2 ᠳ᠋ᠤᠭᠠᠷ ᠰᠠᠷ᠎ᠠ ᠶᠢᠨ 3 ᠤ ᠡᠳᠦᠷ᠂ 2024 ᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ | ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠭᠠᠯ ᠪᠠᠮᠪᠠᠷ ᠳᠠᠮᠵᠢᠭᠤᠯᠤᠯᠲᠠ ᠬᠥᠯᠥᠨ | ᠪᠤᠶᠢᠷ ᠬᠤᠲᠠ ᠳᠤ ᠶᠠᠪᠤᠭᠳᠠᠪᠠ᠃ | ︽ᠠᠷᠪᠠᠨ ᠳᠥᠷᠪᠡᠳᠦᠭᠡᠷ ᠡᠪᠦᠯ︾ ᠤᠨ ᠵᠣᠬᠢᠶᠠᠨ ᠪᠠᠶᠢᠭᠤᠯᠬᠤ ᠺᠣᠮᠢᠰ ᠤᠨ ᠳᠡᠳ᠋ ᠡᠷᠬᠢᠯᠡᠭᠴᠢ᠂ ᠥᠪᠡᠷᠲᠡᠭᠡᠨ | ᠵᠠᠰᠠᠬᠤ ᠣᠷᠣᠨ ᠤ ᠳᠡᠳ᠋ ᠲᠡᠷᠢᠭᠦᠯᠡᠭᠴᠢ ᠶᠣᠣ ᠶᠦᠩ ᠪᠥᠸᠧ ᠠᠷᠢᠭᠤᠨ ᠬᠤᠪᠣᠩ ᠢ ᠠᠰᠠᠭᠠᠪᠠ᠃ ︽ᠠᠷᠪᠠᠨ | ᠳᠥᠷᠪᠡᠳᠦᠭᠡᠷ ᠡᠪᠦᠯ︾ ᠤᠨ ᠵᠣᠬᠢᠶᠠᠨ ᠪᠠᠶᠢᠭᠤᠯᠬᠤ ᠺᠣᠮᠢᠰ ᠤᠨ ᠳᠡᠳ᠋ ᠡᠷᠬᠢᠯᠡᠭᠴᠢ᠂ ᠤᠯᠤᠰ ᠤᠨ ᠪᠡᠶ᠎ᠡ ᠶᠢᠨ | ᠲᠠᠮᠢᠷ ᠤᠨ ᠶᠡᠷᠦᠩᠬᠡᠢ ᠲᠣᠪᠴᠢᠶᠠᠨ ᠤ ᠳᠡᠳ᠋ ᠳᠠᠷᠤᠭ᠎ᠠ ᠯᠢ ᠶᠢᠩ ᠴᠤᠸᠠᠨ ᠭᠠᠯ ᠪᠠᠮᠪᠠᠷ ᠢ ᠠᠰᠠᠭᠠᠭᠰᠠᠨ ᠪᠥᠭᠡᠳ ᠭᠠᠯ | ᠪᠠᠮᠪᠠᠷ ᠳᠠᠮᠵᠢᠭᠤᠯᠤᠯᠲᠠ ᠡᠬᠢᠯᠡᠭᠰᠡᠨ ᠢ ᠵᠠᠷᠯᠠᠪᠠ᠃ | ᠲᠣᠰ ᠤᠳᠠᠭ᠎ᠠ ᠶᠢᠨ ᠭᠠᠯ ᠪᠠᠮᠪᠠᠷ ᠳᠠᠮᠵᠢᠭᠤᠯᠬᠤ ᠱᠤᠭᠤᠮ ᠤᠨ ᠪᠥᠬᠦ ᠣᠷᠳᠣ ᠨᠢ 230 ᠺᠢᠯᠣᠮᠧᠳ᠋ᠷ ᠪᠠᠶᠢᠵᠤ᠂ | ᠮᠠᠨᠵᠤᠤᠷ ᠤᠨ ᠤᠯᠤᠰ ᠤᠨ ᠡᠭᠦᠳᠡ ᠠᠴᠠ ᠡᠬᠢᠯᠡᠵᠦ᠂ ᠬᠠᠭᠤᠴᠢᠨ ᠪᠠᠷᠭᠤ ᠬᠤᠰᠢᠭᠤ᠂ ᠬᠠᠶᠢᠯᠠᠷ ᠲᠣᠭᠤᠷᠢᠭ ᠢᠶᠠᠷ | ᠥᠩᠭᠡᠷᠡᠨ᠂ ︽ᠠᠷᠪᠠᠨ ᠳᠥᠷᠪᠡᠳᠦᠭᠡᠷ ᠡᠪᠦᠯ︾ ᠤᠨ ᠭᠤᠣᠯ ᠲᠠᠯᠠᠪᠠᠶ ᠶᠢᠨ ᠣᠷᠳᠣᠨ ᠪᠣᠯᠬᠤ ᠥᠪᠥᠷ ᠮᠣᠩᠭᠤᠯ ᠤᠨ | ᠮᠥᠰᠥᠨ ᠳᠡᠭᠡᠷᠡᠬᠢ ᠲᠠᠮᠢᠷ ᠤᠨ ᠪᠣᠯᠪᠠᠰᠤᠷᠠᠯ ᠤᠨ ᠲᠥᠪ ᠲᠤ ᠭᠠᠯ ᠬᠤᠷᠢᠶᠠᠬᠤ ᠶᠣᠰᠣᠯᠠᠯ ᠶᠠᠪᠤᠭᠤᠯᠪᠠ᠃ 65 ᠭᠠᠯ | ᠪᠠᠮᠪᠠᠷᠴᠢᠨ ᠭᠦᠶᠦᠬᠦ᠂ ᠮᠠᠰᠢᠨ ᠪᠠᠷᠢᠬᠤ᠂ ᠮᠣᠷᠢ ᠤᠨᠤᠬᠤ᠂ ᠴᠠᠰᠤᠲᠤ ᠭᠠᠵᠠᠷ ᠤᠨ ᠮᠣᠲ᠋ᠣᠷ ᠤᠨᠤᠬᠤ ᠵᠡᠷᠭᠡ | ᠬᠡᠯᠪᠡᠷᠢ ᠪᠠᠷ ᠲᠠᠮᠢᠷ ᠤᠨ ᠴᠤᠭᠯᠠᠭᠠᠨ ᠤ ᠠᠷᠢᠭᠤᠨ ᠭᠠᠯ ᠢ ᠳᠠᠮᠵᠢᠭᠤᠯᠵᠠᠢ᠃ |