ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠴᠢᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ  ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠳᠥᠷᠪᠡᠳᠦᠭᠡᠷ ᠪᠦᠭᠦᠳᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/2/6
   2 ᠰᠠᠷ᠎ᠠ ᠶᠢᠨ 5 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠴᠢᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠳᠥᠷᠪᠡᠳᠦᠭᠡᠷ ᠪᠥᠬᠦᠳᠡ ᠬᠤᠷᠠᠯ ᠬᠤᠷᠠᠯᠳᠤᠭᠤᠯᠪᠠ  ᠃ ᠵᠠᠩ ᠱᠤᠸᠠᠩ ᠴᠧᠩ᠂ ᠸᠠᠩ ᠶᠦᠩ ᠵᠢᠶᠠ᠂ ᠴᠧᠨ ᠭᠦᠸᠧ ᠮᠢᠩ᠂ ᠸᠠᠩ ᠶᠠᠨ ᠪᠥᠸᠧ ᠵᠡᠷᠭᠡ ᠰᠢᠶᠠᠨ ᠤ ᠤᠳᠤᠷᠢᠳᠤᠯᠭ᠎ᠠ ᠬᠤᠷᠠᠯ ᠳᠤ ᠣᠷᠣᠯᠴᠠᠵᠤ᠂ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠭᠤᠷᠪᠠᠳᠤᠭᠠᠷ ᠬᠢᠨᠠᠨ ᠪᠠᠶᠢᠴᠠᠭᠠᠬᠤ ᠲᠠᠰᠤᠭ ᠤᠨ ᠳᠡᠳ᠋ ᠡᠷᠬᠢᠯᠡᠭᠴᠢ ᠸᠠᠩ ᠮᠢᠩ ᠯᠢᠶᠠᠩ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ  ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠶᠧ ᠪᠢᠨ ᠬᠤᠷᠠᠯ ᠢ ᠡᠷᠬᠢᠯᠡᠵᠦ᠂ 2024 ᠣᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠡᠯ᠎ᠡ ᠵᠦᠢᠯ  ᠤᠨ ᠠᠵᠢᠯ ᠡᠭᠦᠷᠭᠡ ᠶᠢ ᠪᠠᠶᠢᠷᠢᠯᠠᠭᠤᠯᠪᠠ  ᠃ ᠬᠤᠷᠠᠯ ᠨᠢ ᠸᠢᠳᠢᠣ᠋ ᠬᠡᠯᠪᠡᠷᠢ ᠪᠠᠷ ᠡᠯ᠎ᠡ ᠰᠢᠶᠠᠩ ᠪᠠᠯᠭᠠᠰᠤ ᠳᠤ ᠬᠤᠷᠠᠯᠳᠤᠪᠠ  ᠃    ᠬᠤᠷᠠᠯ ᠠᠴᠠ᠂ ᠠᠵᠢᠯ ᠤᠨ ᠦᠷ᠎ᠡ ᠪᠦᠲᠦᠮᠵᠢ ᠶᠢ ᠨᠤᠲᠠᠯᠠᠬᠤ ᠳᠤᠮᠳᠠ ᠢᠲᠡᠭᠡᠯ ᠵᠣᠷᠢᠭ ᠢᠶᠠᠨ ᠪᠠᠲᠤᠳᠬᠠᠵᠤ᠂ ᠰᠢᠶᠠᠨ ᠤ ᠬᠡᠪᠴᠢᠶᠡᠨ ᠤ ᠤᠯᠤᠰ ᠲᠥᠷᠥ ᠶᠢᠨ ᠠᠮᠢ ᠠᠬᠤᠶ ᠶᠢ ᠴᠥᠬᠦᠷᠡᠰᠢ ᠥᠬᠡᠶ ᠴᠡᠪᠡᠷᠰᠢᠭᠦᠯᠬᠦ ᠬᠡᠷᠡᠭᠲᠡᠶ  ᠃ ᠥᠩᠭᠡᠷᠡᠭᠰᠡᠨ ᠨᠢᠭᠡ ᠵᠢᠯ ᠳᠤ᠂ ᠪᠦᠬᠦ ᠰᠢᠶᠠᠨ ᠤ ᠤᠯᠤᠰ ᠲᠦᠷᠦ ᠶᠢᠨ ᠬᠢᠨᠠᠯᠲᠠ ᠨᠡᠩ ᠣᠨᠣᠴᠠᠲᠠᠢ᠂ ᠥᠨᠳᠥᠷ ᠳᠠᠷᠤᠯᠲᠠᠲᠤ ᠪᠠᠶᠢᠳᠠᠯ ᠨᠡᠩ ᠢᠯᠡ ᠲᠣᠳᠣ᠂ ᠰᠤᠷᠲᠠᠯ ᠤᠨ ᠪᠠᠶᠢᠭᠤᠯᠤᠯᠲᠠ ᠨᠡᠩ ᠭᠦᠨᠵᠡᠭᠡᠢ᠂ ᠺᠠᠳ᠋ᠷ ᠤᠨ ᠡᠩᠨᠡᠭᠡ ᠨᠡᠩ ᠬᠠᠲᠠᠭᠤ ᠴᠢᠩᠭ᠎ᠠ ᠪᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠦᠨᠡᠨ ᠪᠣᠳᠠᠲᠠᠢ ᠦᠷ᠎ᠡ ᠪᠦᠲᠦᠮᠵᠢ ᠣᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠦᠷᠭᠦᠯᠵᠢᠯᠡᠨ ᠪᠠᠬᠢᠵᠢᠨ ᠬᠥᠭᠵᠢᠵᠦ᠂ ᠪᠦᠬᠦ ᠰᠢᠶᠠᠨ ᠤ ᠳᠡᠭᠡᠳᠦ ᠲᠤᠤᠷᠠᠳᠤ ᠱᠠᠳᠤ ᠪᠠᠷ ᠢᠶᠠᠨ ᠰᠠᠨᠠᠭᠠᠰᠢᠷᠠᠯ ᠲᠠᠢ ᠪᠠᠶᠢᠵᠤ᠂ ᠴᠠᠭ ᠢᠮᠠᠭᠲᠠ ᠰᠡᠷᠡᠮᠵᠢᠯᠡᠭᠦᠯᠵᠦ᠂ ᠨᠡᠩ ᠬᠦᠴᠦᠲᠡᠢ ᠠᠷᠭ᠎ᠠ ᠬᠡᠮᠵᠢᠶ᠎ᠡ ᠪᠠᠷ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠦᠬᠦ ᠬᠦᠴᠦ ᠪᠠᠷ ᠢᠶᠠᠨ ᠪᠤᠢ ᠪᠣᠯᠭᠠᠪᠠ  ᠃ ᠳᠡᠭᠡᠳᠦ ᠱᠠᠲᠤᠨ ᠤ ᠱᠠᠭᠠᠷᠳᠠᠯᠭ᠎ᠠ ᠶᠢ ᠡᠵᠡᠮᠳᠡᠬᠦ ᠳᠤᠮᠳᠠ ᠲᠠᠷᠢᠬᠢ ᠲᠣᠯᠣᠭᠠᠢ ᠪᠠᠨ ᠰᠡᠷᠭᠡᠭ ᠪᠠᠶᠢᠯᠭᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠡᠰ ᠭᠤᠶᠢᠪᠢᠰᠢ ᠦᠭᠡᠢ ᠠᠬᠢᠭᠤᠯᠬᠤ ᠬᠡᠷᠡᠭᠲᠡᠢ  ᠃ ᠤᠯᠤᠰ ᠲᠦᠷᠦ ᠶᠢᠨ ᠵᠣᠭᠰᠣᠴᠠ ᠪᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠤᠯᠤᠰ ᠲᠦᠷᠦ ᠶᠢᠨ ᠤᠬᠠᠮᠰᠠᠷ ᠢᠶᠠᠨ ᠴᠢᠩᠭᠠᠳᠬᠠᠨ᠂ ᠤᠯᠤᠰ ᠲᠦᠷᠦ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ 《 ᠴᠢᠩᠭ᠎ᠠ 》 ᠪᠠᠶᠢᠬᠤ ᠭᠤᠣᠯ ᠬᠦᠭ ᠠᠶᠠᠰ ᠢ ᠤᠷᠳᠤ ᠬᠤᠭᠤᠴᠠᠭ᠎ᠠ  ᠪᠠᠷ ᠪᠠᠷᠢᠮᠲᠠᠯᠠᠨ᠂ ᠦᠨᠡᠨ ᠬᠦ ᠬᠠᠮᠢᠶᠠᠷᠴᠤ ᠦᠨᠡᠨ ᠬᠦ ᠴᠢᠩᠳᠠᠯᠠᠵᠤ᠂ ᠪᠠᠶᠢᠩᠭᠤ ᠬᠠᠮᠢᠶᠠᠷᠤᠨ ᠪᠠᠶᠢᠩᠭᠤ ᠴᠢᠩᠳᠠᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠯ᠎ᠡ ᠵᠦᠢᠯ ᠤᠨ ᠠᠵᠢᠯ ᠢ ᠲᠠᠰᠤᠷᠠᠯᠳᠠ ᠦᠭᠡᠢ ᠭᠦᠨᠵᠡᠭᠡᠢ ᠠᠬᠢᠭᠤᠯᠤᠨ ᠪᠣᠳᠠᠲᠠᠢ ᠬᠢᠵᠦ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠠᠶᠢᠮᠠᠭ ᠤᠨ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠮᠠᠨ ᠤ ᠰᠢᠶᠠᠨ ᠳᠤ ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ  ᠃ ᠨᠠᠮ ᠢ ᠴᠢᠩᠭ᠎ᠠ ᠬᠠᠮᠢᠶᠠᠷᠴᠤ ᠴᠢᠩᠭ᠎ᠠ ᠵᠠᠰᠠᠬᠤ ᠳᠤᠮᠳᠠ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠣᠯᠠᠨ ᠵᠦᠶᠯ ᠤᠨ ᠠᠷᠭ᠎ᠠ ᠬᠡᠮᠵᠢᠶ᠎ᠡ ᠶᠢ ᠵᠡᠷᠭᠡ  ᠪᠠᠷ ᠬᠡᠷᠡᠭᠯᠡᠨ ᠰᠤᠷᠲᠠᠯ ᠢ ᠴᠡᠭᠴᠡᠯᠡᠵᠦ ᠰᠠᠬᠢᠯᠭ᠎ᠠ ᠪᠠᠲᠤ ᠶᠢ ᠴᠢᠩᠳᠠᠯᠠᠨ ᠢᠯᠵᠠᠷᠠᠯ ᠢ ᠡᠰᠡᠷᠭᠦᠴᠡᠬᠦ ᠶᠢ ᠭᠦᠨᠵᠡᠭᠡᠶᠢᠷᠡᠭᠦᠯᠬᠦ ᠬᠡᠷᠡᠭᠲᠡᠶ  ᠃ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠨᠡ ᠬᠦ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠰᠢᠶᠠᠨ ᠤ ᠳᠦᠷᠪᠡᠨ ᠶᠡᠭᠡ ᠤᠳᠤᠷᠢᠳᠬᠤ ᠪᠠᠭ 《 ᠵᠠᠩᠭᠢᠯᠠᠭ᠎ᠠ ᠶᠢᠨ ᠴᠥᠭᠡᠨ ᠲᠣᠭᠠᠲᠠᠨ 》 ᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠡᠯ᠎ᠡ ᠰᠢᠶᠠᠩ ᠪᠠᠯᠭᠠᠰᠤ᠂ ᠰᠠᠯᠠᠭ᠎ᠠ ᠮᠥᠴᠢᠷ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ 《 ᠨᠢᠭᠡᠳᠦᠭᠡᠷ ᠬᠠᠷᠢᠭᠤᠴᠠᠯᠭᠠᠲᠠᠨ 》 ᠤ ᠲᠤᠰᠢᠶᠠᠯ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠭᠦᠢᠴᠡᠳᠬᠡᠵᠦ᠂ ᠤᠳᠤᠷᠢᠳᠬᠤ ᠪᠠᠭ  ᠤᠨ ᠪᠦᠷᠢᠯᠳᠦᠬᠦᠨ 《 ᠨᠢᠭᠡ ᠠᠵᠢᠯ ᠤᠨ ᠪᠠᠶᠢᠷᠢ ᠶᠢᠨ ᠬᠤᠣᠰ ᠬᠠᠷᠢᠭᠤᠴᠠᠯᠭ᠎ᠠ 》 ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ  ᠃ ᠬᠢᠨᠠᠯᠲᠠ ᠲᠠᠯᠪᠢᠬᠤ ᠰᠠᠬᠢᠯᠭ᠎ᠠ ᠪᠠᠲᠤ ᠶᠢ ᠬᠡᠷᠡᠭᠵᠢᠭᠦᠯᠬᠦ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠬᠤ ᠬᠡᠷᠡᠭᠲᠡᠢ  ᠃ ᠬᠢᠨᠠᠯᠲᠠ ᠲᠠᠯᠪᠢᠬᠤ ᠲᠠᠯ᠎ᠠ ᠪᠠᠷ᠂ ᠤᠯᠤᠰ ᠲᠦᠷᠦ  ᠶᠢᠨ ᠬᠢᠨᠠᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠢᠨᠠᠯᠲᠠ ᠲᠠᠯᠪᠢᠬᠤ ᠲᠣᠣᠷ ᠢ ᠦᠨᠡᠨ ᠬᠦ ᠨᠢᠭᠲᠠ ᠪᠥᠭᠡᠳ ᠪᠠᠬᠢᠯᠢᠭ᠌ ᠪᠠᠶᠢᠭᠤᠯᠤᠨ᠎ᠠ  ᠃ ᠰᠠᠬᠢᠯᠭ᠎ᠠ ᠪᠠᠲᠤ ᠶᠢ ᠬᠡᠷᠡᠭᠵᠢᠭᠦᠯᠬᠦ ᠲᠠᠯ᠎ᠠ ᠪᠠᠷ᠂ ᠤᠯᠠᠨ ᠲᠦᠮᠡᠨ ᠤ ᠳᠡᠷᠭᠡᠳᠡᠬᠢ 《 ᠪᠢᠴᠢᠯ ᠢᠯᠵᠠᠷᠠᠯ 》 ᠢ ᠭᠤᠣᠯᠳᠠᠯᠭ᠎ᠠ ᠲᠠᠢ ᠠᠩᠬᠠᠷᠴᠤ᠂ ᠪᠦᠬᠦ ᠰᠢᠶᠠᠨ ᠤ ᠨᠠᠮ ᠤᠨ ᠭᠡᠰᠢᠭᠦᠨ ᠺᠠᠳ᠋ᠷᠴᠤᠳ ᠢ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠲᠣᠳᠣᠷᠬᠠᠢ ᠮᠡᠳᠡᠬᠦ᠂ ᠰᠠᠬᠢᠯᠭ᠎ᠠ ᠪᠠᠲᠤ ᠶᠢ ᠰᠠᠬᠢᠬᠤ ᠪᠣᠯᠭᠠᠪᠠ  ᠃ ᠬᠠᠷᠢᠭᠤᠴᠠᠯᠭ᠎ᠠ ᠨᠡᠬᠡᠮᠵᠢᠯᠡᠬᠦ ᠲᠠᠯ᠎ᠠ ᠪᠠᠷ᠂ ᠵᠣᠷᠢᠭᠲᠠᠢ ᠪᠠᠷ ᠬᠠᠲᠠᠭᠤ ᠲᠠᠢ ᠨᠢ ᠬᠠᠯᠳᠠᠵᠤ᠂ ᠴᠢᠩᠭ᠎ᠠ ᠬᠠᠮᠢᠶᠠᠷᠬᠤ ᠪᠠ ᠬᠠᠶᠢᠷᠠᠯᠠᠨ ᠬᠠᠯᠠᠮᠵᠢᠯᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ 《 ᠬᠠᠷᠢᠭᠤᠴᠠᠯᠭ᠎ᠠ ᠡᠭᠦᠷᠭᠡᠯᠡᠭᠴᠢ ᠶᠢᠨ ᠲᠥᠯᠥᠭᠡ ᠬᠠᠷᠢᠭᠤᠴᠠᠯᠭ᠎ᠠ ᠡᠭᠦᠷᠭᠡᠯᠡᠵᠦ᠂ ᠬᠠᠷᠢᠭᠤᠴᠠᠯᠭ᠎ᠠ  ᠲᠠᠢ ᠬᠥᠮᠦᠨ ᠤ ᠲᠥᠯᠥᠭᠡ ᠬᠠᠷᠢᠭᠤᠴᠠᠯᠭ᠎ᠠ ᠡᠭᠦᠷᠭᠡᠯᠡᠵᠦ᠂ ᠠᠵᠢᠯ ᠬᠢᠭᠴᠢ ᠶᠢᠨ ᠲᠥᠯᠥᠭᠡ ᠲᠦᠰᠢᠭ ᠪᠤᠯᠵᠤ᠂ ᠭᠦᠳᠬᠡᠨ ᠵᠠᠭᠠᠯᠳᠤᠭᠴᠢ ᠳᠤ ᠰᠡᠯᠡᠮ᠎ᠡ ᠦᠵᠡᠭᠦᠯᠬᠦ 》 ᠴᠢᠩᠭ᠎ᠠ ᠲᠤᠬᠢᠶ᠎ᠠ ᠲᠠᠯᠪᠢᠬᠤ ᠬᠡᠷᠡᠭᠲᠡᠢ  ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠨᠠᠮ ᠢ ᠰᠠᠨᠠᠭ᠎ᠠ ᠠᠮᠤᠷ ᠪᠠᠶᠢᠯᠭᠠᠬᠤ᠂ ᠤᠯᠠᠨ ᠲᠦᠮᠡᠨ ᠢ ᠰᠡᠳᠬᠢᠯ ᠬᠠᠨᠤᠮᠵᠢᠲᠠᠢ ᠪᠠᠶᠢᠯᠭᠠᠬᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠡᠮᠦᠷ ᠴᠡᠷᠢᠭ ᠢ ᠴᠢᠷᠮᠠᠶᠢᠨ ᠪᠠᠶᠢᠭᠤᠯᠬᠤ ᠬᠡᠷᠡᠭᠲᠡᠢ  ᠃ ᠠᠷᠢᠭᠤᠨ ᠴᠢᠬᠡᠴᠢ ᠪᠠᠷ ᠵᠠᠰᠠᠭ ᠪᠠᠷᠢᠬᠤ ᠰᠡᠷᠡᠮᠵᠢ ᠶᠢᠨ ᠬᠥᠮᠦᠵᠢᠯ ᠢ ᠰᠠᠶᠢᠲᠤᠷ ᠠᠳᠬᠤᠵᠤ᠂ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠠᠷᠢᠭᠤᠨ ᠴᠢᠬᠡᠴᠢ ᠶᠢ ᠡᠷᠬᠢᠮᠯᠡᠬᠦ᠂ ᠠᠷᠢᠭᠤᠨ ᠴᠢᠬᠡᠴᠢ ᠶᠢ ᠡᠷᠬᠢᠮᠯᠡᠬᠦ᠂ ᠠᠷᠢᠭᠤᠨ ᠴᠢᠬᠡᠴᠢ ᠶᠢ ᠪᠠᠷᠢᠮᠲᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ  ᠃ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠯ᠎ᠡ ᠵᠦᠶᠯ ᠤᠨ ᠠᠵᠢᠯ ᠢ ᠠᠬᠢᠭᠤᠯᠬᠤ ᠳᠤᠮᠳᠠ 《 ᠲᠦᠷᠭᠡᠨ 》 《 ᠪᠣᠳᠠᠲᠠᠶ 》 《 ᠳᠠᠭᠠᠭᠠᠮᠠᠭᠠᠶ 》 《 ᠪᠠᠭᠠᠰᠬᠠᠬᠤ 》 《 ᠪᠠᠶᠠᠷ ᠤᠨ ᠡᠳᠦᠷ 》 ᠭᠡᠬᠦ ᠬᠡᠳᠦᠨ ᠦᠭᠡ ᠶᠢ ᠳᠣᠪᠣᠶᠢᠯᠭᠠᠵᠤ᠂ ᠰᠢᠶᠠᠨ ᠤ ᠬᠡᠪᠴᠢᠶᠡᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ  ᠃ ᠳᠡᠮᠵᠢᠯᠭᠡ ᠪᠠᠲᠤᠯᠠᠭ᠎ᠠ ᠶᠢ ᠪᠦᠬᠦ ᠬᠦᠴᠦ ᠪᠠᠷ  ᠢᠶᠠᠨ ᠰᠠᠶᠢᠲᠤᠷ ᠬᠢᠵᠦ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠳᠤ ᠬᠦᠴᠦᠲᠡᠢ ᠳᠡᠮᠵᠢᠯᠭᠡ ᠬᠠᠩᠭᠠᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ  ᠃     ᠶᠧ ᠪᠢᠨ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ 《 ᠢᠯᠵᠠᠷᠠᠯ ᠢ ᠡᠰᠡᠷᠭᠦᠴᠡᠬᠦ ᠲᠡᠮᠡᠴᠡᠯ ᠢ ᠦᠷᠭᠦᠯᠵᠢᠯᠡᠨ ᠬᠦᠴᠦᠯᠡᠨ ᠭᠦᠨᠵᠡᠭᠡᠶ ᠠᠬᠢᠭᠤᠯᠵᠤ᠂ ᠲᠦᠴᠢᠦᠸᠠᠨ ᠤ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ ᠦᠷᠭᠦᠯᠵᠢᠯᠡᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠶ᠎ᠠ 》 ᠭᠡᠬᠦ ᠰᠡᠳᠦᠪ ᠢᠶᠠᠷ ᠠᠵᠢᠯ ᠤᠨ ᠮᠡᠳᠡᠭᠦᠯᠦᠯᠲᠡ ᠬᠢᠪᠠ  ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号