ᠤᠷᠠᠨ ᠰᠠᠶᠢᠬᠠᠨ ᠤ ᠲᠤᠭᠯᠠᠯᠳᠠ ᠨᠢ ᠠᠷᠠᠳ ᠤᠯᠠᠨ ᠢ ᠪᠠᠶᠠᠰᠬᠠᠨ᠎ᠠ
ᠨᠡᠶᠢᠲᠡᠯᠡᠭᠰᠡᠨ ᠴᠠᠭ᠄
2024/2/6
   ︽ᠪᠢᠳᠡ ᠰᠠᠷᠠᠭᠤᠯ ᠲᠠᠷᠳᠠᠩ ᠵᠠᠮ ᠢᠶᠠᠷ ᠵᠠᠮᠨᠠᠵᠤ᠂ ᠴᠤᠭ ᠵᠣᠷᠢᠭ ᠪᠠᠳᠠᠷᠠᠩᠭᠤᠢ ᠲᠡᠮᠡᠴᠡᠯ ᠤᠨ ᠵᠣᠷᠢᠭ ᠲᠡᠭᠦᠯᠳᠡᠷ ᠂ ᠡᠪ ᠬᠠᠮᠲᠤ ᠨᠠᠮ ᠬᠤᠪᠢᠰᠬᠠᠯ ᠤᠨ ᠡᠩᠨᠡᠭᠡ ᠶᠢ ᠤᠳᠤᠷᠢᠳᠤᠨ ᠬᠠᠷᠰᠢ ᠰᠠᠭᠠᠳ ᠢ ᠢᠯᠠᠨ ᠳᠠᠪᠠᠵᠤ ᠤᠷᠤᠭᠰᠢᠯᠠᠨ᠎ᠠ……︾ ᠭᠡᠬᠦ ᠬᠠᠩᠭᠢᠨᠠᠮ᠎ᠠ ᠳᠠᠭᠤᠤ ᠶᠢᠨ ᠠᠶᠠᠰ ᠶᠦᠩ ᠠᠨ ᠪᠠᠯᠭᠠᠰᠤᠨ ᠤ ᠶᠦᠩ ᠳ᠋ᠧ ᠲᠣᠰᠬᠤᠨ ᠤ ᠨᠠᠮ ᠪᠣᠯᠣᠨ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ ᠴᠤᠤᠷᠢᠶᠠᠲᠤᠨ᠎ᠠ᠃
   2 ᠰᠠᠷ᠎ᠠ ᠶᠢᠨ 2 ᠤᠨ ᠣᠷᠣᠢ᠂ ᠬᠢᠩᠭᠠᠨ ᠠᠶᠢᠮᠠᠭ ᠤᠨ ᠲᠦᠴᠢᠦᠸᠠᠨ ᠰᠢᠶᠠᠨ ᠤ ᠶᠦᠩ ᠠᠨ ᠪᠠᠯᠭᠠᠰᠤᠨ ᠤ ᠶᠦᠩ ᠳ᠋ᠧ ᠲᠣᠰᠬᠤᠨ ᠳᠤ ︽ᠳᠠᠪᠠᠭᠠᠨ ᠳᠡᠭᠡᠷᠡᠬᠢ ᠬᠢᠩᠭᠠᠨ ︿ᠰᠣᠶᠣᠯ﹀ ᠢ ᠤᠮᠠᠷᠠᠲᠤ ᠬᠢᠯᠢ ᠳᠤ ᠬᠦᠷᠭᠡᠬᠦ ᠵᠢᠴᠢ ᠶᠦᠩ ᠳ᠋ᠧ ᠲᠣᠰᠬᠤᠨ ᠤ 2024 ᠣᠨ ᠤ ᠦᠳᠡᠰᠢᠯᠡᠭᠡ︾ ᠶᠢ ᠡᠷᠬᠢᠯᠡᠵᠡᠢ᠃ ᠲᠣᠰᠬᠤᠨ ᠤ ︽ᠬᠤᠶᠠᠷ ᠵᠥᠪᠯᠡᠯ︾ ᠂ ᠨᠠᠮ ᠤᠨ ᠭᠡᠰᠢᠭᠦᠨ ᠤ ᠲᠥᠯᠥᠭᠡᠯᠡᠭᠴᠢ᠂ ᠲᠣᠰᠬᠤᠨ ᠤ ᠠᠷᠠᠳ ᠤᠨ ᠲᠥᠯᠥᠭᠡᠯᠡᠭᠴᠢ᠂ ᠤᠳᠬ᠎ᠠ ᠤᠷᠠᠯᠢᠭ ᠲᠤ ᠪᠠᠭ᠋ᠠᠲᠠᠢ ᠬᠥᠮᠥᠰ ᠨᠢᠭᠡ ᠲᠠᠩᠬᠢᠮ ᠳᠤ ᠴᠤᠭᠯᠠᠷᠠᠵᠤ᠂ ᠤᠷᠠᠨ ᠰᠠᠶᠢᠬᠠᠨ ᠤ ᠲᠣᠭᠯᠠᠯᠲᠠ ᠶᠢᠨ ᠬᠡᠯᠪᠡᠷᠢ ᠪᠠᠷ ᠰᠢᠨ᠎ᠡ ᠬᠥᠳᠡᠭᠡ ᠲᠣᠰᠬᠤᠨ ᠰᠢᠨ᠎ᠡ ᠲᠠᠷᠢᠶᠠᠴᠢᠨ ᠤ ᠰᠢᠨ᠎ᠡ ᠴᠤᠭ ᠵᠢᠪᠬᠤᠭ᠎ᠠ ᠶᠢ ᠢᠯᠡᠷᠡᠭᠦᠯᠪᠡ᠃
   ᠦᠳᠡᠰᠢᠯᠡᠭᠡ ᠳᠡᠭᠡᠷ᠎ᠡ᠂ ᠤᠯᠠᠨ ᠤ ᠪᠠᠭ᠋ᠠᠷᠬᠠᠯ ᠢ ᠲᠠᠲᠠᠭᠰᠠᠨ ᠴᠠᠷᠭᠢᠯ ᠬᠤᠯᠪᠣᠭ᠎ᠠ ︽ᠦᠨᠳᠦᠰᠦᠲᠡᠨ ᠨᠦᠭᠦᠳ ᠪᠦᠯᠬᠦᠮᠳᠡᠯ ᠲᠠᠢ ᠰᠢᠨ᠎ᠡ ᠶᠦᠩ ᠠᠨ︾ ᠨᠢ ᠲᠦᠭᠦᠮ ᠣᠶᠢᠯᠠᠭᠠᠮᠵᠢᠲᠠᠢ ᠠᠷᠭ᠎ᠠ ᠬᠡᠯᠪᠡᠷᠢ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠨ ᠴᠤᠭᠴᠠᠯᠠᠬᠤ ᠶᠢ ᠲᠠᠮᠵᠢᠭᠤᠯᠵᠦ᠂ ︽ᠤᠶᠤᠨ ᠰᠠᠨᠠᠭᠠᠨ ᠤ ᠭᠡᠷ ᠣᠷᠣᠨ︾ ᠨᠢ ᠡᠯ᠎ᠡ ᠦᠨᠳᠦᠰᠦᠲᠡᠨ ᠨᠢᠭᠡ ᠭᠡᠷ ᠤᠨ ᠬᠥᠮᠥᠰ ᠤᠨ ᠰᠠᠶᠢᠨ ᠰᠠᠶᠢᠬᠠᠨ ᠳᠦᠷᠰᠦ ᠪᠠᠶᠢᠳᠠᠯ ᠢ ᠢᠯᠡᠷᠡᠭᠦᠯᠵᠦ᠂ ᠬᠤᠶᠠᠷ ᠬᠦᠮᠦᠨ ᠤ ᠲᠤᠭᠯᠠᠯᠳᠠ ︽ᠪᠠᠭ᠎ᠠ ᠰᠢᠨ᠎ᠡ ᠶᠢᠨ ᠵᠣᠯᠭᠠᠯᠲᠠ︾ ᠨᠢ ᠪᠢᠲᠡᠭᠦᠨ ᠤ ᠰᠥᠨᠢ ᠶᠢᠨ ᠠᠭᠤᠷ ᠠᠮᠢᠰᠬᠤᠯ ᠢ ᠤᠷᠬᠢᠯ ᠳᠤᠨᠢ ᠬᠦᠷᠭᠡᠵᠡᠢ᠃ ᠲᠣᠰᠬᠤᠨ ᠤ ᠠᠷᠠᠳ ᠵᠧᠦ ᠱᠤ᠋ ᠶᠢᠩ᠄ ︽ᠪᠢ ᠡᠨᠡ ᠵᠢᠯ 60 ᠭᠠᠷᠤᠢ ᠨᠠᠰᠤᠯᠠᠵᠠᠢ᠂ ᠪᠠᠭ᠎ᠠ ᠳᠠᠭᠠᠨ ︿ᠴᠠᠬᠢᠯᠭᠠᠨ ᠳ᠋ᠧᠩ ᠭᠠᠷ ᠤᠲᠠᠰᠤ᠂ ᠠᠰᠠᠷ ᠳᠡᠭᠡᠷ᠎ᠡ  ᠰᠠᠭᠤᠬᠤ﹀ ᠰᠠᠶᠢᠨ ᠰᠠᠶᠢᠬᠠᠨ ᠠᠮᠢᠳᠤᠷᠠᠯ ᠢ ᠪᠠᠭ᠋ᠠᠷᠬᠠᠳᠠᠭ ᠪᠠᠶᠢᠭᠰᠠᠨ᠃ ᠣᠳᠣ ᠮᠠᠨ ᠤ ᠶᠦᠩ ᠳ᠋ᠧ ᠲᠣᠰᠬᠤᠨ ᠤ ᠲᠦᠷᠭᠡᠨ ᠬᠦᠷᠭᠡᠯᠲᠡ ᠶᠢ ᠰᠢᠭᠤᠳ ᠭᠡᠷ ᠲᠤ ᠬᠦᠷᠭᠡᠵᠦ᠂ ᠬᠦᠷᠢᠶ᠎ᠡ ᠬᠠᠰᠢᠶ᠎ᠠ ᠠᠴᠠ ᠣᠷᠣᠯᠭ᠎ᠠ ᠣᠯᠵᠤ᠂ ᠣᠷᠣᠢ ᠳᠠᠭᠠᠨ ᠬᠤᠲᠠ ᠶᠢᠨ ᠬᠦᠮᠦᠰ ᠲᠠᠢ ᠠᠳᠠᠯᠢ ᠪᠠᠷ ᠲᠠᠯᠠᠪᠠᠶ ᠶᠢᠨ ᠪᠥᠵᠢᠭ ᠪᠥᠵᠢᠭᠯᠡᠵᠦ ᠪᠡᠶ᠎ᠡ ᠪᠠᠨ ᠪᠣᠯᠪᠠᠰᠤᠷᠠᠭᠤᠯᠤᠨ᠎ᠠ᠃ ᠥᠨᠥᠳᠥᠷ ᠪᠢᠳᠡ ᠪᠠᠰᠠ ᠥᠪᠡᠷ ᠤᠨ ︿ᠲᠣᠰᠬᠤᠨ ᠤ ᠦᠳᠡᠰᠢᠯᠡᠭᠡ﹀ ᠪᠠᠨ ᠡᠷᠬᠢᠯᠡᠵᠦ᠂ ᠪᠢᠳᠡ ᠦᠨᠡᠬᠡᠷ ᠪᠠᠶᠠᠷ ᠲᠠᠢ ᠪᠠᠶᠢᠨ᠎ᠠ︕︾ ᠭᠡᠪᠡ᠃
   ᠡᠨᠡ ᠤᠳᠠᠭ᠎ᠠ᠂ ᠶᠦᠩ ᠳ᠋ᠧ ᠲᠣᠰᠬᠤᠨ ᠤ ᠬᠢᠨ ᠥᠪᠡᠷ ᠤᠨ ︽ᠲᠣᠰᠬᠤᠨ ᠤ ᠦᠳᠡᠰᠢᠯᠡᠭᠡ︾ ᠶᠢ ᠡᠷᠬᠢᠯᠡᠬᠦ ᠪᠠᠷ ᠳᠠᠮᠵᠢᠭᠤᠯᠵᠤ᠂ ᠲᠣᠰᠬᠤᠨ ᠤ ᠠᠷᠠᠳ ᠲᠤ ᠥᠪᠡᠷ ᠤᠨ ᠲᠠᠪᠴᠠᠩ ᠪᠠᠶᠢᠭᠤᠯᠵᠤ᠂ ᠲᠣᠰᠬᠤᠨ ᠤ ᠠᠷᠠᠳ ᠲᠤ ᠤᠶᠤᠨ ᠰᠠᠨᠠᠭᠠᠨ ᠤ ᠳᠦᠷᠰᠦ ᠪᠠᠶᠢᠳᠠᠯ ᠢᠶᠠᠨ ᠢᠯᠡᠷᠡᠭᠦᠯᠬᠦ ᠠᠵᠠ ᠲᠣᠬᠢᠶᠠᠯ ᠣᠯᠭᠤᠬᠤ ᠶᠢᠨ ᠬᠠᠮᠲᠤ ᠦᠳᠡᠰᠢᠯᠡᠭᠡ ᠶᠢᠨ ᠲᠤᠬᠠᠢ ᠶᠢᠨ ᠲᠠᠯᠠᠪᠠᠢ ᠳᠤ ᠠᠮᠢᠨ ᠬᠡᠷᠡᠭ ᠢ ᠰᠡᠷᠭᠡᠶᠢᠯᠡᠨ ᠡᠵᠡᠮᠳᠡᠬᠦ᠂ ᠠᠶᠤᠯᠭᠦᠢ ᠦᠢᠯᠡᠳᠪᠦᠷᠢᠯᠡᠯ᠂ ᠪᠣᠯᠪᠠᠰᠤᠨ ᠢᠶᠠᠷ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠰᠠᠨᠠᠭᠠᠴᠢᠯᠠᠬᠤ ᠵᠡᠷᠭᠡ ᠦᠵᠡᠯ ᠰᠠᠨᠠᠭ᠎ᠠ ᠶᠢ ᠳᠠᠮᠵᠢᠭᠤᠯᠵᠤ᠂ ᠶᠦᠩ ᠳ᠋ᠧ ᠲᠣᠰᠬᠤᠨ ᠤ ᠦᠨᠳᠦᠰᠦᠲᠡᠨ ᠨᠦᠭᠦᠳ ᠤᠨ ᠬᠥᠪᠡᠭᠦᠳ ᠨᠠᠮ ᠤᠨ ᠠᠴᠢ ᠳᠤ ᠲᠠᠯᠠᠷᠬᠠᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠵᠤ᠂ ᠰᠡᠳᠬᠢᠯ ᠢᠶᠠᠨ ᠨᠢᠭᠡᠳᠬᠡᠨ ᠬᠦᠰᠡᠯ ᠵᠡᠭᠦᠳᠦ ᠪᠠᠨ ᠲᠡᠷᠭᠡᠯᠰᠢᠭᠦᠯᠵᠦ ᠢᠵᠢᠯ ᠲᠥᠪᠲᠦ ᠲᠣᠭᠤᠷᠢᠭ ᠢ ᠰᠠᠶᠢᠲᠤᠷ ᠵᠢᠷᠤᠭᠯᠠᠬᠤ ᠶᠢ ᠬᠥᠲᠥᠯᠥᠨ ᠵᠢᠯᠣᠭᠤᠳᠴᠠᠢ
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
v.cnಐ¿