᠢ ᠵᠠᠰᠠᠵᠤ ᠡᠳᠡᠭᠡᠷᠡᠭᠦᠯᠬᠦ ᠬᠡᠷᠡᠭᠲᠡᠢ᠃ ᠢᠨᠵᠧᠨᠧᠷᠢᠩ ᠢ ᠲᠣᠭᠲᠠᠭᠠᠮᠠᠭᠴᠠ ᠠᠵᠢᠯ ᠢᠶᠠᠨ ᠱᠠᠯᠠᠪᠳᠠᠭᠤᠯᠤᠨ ᠡᠬᠢᠯᠡᠭᠦᠯᠵᠦ᠂ ᠪᠠᠷᠢᠯᠭ᠎ᠠ ᠶᠢᠨ ᠠᠵᠢᠯ ᠢᠶᠠᠨ ᠲᠦᠷᠭᠡᠳᠬᠡᠵᠦ᠂ ᠲᠣᠭᠲᠠᠭᠰᠠᠨ ᠴᠠᠭ ᠲᠠᠭᠠᠨ ᠳᠠᠭᠤᠰᠬᠠᠬᠤ ᠬᠡᠷᠡᠭᠲᠡᠢ᠃ ᠤᠳᠤ ᠠᠴᠠ ᠡᠬᠢᠯᠡᠨ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠳᠠᠷᠤᠢ ᠲᠦᠷᠭᠡᠨ ᠬᠥᠳᠡᠯᠦᠯᠴᠡᠵᠦ᠂ ᠪᠠᠶᠢᠳᠠᠯ ᠢ ᠰᠠᠶᠢᠲᠤᠷ ᠪᠠᠶᠢᠷᠢᠯᠠᠭᠤᠯᠤᠨ᠂ ᠰᠠᠶᠢᠨ ᠡᠭᠢᠯᠡᠯᠲᠡ ᠲᠠᠢ ᠪᠤᠯᠭᠠᠵᠤ᠂ ᠴᠢᠩᠭ᠎ᠠ ᠠᠳᠬᠤᠨ ᠲᠦᠷᠭᠡᠨ ᠠᠵᠢᠯᠯᠠᠵᠤ᠂ ᠵᠢᠯ ᠤᠨ ᠡᠴᠦᠰ ᠪᠤᠯᠬᠤ ᠳᠤ ᠰᠠᠶᠢᠨ ︽ᠬᠤᠷᠢᠶᠠᠯᠲᠠ︾ ᠲᠠᠢ ᠪᠠᠶᠢᠬᠤ ᠶᠢ ᠪᠠᠲᠤᠯᠠᠬᠤ ᠬᠡᠷᠡᠭᠲᠡᠢ᠃    ᠠᠷᠠᠳ ᠲᠦᠮᠡᠨ ᠳᠤ ᠪᠤᠶᠠᠨ ᠦᠢᠯᠡᠳᠬᠦ ᠳᠡᠭᠡᠨ ᠪᠢᠳᠠ ᠠᠷᠠᠳ ᠲᠦᠮᠡᠨ ᠳᠤ ᠠᠮᠠᠯᠳᠠᠭᠰᠠᠨ ᠶᠠᠪᠤᠳᠠᠯ ᠢᠶᠠᠨ ᠡᠷᠬᠡᠪᠰᠢ ᠰᠠᠶᠢᠲᠤᠷ ᠬᠢᠬᠦ ᠬᠡᠷᠡᠭᠲᠡᠢ᠃ ᠣᠯᠠᠨ ᠲᠦᠮᠡᠨ ᠤ ᠠᠵᠢᠯ ᠣᠯᠭᠤᠯᠲᠠ᠂ ᠡᠪᠡᠳᠴᠢᠨ ᠦᠵᠡᠭᠦᠯᠭᠦ᠂ ᠰᠤᠷᠭᠠᠭᠤᠯᠢ ᠳᠤ ᠣᠷᠣᠬᠤ᠂ ᠨᠠᠰᠤᠵᠢᠯ ᠤᠨ ᠠᠰᠠᠷᠠᠮᠵᠢ ᠵᠡᠷᠭᠡ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠠᠷᠠᠳ ᠲᠦᠮᠡᠨ ᠢ ᠳᠠᠭᠢᠨ ᠲᠦᠪᠡᠭᠳᠡᠭᠦᠯᠵᠦ ᠵᠣᠪᠠᠭᠠᠬᠤ ᠦᠭᠡᠢ ᠪᠣᠯ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠠᠴᠠ ᠣᠯᠠᠨ ᠲᠦᠮᠡᠨ ᠳᠤ ᠠᠮᠠᠯᠳᠠᠭᠰᠠᠨ ᠠᠮᠠᠯᠠᠯᠲᠠ ᠮᠥᠨ᠃ ᠠᠮᠠᠯᠳᠠᠬᠤ ᠦᠶ᠎ᠡ ᠳᠡᠭᠡᠨ ᠪᠠᠷᠳᠠᠮ ᠪᠠᠲᠤ ᠲᠠᠢ ᠲᠠᠩᠭᠠᠷᠢᠭᠯᠠᠵᠤ᠂ ᠨᠠᠶᠢᠳᠠᠪᠤᠷᠢᠵᠢᠭᠤᠯᠬᠤ ᠦᠶ᠎ᠡ ᠳᠤ ᠬᠥᠩᠭᠡᠨ ᠬᠠᠭᠤᠳᠠᠮ ᠢᠶᠠᠷ ᠬᠠᠨᠳᠤᠵᠤ ᠪᠤᠯᠬᠤ ᠦᠭᠡᠢ ᠃ ᠪᠢᠳᠡ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠥᠷᠨᠢᠭᠦᠯᠬᠦ ᠳᠤ᠂ ᠡᠩ ᠲᠡᠷᠢᠭᠦᠨ ᠳᠤ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠲᠦᠷᠦᠭᠦᠯᠡᠨ ᠬᠡᠯᠡᠭᠰᠡᠨ ᠳᠡᠭᠡᠨ ᠵᠠᠪᠠᠯ ᠰᠠᠭᠤᠬᠤ ᠬᠡᠷᠡᠭᠲᠡᠢ᠃ ᠪᠢᠳᠡ᠂ ᠥᠪᠡᠷᠲᠡᠭᠡᠨ ᠵᠠᠰᠠᠬᠤ ᠣᠷᠣᠨ ᠤ ᠦᠨᠳᠦᠰᠦᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠪᠦᠭᠦ ᠤᠯᠤᠰ ᠤᠨ ᠳᠤᠮᠳᠠᠴᠢ ᠲᠦᠪᠰᠢᠨ ᠳᠤ ᠬᠦᠷᠭᠡᠬᠦ ᠪᠤᠶᠤ ᠲᠡᠭᠦᠨ ᠠᠴᠠ ᠳᠠᠪᠠᠭᠤᠯᠬᠤ ᠶᠢ ᠠᠬᠢᠭᠤᠯᠵᠤ᠂ ᠠᠷᠠᠳ ᠣᠯᠠᠨ ᠤ ᠲᠠᠭᠠᠷᠠᠵᠤ ᠪᠡᠭᠡᠷᠡᠬᠦ ᠠᠰᠠᠭᠤᠳᠠᠯ ᠢ ᠲᠦᠢᠯᠪᠤᠷᠢᠲᠠᠢ ᠰᠢᠢᠳᠪᠦᠷᠢᠯᠡᠨ᠎ᠡ ᠭᠡᠵᠦ ᠳᠤᠷᠠᠳᠪᠠ᠃ ᠡᠨᠡ ᠬᠤᠶᠠᠷ ᠶᠡᠭᠡ ᠶᠠᠪᠤᠳᠠᠯ ᠪᠣᠯᠣᠨ ᠡᠨᠡ ᠤᠳᠠᠭ᠎ᠠ ᠶᠢᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠵᠢᠭᠰᠠᠭᠠᠨ ᠭᠠᠷᠭᠠᠭᠰᠠᠨ 33 ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠪᠣᠯ ᠪᠢᠳᠡᠨ ᠤ ᠪᠦᠭᠦ ᠣᠷᠣᠨ ᠤ ᠠᠷᠠᠳ ᠲᠦᠮᠡᠨ ᠳᠤ ᠠᠮᠠᠯᠳᠠᠭᠰᠠᠨ ᠠᠮᠠᠯᠠᠯᠲᠠ ᠪᠣᠯᠣᠨ᠎ᠠ᠂ ᠤᠯᠠᠨ ᠲᠦᠮᠡᠨ ᠦᠵᠡᠵᠦ᠂ ᠬᠦᠰᠡᠨ ᠬᠦᠯᠢᠶᠡᠵᠦ ᠪᠠᠶᠢᠨ᠎ᠠ ᠂ ᠪᠢᠳᠡ ᠬᠡᠯᠡᠭᠰᠡᠨ ᠢᠶᠠᠨ ᠢᠳᠡᠵᠦ ᠭᠡᠭᠡᠷᠡᠭᠰᠡᠨ ᠢᠶᠠᠨ ᠵᠠᠯᠭᠢᠵᠤ ᠶᠠᠭᠠᠬᠢᠭᠰᠠᠨ ᠴᠤ ᠪᠤᠯᠬᠤ ᠦᠭᠡᠢ  ︕ ᠺᠠᠳ᠋ᠷ ᠪᠤᠯᠬᠤ ᠳᠤ ᠴᠠᠭ ᠢᠮᠠᠭᠲᠠ ᠠᠷᠠᠳ ᠤᠯᠠᠨ ᠤ ᠲᠥᠯᠥᠭᠡ ᠰᠠᠨᠠᠭᠠᠰᠢᠷᠠᠵᠤ᠂ ᠠᠷᠠᠳ ᠤᠯᠠᠨ ᠳᠤ ᠢᠯᠡᠭᠦᠬᠡᠨ ᠪᠤᠶᠠᠨ ᠦᠢᠯᠡᠳᠬᠦ ᠬᠡᠷᠡᠭᠲᠡᠢ᠃ ︽ᠠᠷᠪᠢᠯᠠᠨ ᠭᠠᠮᠨᠠᠵᠤ ᠠᠮᠢᠳᠤᠷᠠᠬᠤ︾ ᠪᠣᠯ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠳᠤ ᠲᠠᠯᠪᠢᠵᠤ ᠪᠠᠶᠢᠭ᠎ᠠ ᠱᠠᠭᠠᠷᠳᠠᠯᠭ᠎ᠠ ᠮᠥᠨ᠂ ᠠᠷᠠᠳ ᠤᠨ ᠠᠮᠢᠳᠤᠷᠠᠯ ᠢ ᠪᠠᠲᠤᠯᠠᠬᠤ ᠳᠤ ᠤᠷᠤᠭᠤᠯᠤᠯᠳᠠ ᠶᠢ ᠪᠠᠭᠠᠰᠬᠠᠵᠤ ᠪᠤᠯᠬᠤ ᠦᠭᠡᠢ᠂ ᠠᠷᠠᠳ ᠤᠯᠠᠨ ᠤ ᠲᠥᠯᠥᠭᠡ ᠵᠠᠷᠤᠬᠤ ᠶᠣᠰᠣᠲᠠᠢ ᠵᠣᠭᠤᠰ ᠢ ᠨᠢᠭᠡ ᠮᠥᠩᠭᠦ ᠴᠦ ᠪᠠᠭᠠᠰᠬᠠᠵᠤ ᠪᠤᠯᠬᠤ ᠦᠭᠡᠢ᠂ ᠨᠢᠭᠡ ᠮᠥᠩᠭᠦ ᠶᠢ ᠴᠦ ᠠᠷᠪᠢᠯᠠᠵᠤ ᠪᠤᠯᠬᠤ ᠦᠭᠡᠢ︕ᠨᠢᠳᠤᠨᠤᠨ ᠠᠴᠠ ᠨᠠᠭᠠᠰᠢ᠂ ᠪᠢᠳᠡ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ︽ᠵᠢᠷᠭᠤᠭ᠎ᠠ ᠶᠢ ᠳᠠᠭᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠨᠢᠭᠡ ᠪᠦᠯᠦᠭ ᠰᠢᠯᠢᠳᠡᠭ ᠡᠮ ᠡᠮᠨᠡᠯᠭᠡ ᠪᠠ ᠰᠤᠷᠭᠠᠨ ᠬᠥᠮᠦᠵᠢᠯ ᠤᠨ ᠡᠬᠢ ᠪᠠᠶᠠᠯᠢᠭ ᠢ ᠣᠷᠣᠭᠤᠯᠤᠨ ᠠᠪᠴᠢᠷᠠᠵᠤ᠂ ᠪᠡᠭᠡᠵᠢᠩ ᠤᠨ ᠮᠢᠩᠭ᠎ᠠ ᠰᠢᠬᠠᠮ ᠪᠠᠭᠰᠢ ᠡᠮᠴᠢ ᠨᠠᠷ ᠢ ᠠᠪᠴᠢᠷᠠᠵᠤ ᠥᠪᠥᠷ ᠮᠣᠩᠭᠤᠯ ᠢ ᠲᠤᠰᠠᠯᠠᠭᠤᠯᠪᠠ᠃ ᠪᠢᠳᠡ ᠪᠡᠭᠡᠵᠢᠩ ᠤᠨ ᠬᠦᠴᠦᠨ ᠢ ᠦᠷᠭᠦᠯᠵᠢᠯᠡᠨ ᠰᠠᠶᠢᠲᠤᠷ ᠠᠰᠢᠭᠯᠠᠨ᠂ ᠮᠠᠨ ᠤ ᠣᠷᠣᠨ ᠤ ᠡᠮ ᠡᠮᠨᠡᠯᠭᠡ ᠰᠤᠷᠭᠠᠨ ᠬᠥᠮᠦᠵᠢᠯ ᠤᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠤᠯᠠᠨ ᠲᠦᠮᠡᠨ ᠢ ᠭᠡᠷ ᠤᠨ ᠡᠭᠦᠳᠡᠨ ᠳᠡᠭᠡᠨ ᠡᠪᠡᠳᠴᠢᠨ ᠢᠶᠠᠨ ᠰᠠᠶᠢᠲᠤᠷ ᠡᠮᠨᠡᠭᠦᠯᠵᠦ ᠲᠡᠶᠢᠯᠭᠦ ᠰᠠᠶᠢᠲᠤᠷ ᠰᠤᠷᠤᠯᠴᠠᠭᠤᠯᠵᠤ ᠲᠡᠶᠢᠯᠭᠦ ᠶᠢ ᠪᠡᠶᠡᠯᠡᠭᠦᠯᠬᠦ ᠪᠠᠷ ᠴᠢᠷᠮᠠᠶᠢᠪᠠ᠃    ᠦᠨᠡᠨ ᠬᠦ ᠠᠳᠬᠤᠵᠤ ᠪᠣᠳᠠᠲᠠᠢ ᠠᠵᠢᠯᠯᠠᠬᠤ ᠳᠤ ᠡᠷᠬᠡᠪᠰᠢ ᠲᠡᠮᠡᠴᠡᠯ ᠤᠨ ᠵᠣᠷᠢᠭ ᠪᠠᠶᠢᠬᠤ ᠬᠡᠷᠡᠭᠲᠡᠢ᠂ ᠪᠢᠳᠠ ᠮᠣᠩᠭᠤᠯ ᠮᠣᠷᠢᠨ ᠳᠤ ᠣᠨᠴᠠ ᠪᠠᠶᠢᠳᠠᠭ ᠡᠷᠡᠰ ᠬᠠᠳᠠᠨ ᠡᠷᠴᠢ ᠵᠣᠷᠢᠭ ᠢ ᠢᠮᠠᠭᠲᠠ ᠪᠠᠷᠢᠮᠲᠠᠯᠠᠬᠤ ᠬᠡᠷᠡᠭᠲᠡᠢ᠃ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠵᠦ᠂ ︽ᠵᠢᠷᠭᠤᠭᠠᠨ ᠢᠨᠵᠧᠨᠧᠷᠢᠩ︾ ᠢ ᠠᠬᠢᠭᠤᠯᠬᠤ ᠳᠤ ᠴᠥᠮ ᠪᠣᠳᠠᠲᠠᠢ ᠠᠵᠢᠯᠯᠠᠬᠤ᠂ ᠪᠣᠳᠠᠲᠠᠢ ᠶᠢ ᠡᠷᠭᠢᠮᠯᠡᠭᠦ᠂ ︽ᠦᠷ᠎ᠡ ᠪᠦᠲᠦᠮᠵᠢ︾ ᠶᠢ ᠡᠷᠭᠢᠮᠯᠡᠭᠦ ᠳᠤ ᠲᠦᠰᠢᠭᠯᠡᠵᠦ᠂ ᠬᠠᠷᠠᠯᠲᠠ ᠪᠠᠨ ᠲᠣᠭᠲᠠᠭᠠᠵᠤ᠂ ᠨᠢᠭᠡ ᠯᠠ ᠰᠡᠳᠬᠢᠯ ᠢᠶᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠠᠷᠭ᠎ᠠ ᠪᠦᠭᠦᠨ ᠢ ᠰᠦᠪᠡᠭᠴᠢᠯᠡᠨ ᠦᠷ᠎ᠡ ᠪᠦᠳᠦᠮᠵᠢ ᠭᠠᠷᠭᠠᠬᠤ ᠬᠡᠷᠡᠭᠲᠡᠢ᠃ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠲᠦᠢᠯᠪᠤᠷᠢᠲᠠᠢ ᠴᠡᠭᠴᠡᠯᠡᠨ ᠵᠠᠰᠠᠵᠤ᠂ ᠡᠯ᠎ᠡ ᠲᠠᠯ᠎ᠠ ᠶᠢᠨ ᠠᠵᠢᠯ ᠢ ᠵᠢᠷᠤᠮᠵᠢᠭᠤᠯᠬᠤ᠂ ᠴᠣᠮᠬᠠᠳᠬᠠᠬᠤ᠂ ᠬᠤᠷᠳᠤᠴᠠ ᠶᠢ ᠲᠦᠷᠭᠡᠳᠬᠡᠬᠦ ᠶᠢ ᠠᠬᠢᠭᠤᠯᠬᠤ ᠬᠡᠷᠡᠭᠲᠡᠢ᠃ ᠬᠡᠯᠪᠡᠷᠢᠴᠢ ᠦᠵᠡᠯ ᠬᠥᠮᠥᠨ ᠢ ᠶᠠᠳᠠᠷᠠᠭᠠᠨ᠎ᠠ᠂ ᠠᠯᠢ ᠱᠠᠲᠤᠨ ᠤ ᠺᠠᠳ᠋ᠷ ᠭᠡᠰᠡᠨ ᠦᠭᠡᠢ ᠴᠥᠮ ᠬᠢᠵᠠᠭᠠᠷ ᠲᠠᠢ ᠤᠶᠤᠨ ᠴᠢᠳᠠᠯ ᠢᠶᠠᠨ ᠶᠠᠭᠠᠬᠢᠭᠰᠠᠨ ᠴᠤ ᠶᠠᠩᠵᠤ ᠳᠦᠷᠢ ᠦᠵᠡᠭᠦᠯᠵᠦ᠂ ᠣᠷᠣᠮ ᠮᠥᠷ ᠦᠯᠡᠳᠡᠭᠡᠬᠦ ᠳᠤ ᠬᠡᠷᠡᠭᠯᠡᠵᠦ ᠪᠤᠯᠬᠤ ᠦᠭᠡᠢ᠃ ᠮᠣᠩᠭᠤᠯ ᠮᠣᠷᠢ ᠰᠢᠭ᠋ ︽ᠲᠡᠰᠪᠦᠷᠢ ᠬᠠᠲᠠᠭᠤᠵᠢᠯᠲᠠᠢ᠂ ᠴᠤᠴᠠᠯᠲᠠ ᠦᠭᠡᠢ ᠤᠷᠤᠭᠰᠢᠯᠠᠬᠤ᠂ ᠵᠣᠷᠢᠭᠰᠠᠨ ᠳᠠᠭᠠᠨ ᠬᠦᠷᠬᠦ ᠦᠭᠡᠢ ᠪᠣᠯ ᠵᠣᠬᠰᠣᠬᠤ ᠦᠭᠡᠢ︾ ᠡᠶᠢᠮᠦ ᠡᠷᠡᠰ ᠬᠠᠲᠠᠭᠤ ᠡᠷᠴᠢ ᠵᠣᠷᠢᠭ ᠲᠠᠢ ᠪᠠᠶᠢᠪᠠᠯ ᠮᠠᠨ ᠤ ᠦᠢᠯᠡᠰ ᠯᠠᠪᠲᠠᠢ ᠢᠯᠠᠯᠲᠠ ᠣᠯᠵᠤ ᠴᠢᠳᠠᠨ᠎ᠠ᠃ ᠲᠡᠮᠡᠴᠡᠯ ᠤᠨ ᠵᠣᠷᠢᠭ ᠰᠠᠨᠠᠭ᠎ᠠ ᠲᠠᠢ ᠪᠠᠶᠢᠵᠤ᠂ ᠵᠣᠷᠢᠭᠲᠠᠢ ᠬᠢᠵᠦ ᠵᠣᠷᠢᠭᠲᠠᠢ ᠲᠤᠷᠰᠢᠬᠤ ᠬᠡᠷᠡᠭᠲᠡᠢ᠃ ᠨᠠᠮ ᠤᠨ ᠲᠥᠪ ᠬᠤᠷᠢᠶ᠎ᠠ ᠶᠢᠨ ᠵᠣᠷᠢᠭ ᠰᠠᠨᠠᠭ᠎ᠠ ᠪᠣᠯᠣᠨ ᠤᠯᠤᠰ ᠤᠨ ᠲᠦᠷᠦ ᠶᠢᠨ ᠪᠣᠳᠣᠯᠭ᠎ᠠ ᠬᠠᠤᠯᠢ ᠲᠣᠭᠲᠠᠭᠠᠯ ᠢ ᠵᠥᠷᠢᠴᠡᠬᠦ ᠦᠭᠡᠢ᠂ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠳᠤ ᠨᠡᠶᠢᠴᠡᠵᠦ᠂ ᠠᠷᠠᠳ ᠤᠯᠠᠨ ᠳᠤ ᠠᠰᠢᠭᠲᠠᠢ ᠯᠠ ᠶᠤᠮ ᠪᠣᠯ ᠵᠣᠷᠢᠭᠲᠠᠢ ᠪᠠᠷ ᠭᠠᠪᠰᠢᠭᠠᠶᠢᠯᠠᠨ ᠲᠡᠮᠡᠴᠡᠵᠦ ᠵᠣᠷᠢᠭᠲᠠᠢ ᠪᠠᠷ ᠬᠢᠬᠦ ᠬᠡᠷᠡᠭᠲᠡᠢ᠃    ᠲᠥᠯᠥᠭᠡᠯᠡᠭᠴᠢᠳ ᠠ᠋᠂ ᠨᠥᠬᠦᠳ ᠠ᠋  ︕    ᠥᠪᠥᠷ ᠮᠣᠩᠭᠤᠯ ᠪᠣᠯ ᠮᠠᠨ ᠤ ᠭᠡᠷ ᠮᠥᠨ᠂ ᠬᠥᠭᠵᠢᠬᠦ ᠳᠤ ᠤᠯᠠᠨ ᠪᠦᠭᠦᠳᠡ ᠳᠤ ᠲᠦᠰᠢᠭᠯᠡᠨ᠎ᠡ᠃ ᠥᠷᠭᠡᠨ ᠠᠭᠤᠳᠠᠮ ᠰᠦᠷᠯᠢᠭ ᠰᠠᠶᠢᠬᠠᠨ ᠥᠪᠥᠷ ᠮᠣᠩᠭᠤᠯ ᠢᠶᠠᠨ ᠨᠠᠩ ᠦᠵᠡᠰᠬᠦᠯᠡᠩᠲᠦ ᠰᠠᠶᠢᠬᠠᠨ ᠪᠣᠯᠭᠠᠨ ᠪᠦᠲᠦᠭᠡᠨ ᠪᠠᠶᠢᠭᠤᠯᠵᠤ᠂ ᠬᠢᠵᠠᠭᠠᠯᠠᠰᠢ ᠦᠭᠡᠢ ᠳᠠᠯᠳᠠ ᠬᠦᠴᠦᠨ ᠲᠠᠢ ᠥᠪᠥᠷ ᠮᠣᠩᠭᠤᠯ ᠢᠶᠠᠨ ᠨᠠᠩ ᠰᠠᠶᠢᠲᠤᠷ ᠬᠥᠭᠵᠢᠭᠦᠯᠬᠦ ᠪᠣᠯ ᠪᠢᠳᠡᠨ ᠤ ᠨᠠᠮ ᠤᠨ ᠲᠥᠪ ᠬᠤᠷᠢᠶ᠎ᠠ ᠳᠤ ᠬᠠᠷᠢᠭᠤᠴᠠᠬᠤ᠂ ᠪᠦᠭᠦ ᠣᠷᠣᠨ ᠤ 2400 ᠭᠠᠷᠤᠢ ᠲᠦᠮᠡᠨ ᠠᠷᠠᠳ ᠲᠦᠮᠡᠨ ᠳᠤ ᠬᠠᠷᠢᠭᠤᠴᠠᠬᠤ ᠡᠭᠦᠷᠭᠡ ᠬᠠᠷᠢᠭᠤᠴᠠᠯᠭ᠎ᠠ ᠮᠥᠨ᠃ ᠬᠠᠷᠢᠭᠤᠴᠠᠯᠭ᠎ᠠ ᠲᠠᠶᠢᠱᠠᠨ ᠠᠭᠤᠯᠠ ᠠᠴᠠ ᠬᠦᠨᠳᠦ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠬᠢᠨ ᠬᠠᠷᠢᠭᠤᠴᠠᠯᠭ᠎ᠠ ᠪᠠᠨ ᠮᠡᠳᠡᠵᠦ ᠬᠠᠷᠢᠭᠤᠴᠠᠯᠭ᠎ᠠ ᠡᠭᠦᠷᠭᠡᠯᠡᠵᠦ᠂ ᠥᠷᠭᠡᠨ ᠤᠯᠠᠨ ᠺᠠᠳ᠋ᠷ ᠬᠦᠴᠦᠯᠡᠨ ᠴᠢᠷᠮᠠᠶᠢᠵᠤ ᠵᠢᠳᠬᠦᠯ ᠴᠢᠷᠮᠠᠶᠢᠯᠭ᠎ᠠ ᠭᠠᠷᠭᠠᠵᠤ᠂ ᠥᠪᠥᠷ ᠮᠣᠩᠭᠤᠯ ᠤᠨ ᠬᠥᠮᠥᠨ ᠨᠢᠭᠡ ᠪᠦᠷᠢ ᠡᠵᠡᠨ ᠬᠥᠮᠥᠨ ᠤ ᠪᠠᠲᠤ ᠴᠢᠩᠭ᠎ᠠ ᠵᠣᠷᠢᠭ ᠰᠠᠨᠠᠭ᠎ᠠ ᠪᠠᠷ ᠮᠠᠨ ᠤ ᠰᠠᠶᠢᠨ ᠰᠠᠶᠢᠬᠠᠨ ᠭᠡᠷ ᠣᠷᠣᠨ ᠢᠶᠠᠨ ᠪᠦᠲᠦᠭᠡᠨ ᠪᠠᠶᠢᠭᠤᠯᠬᠤ ᠬᠡᠷᠡᠭᠲᠡᠢ᠃ ᠵᠦᠪᠭᠡᠨ ᠪᠢᠳᠠ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠲᠡᠰᠪᠦᠷᠢ ᠬᠠᠲᠠᠭᠤᠵᠢᠯᠲᠠᠢ ᠪᠠᠷ ᠰᠢᠨ᠎ᠡ ᠵᠠᠮ ᠢ ᠨᠡᠭᠡᠭᠡᠵᠦ᠂ ᠴᠤᠴᠠᠯᠲᠠ ᠦᠭᠡᠢ ᠤᠷᠤᠭᠰᠢᠯᠠᠨ ᠳᠤᠮᠳᠠ ᠲᠦᠪᠰᠢᠨ ᠳᠤ ᠣᠷᠣᠪᠠᠯ᠂ ᠥᠪᠥᠷ ᠮᠣᠩᠭᠤᠯ ᠮᠠᠨᠢ ᠭᠡᠭᠡᠨ ᠰᠠᠷᠠᠭᠤᠯ ᠢᠷᠡᠭᠡᠳᠦᠢ ᠶᠢ ᠤᠭᠲᠤᠬᠤ ᠨᠢ ᠯᠠᠪᠲᠠᠢ ᠶᠤᠮ  ︕    ᠴᠠᠭᠠᠨ ᠰᠠᠷ᠎ᠠ ᠤᠳᠠᠯ ᠦᠭᠡᠢ ᠬᠦᠷᠴᠦ ᠢᠷᠡᠬᠦ ᠪᠣᠯᠣᠯ᠎ᠠ᠂ ᠠᠳᠡ ᠪᠢ ᠲᠥᠯᠥᠭᠡᠯᠡᠭᠴᠢᠳ ᠲᠤ ᠰᠢᠨ᠎ᠡ ᠵᠢᠯ ᠤᠨ ᠮᠡᠨᠳᠦ ᠬᠦᠷᠭᠡᠶ᠎ᠡ᠂ ᠮᠥᠨ ᠴᠦ ᠡᠨᠡ ᠬᠦ ᠲᠠᠰᠢᠷᠠᠮ ᠢᠶᠠᠷ ᠪᠦᠭᠦ ᠣᠷᠣᠨ ᠤ ᠠᠷᠠᠳ ᠲᠦᠮᠡᠨ ᠳᠤ ᠴᠠᠭᠠᠨ ᠰᠠᠷ᠎ᠠ ᠶᠢᠨ ᠵᠥᠩᠨᠡᠯ ᠳᠡᠪᠰᠢᠭᠦᠯᠵᠦ ᠪᠠᠶᠢᠨ᠎ᠠ᠂ ᠣᠯᠠᠨ ᠢᠶᠠᠷ ᠢᠶᠠᠨ ᠰᠢᠨ᠎ᠡ ᠨᠢᠭᠡᠨ ᠵᠢᠯ ᠳᠤ ᠪᠡᠶ᠎ᠡ ᠮᠠᠬᠠᠪᠤᠳ ᠡᠷᠡᠭᠦᠯ ᠴᠢᠭᠢᠷᠠᠭ᠂ ᠠᠵᠢᠯ ᠦᠢᠯᠡᠰ ᠠᠮᠵᠢᠯᠲᠠ ᠲᠠᠢ᠂ ᠭᠡᠷ ᠬᠤᠲᠠᠯᠠᠭᠠᠷ ᠢᠶᠠᠨ ᠵᠣᠯ ᠵᠢᠷᠭᠠᠯ ᠲᠠᠢ ᠪᠠᠶᠢᠬᠤ ᠶᠢ ᠵᠥᠩᠨᠡᠶ᠎ᠡ  ︕
 
ᠢᠷᠡᠯᠲᠡ᠄ ᠦᠪᠦᠷ ᠮᠤᠩᠭᠤᠯ ‍ᠤᠨ‌ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠦᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号