︽ᠥᠨᠳᠥᠷ ᠮᠤᠳᠤᠨ ᠬᠥᠯᠲᠦ ᠲᠣᠰᠬᠤᠨ︾ ᠤ ᠬᠦᠰᠡᠯ ᠵᠡᠭᠦᠳᠦ
ᠨᠡᠶᠢᠲᠡᠯᠡᠭᠰᠡᠨ ᠴᠠᠭ᠄
2024/2/6
   ᠥᠷᠯᠥᠭᠡ ᠡᠷᠳᠡ᠂ ᠲᠦᠴᠢᠦᠸᠠᠨ ᠰᠢᠶᠠᠨ ᠤ ᠪᠦᠦ ᠱᠢ ᠪᠠᠯᠭᠠᠰᠤᠨ ᠤ ᠪᠦᠦ ᠴᠧᠩ ᠲᠣᠰᠬᠤᠨ ᠤ ᠡᠮᠡᠭᠲᠡᠶᠢᠴᠦᠳ ᠤᠨ ᠥᠨᠳᠥᠷ ᠬᠥᠯᠲᠦ ᠠᠩᠭᠢ ᠶᠢᠨ ᠭᠡᠰᠢᠭᠦᠳ ᠪᠣᠯᠪᠠᠰᠤᠷᠠᠵᠤ ᠡᠬᠢᠯᠡᠪᠡ᠃ ᠡᠨᠡ ᠵᠢᠯ ᠤᠨ ᠴᠠᠭᠠᠨ ᠰᠠᠷ᠎ᠠ ᠳᠤ᠂ ᠥᠨᠳᠥᠷ ᠮᠤᠳᠤᠨ ᠬᠥᠯᠲᠦ ᠠᠩᠭᠢ ᠶᠢᠨ ᠬᠢᠨ ᠴᠠᠭᠠᠨ ᠰᠠᠷ᠎ᠠ ᠶᠢᠨ ᠲᠣᠭᠤᠷᠢᠨ ᠲᠣᠭᠯᠠᠯᠲᠠ ᠭᠠᠷᠭᠠᠬᠤ ᠤᠷᠢᠯᠭ᠎ᠠ ᠶᠢ ᠴᠥᠭᠡᠨ ᠪᠤᠰᠤ ᠲᠤᠰᠴᠠᠶ᠃
   ᠣᠯᠠᠨ ᠢᠶᠠᠷ ᠢᠶᠠᠨ ᠴᠢᠷᠮᠠᠢᠵᠤ ᠰᠠᠶᠢᠨ ᠪᠣᠯᠪᠠᠰᠤᠷᠠ᠂ ᠡᠨᠡ ᠵᠢᠯ ᠪᠢᠳᠡ ᠪᠠᠰᠠ ᠨᠢᠭᠡᠳᠦᠭᠡᠷ ᠲᠤ ᠣᠷᠣᠬᠤ ᠪᠠᠷ ᠴᠢᠷᠮᠠᠢᠶ᠎ᠠ︾ ᠭᠡᠵᠦ ᠪᠦᠦ ᠴᠧᠩ ᠲᠣᠰᠬᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠲᠡᠷᠢᠭᠦᠯᠡᠭᠴᠢ ᠸᠠᠩ ᠵᠢᠩ ᠭᠡᠰᠢᠭᠦᠳ ᠤᠨ ᠬᠥᠳᠡᠯᠭᠡᠭᠡᠨ ᠢ ᠲᠣᠬᠢᠷᠠᠭᠤᠯᠬᠤ ᠶᠢᠨ ᠳᠠᠭᠠᠤ ᠰᠠᠨᠠᠭᠤᠯᠤᠨ ᠬᠡᠯᠡᠨ᠎ᠡ᠃
   ᠦᠨᠳᠦᠷ ᠮᠤᠳᠤᠨ ᠬᠦᠯᠳᠤ ᠪᠤᠯ ᠳᠤᠮᠳᠠᠳᠤ ᠤᠯᠤᠰ ᠤᠨ ᠤᠯᠠᠮᠵᠢᠯᠠᠯᠲᠤ ᠵᠠᠩ ᠦᠢᠯᠡ ᠶᠢᠨ ᠨᠢᠭᠡ ᠨᠢ ᠶᠤᠮ᠃ ᠪᠠᠶᠠᠷ ᠤᠨ ᠡᠳᠦᠷ ᠲᠤ ᠲᠣᠭᠯᠠᠭᠴᠢᠳ ᠬᠤᠶᠠᠷ ᠬᠥᠯ ᠢᠶᠠᠨ ᠮᠣᠳᠣᠨ ᠰᠢᠳᠠᠮ ᠳᠡᠭᠡᠷ᠎ᠡ ᠬᠦᠯᠢᠵᠦ ᠦᠰᠦᠷᠬᠦ ᠪᠤᠶᠤ ᠶᠠᠩᠭᠠᠷ ᠪᠥᠵᠢᠭᠯᠡᠳᠡᠭ ᠨᠢ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠤᠷᠠᠨ ᠰᠠᠶᠢᠬᠠᠨ ᠤ ᠠᠵᠢᠯᠯᠠᠭᠠᠨ ᠤ ᠬᠡᠯᠪᠡᠷᠢ ᠪᠤᠯᠤᠨ᠎ᠠ᠃    ︽ᠮᠠᠨ ᠤ ᠥᠨᠳᠥᠷ ᠮᠤᠳᠤᠨ ᠬᠥᠯᠲᠦ ᠠᠩᠭᠢ ᠶᠢᠨ ᠬᠢᠨ ᠬᠡᠳᠦᠶᠢᠪᠡᠷ ᠬᠥᠯᠥᠰᠦ ᠣᠯᠭᠤᠮᠵᠢ ᠦᠭᠡᠢ᠂ ᠴᠢᠨᠠᠭᠰᠢᠯᠠᠪᠠᠯ ᠵᠠᠷᠢᠮ ᠬᠤᠪᠴᠠᠰᠤ ᠬᠤᠨᠠᠷ᠂ ᠪᠠᠭᠠᠵᠢ ᠬᠡᠷᠡᠭᠰᠡᠯ ᠢ ᠴᠥᠮ ᠥᠪᠡᠷ ᠢᠶᠠᠨ ᠬᠤᠳᠠᠯᠳᠤᠨ ᠠᠪᠴᠤ ᠪᠠᠶᠢᠭ᠎ᠠ ᠪᠣᠯᠪᠠᠴᠤ ᠠᠩᠭᠢ ᠶᠢᠨ ᠭᠡᠰᠢᠭᠦᠳ ᠤᠨ ᠲᠣᠭᠯᠠᠯᠲᠠ ᠶᠢᠨ ᠬᠠᠯᠠᠭᠤᠨ ᠰᠡᠳᠬᠢᠯᠭᠡ ᠣᠷᠭᠢᠯᠵᠤ᠂ ᠪᠡᠶ᠎ᠡ ᠮᠠᠬᠠᠪᠤᠳ ᠢᠶᠠᠨ ᠳᠠᠪᠲᠠᠨ ᠪᠣᠯᠪᠠᠰᠤᠷᠠᠭᠤᠯᠵᠤ᠂ ᠥᠪᠡᠷ ᠢ ᠪᠠᠨ ᠪᠠᠶᠠᠰᠬᠠᠵᠦ᠂ ᠦᠨᠳᠦᠰᠦᠨ ᠱᠠᠲᠤᠨ ᠤ ᠠᠷᠠᠳ ᠢᠷᠭᠡᠳ ᠲᠤ ᠪᠠᠶᠠᠷ ᠪᠠᠶᠠᠰᠤᠯ ᠬᠦᠷᠭᠡᠭᠰᠡᠨ ᠪᠥᠭᠡᠳ ᠪᠠᠰᠠ ᠳᠤᠮᠳᠠᠳᠤ ᠶᠢᠨ ᠦᠨᠳᠦᠰᠦᠲᠡᠨ ᠤ ᠠᠷᠠᠳ ᠤᠨ ᠤᠯᠠᠮᠵᠢᠯᠠᠯᠲᠤ ᠤᠷᠠᠯᠢᠭ ᠢ ᠤᠯᠠᠮᠵᠢᠯᠠᠨ ᠪᠠᠳᠠᠷᠠᠭᠤᠯᠵᠠᠢ︾ ᠭᠡᠮᠡᠨ ᠸᠠᠩ ᠵᠢᠩ ᠵᠣᠯ ᠵᠢᠷᠭᠠᠯ ᠤᠨ ᠢᠨᠢᠶᠡᠮᠰᠦᠭᠯᠡᠯ ᠲᠣᠳᠣᠷᠠᠪᠠ᠃    ᠣᠳᠣᠬᠠᠨ ᠳᠤ᠂ ᠪᠦᠦ ᠴᠧᠩ ᠲᠣᠰᠬᠤᠨ ᠤ ᠡᠮᠡᠭᠲᠡᠢ ᠶᠢᠨ ᠥᠨᠳᠥᠷ ᠮᠤᠳᠤᠨ ᠬᠥᠯᠲᠦ ᠠᠩᠭᠢ ᠶᠢᠨ ᠭᠡᠰᠢᠭᠦᠨ ᠨᠡᠶᠢᠲᠡ 30 ᠬᠥᠮᠥᠨ ᠪᠠᠶᠢᠵᠤ᠂ ᠳᠤᠮᠳᠠᠴᠢ ᠨᠠᠰᠤ ᠨᠢ 50 ᠨᠠᠰᠤ ᠣᠷᠴᠢᠮ ᠪᠠᠶᠢᠳᠠᠭ᠃ ᠳᠣᠲᠣᠷ᠎ᠠ ᠨᠢ᠂ ᠨᠠᠰᠤ ᠪᠠᠷ ᠬᠠᠮᠤᠭ ᠪᠠᠭ᠎ᠠ ᠯᠢ ᠱᠠᠨ ᠱᠠᠨ ᠬᠠᠷᠠᠬᠠᠨ ᠪᠠᠭ᠎ᠠ ᠠᠴᠠ ᠪᠠᠨ ︽ᠥᠨᠳᠥᠷ ᠮᠤᠳᠤᠨ ᠬᠥᠯᠲᠦ ᠰᠤᠷᠬᠤ ᠬᠦᠰᠡᠯ︾ ᠲᠠᠢ ᠪᠠᠶᠢᠪᠠ᠃
   ︽ᠪᠠᠷᠤᠭ ᠠᠶᠢᠯ ᠪᠣᠯᠭᠠᠨ ᠪᠦᠷ ᠴᠢᠳᠠᠨ᠎ᠠ︾᠃ ᠯᠢ ᠱᠠᠨ ᠱᠠᠨ ᠬᠠᠷᠠᠬᠠᠨ ᠪᠠᠭ᠎ᠠ ᠠᠴᠠ ᠪᠠᠨ ᠥᠨᠳᠥᠷ ᠮᠤᠳᠤᠨ ᠬᠥᠯᠲᠦ ᠲᠤᠭᠯᠠᠬᠤ ᠶᠢ ᠦᠵᠡᠬᠦ ᠳᠤᠷᠠᠲᠠᠢ᠂ ᠭᠡᠷ ᠤᠨ ᠬᠥᠮᠥᠰ ᠤᠨ ᠢᠶᠠᠨ ᠨᠥᠯᠥᠭᠡ ᠶᠢ ᠬᠦᠷᠲᠡᠵᠦ᠂ ᠥᠭᠡᠯᠡᠢ ᠪᠣᠯᠤᠭᠰᠠᠨ ᠤ ᠲᠠᠷᠠᠭ᠎ᠠ ᠲᠡᠷᠡ ᠪᠠᠰᠠ ᠲᠣᠰᠬᠤᠨ ᠤ ᠪᠠᠨ ᠥᠨᠳᠥᠷ ᠮᠤᠳᠤᠨ ᠬᠥᠯᠲᠦ ᠠᠩᠭᠢ ᠳᠤ ᠣᠷᠣᠵᠠᠢ᠃ ᠲᠡᠭᠦᠨ ᠤ ᠦᠵᠡᠬᠦ ᠪᠠᠷ᠂ ᠥᠨᠳᠥᠷ ᠮᠤᠳᠤᠨ ᠬᠦᠯᠳᠦ ᠲᠤᠭᠯᠠᠬᠤ ᠨᠢ ᠬᠦᠴᠢᠷ ᠶᠠᠪᠤᠳᠠᠯ ᠪᠢᠰᠢ᠂ ᠵᠣᠷᠢᠭ ᠲᠠᠢ ᠪᠤᠯ ᠪᠤᠯᠠᠴᠢᠬᠠᠨ᠎ᠠ᠃ ︽ᠲᠣᠰᠬᠤᠨ ᠤ ᠡᠨᠡᠬᠦ ᠦᠶ᠎ᠡ ᠶᠢᠨ ᠦᠶ᠎ᠡ ᠳᠡᠭᠡᠨ ᠤᠯᠠᠮᠵᠢᠯᠠᠵᠤ ᠢᠷᠡᠭᠰᠡᠨ ᠠᠷᠠᠳ ᠤᠨ ᠰᠣᠶᠣᠯ ᠢ ᠤᠯᠠᠮᠵᠢᠯᠠᠨ ᠵᠠᠯᠭᠠᠮᠵᠢᠯᠠᠬᠤ︾ ᠶᠢ ᠲᠡᠷᠡ ᠨᠢᠭᠡᠨᠲᠡ ᠦᠪᠡᠷ ᠤᠨ ᠠᠮᠢᠳᠤᠷᠠᠯ ᠤᠨ ᠲᠥᠯᠥᠪᠯᠡᠭᠡ ᠳᠡᠭᠡᠨ ᠣᠷᠣᠭᠤᠯᠪᠠ᠃
   ᠯᠢ ᠱᠠᠨ ᠱᠠᠨ ᠤ ᠡᠨᠡ ᠬᠦ ᠪᠤᠳᠤᠯ ᠨᠢ ᠠᠬᠠᠮᠠᠳ ᠦᠶ᠎ᠡ ᠶᠢᠨ ᠬᠢᠨ ᠴᠢᠦᠢ ᠶᠠᠨ ᠨᠢᠶᠠᠨ ᠢ ᠲᠤᠶᠢᠯ ᠢᠶᠠᠷ ᠪᠠᠶᠠᠰᠬᠠᠪᠠ᠃ ᠡᠨᠡ ᠵᠢᠯ 65 ᠨᠠᠰᠤᠲᠠᠢ ᠲᠡᠷᠡ ᠪᠣᠯ ᠪᠤᠤ ᠴᠧᠩ ᠲᠣᠰᠬᠤᠨ ᠤ ᠲᠠᠷᠢᠶᠠᠴᠢᠨ ᠪᠣᠯᠣᠨ᠎ᠠ᠃ ︽ ᠤᠯᠠᠭᠠᠨ ᠲᠦᠬᠡᠭᠡ ᠤᠷᠤᠭᠰᠠᠨ ᠠᠴᠠ ᠠᠪᠤᠭᠠᠳ ᠥᠨᠳᠥᠷ ᠮᠤᠳᠤᠨ ᠬᠥᠯᠲᠦ ᠳᠤ ᠳᠤᠷᠠᠲᠠᠢ ᠪᠠᠶᠢᠳᠠᠭ᠂ ᠠᠷᠪᠠᠨ ᠲᠠᠪᠤ ᠵᠢᠷᠭᠤᠭᠠᠨ ᠨᠠᠰᠤᠲᠠᠢ ᠳᠠᠭᠠᠨ ᠠᠬᠠᠮᠠᠳ ᠨᠢᠭᠡ ᠦᠶ᠎ᠡ ᠶᠢᠨ ᠬᠢᠨ ᠢᠶᠠᠨ ᠲᠡᠭᠠᠵᠦ ᠥᠨᠳᠥᠷ ᠮᠤᠳᠤᠨ ᠬᠥᠯᠲᠦ ᠲᠤᠭᠯᠠᠬᠤ ᠶᠢ ᠰᠤᠷᠴᠠᠢ︾ ᠭᠡᠵᠦ ᠴᠢᠦᠢ ᠶᠠᠨ ᠨᠢᠶᠠᠨ ᠬᠡᠯᠡᠨ᠎ᠡ᠃ ᠣᠲᠣ ᠨᠠᠰᠤ ᠠᠬᠢᠵᠤ᠂ ᠬᠥᠰᠢᠭᠡ ᠶᠢᠨ ᠠᠷᠤ ᠳᠤ ᠰᠢᠯᠵᠢᠵᠦ᠂ ᠬᠡᠩᠭᠡᠷᠭᠡᠴᠢᠨ ᠪᠣᠯᠤᠭᠰᠠᠨ ᠪᠠᠶᠢᠨ᠎ᠠ᠃ ᠲᠡᠭᠦᠨ ᠤ ᠬᠡᠩᠭᠡᠷᠭᠡ ᠶᠢᠨ ᠲᠠᠭᠤᠨ ᠤ ᠳᠤᠮᠳᠠ ᠪᠦᠦ ᠴᠧᠩ ᠲᠣᠰᠬᠤᠨ ᠤ ᠶᠠᠩᠭᠠᠷ ᠪᠥᠵᠢᠭ ᠤᠨ ᠠᠩᠭᠢ ᠶᠢᠨ ᠬᠢᠨ ᠨᠡᠷ᠎ᠡ ᠠᠯᠳᠠᠷ ᠢᠶᠠᠨ ᠮᠠᠨᠳᠤᠭᠤᠯᠵᠤ᠂ ᠤᠯᠠᠨ ᠤᠳᠠᠭ᠎ᠠ ᠪᠥᠭᠡᠳ ᠲᠦᠴᠢᠦᠸᠠᠨ ᠤ ᠶᠠᠩᠭᠠᠷ ᠪᠥᠵᠢᠭ ᠤᠨ ᠬᠠᠮᠲᠤᠷᠠᠭᠰᠠᠨ ᠲᠣᠭᠯᠠᠯᠲᠠ ᠶᠢᠨ ᠨᠢᠭᠡᠳᠦᠭᠡᠷ ᠳᠡᠰ ᠤᠨ ᠱᠠᠩᠨᠠᠯ ᠢ ᠣᠯᠠᠨᠲᠠ ᠭᠥᠷᠳᠡᠪᠡ᠃    ᠴᠢᠦᠢ ᠶᠠᠨ ᠨᠢᠶᠠᠨ ᠰᠤᠷᠪᠤᠯᠵᠢᠯᠠᠭᠴᠢ ᠳᠤ ᠬᠡᠯᠡᠬᠦ ᠳᠡᠭᠡᠨ᠄ ︽ᠥᠨᠳᠥᠷ ᠮᠤᠳᠤᠨ ᠬᠥᠯᠲᠦ ᠶᠢᠨ ᠤᠯᠠᠮᠵᠢᠯᠠᠯ ᠣᠲᠣ ᠪᠣᠯᠲᠠᠯ᠎ᠠ ᠪᠦᠦ ᠴᠧᠩ ᠲᠣᠰᠬᠤᠨ ᠳᠤ ᠨᠢᠭᠡᠨᠲᠡ 100 ᠭᠠᠷᠤᠢ ᠵᠢᠯ ᠤᠨ ᠲᠡᠦᠬᠡ ᠲᠠᠢ ᠪᠣᠯᠵᠠᠢ᠂ ᠮᠠᠨ ᠤ ᠪᠦᠦ ᠴᠧᠩ ᠲᠣᠰᠬᠤᠨ ᠥᠲᠡᠯᠦᠭᠰᠡᠨ ᠵᠠᠯᠠᠭᠤ ᠭᠡᠰᠡᠨ ᠦᠭᠡᠢ ᠴᠥᠮ ᠮᠠᠰᠢ ᠳᠤᠷᠠᠲᠠᠢ ᠪᠠᠶᠢᠳᠠᠭ᠂ ᠥᠨᠳᠥᠷ ᠮᠤᠳᠤᠨ ᠬᠥᠯᠲᠦ ᠲᠤᠭᠯᠠᠬᠤ ᠪᠣᠯ ᠮᠠᠨ ᠤ ᠲᠣᠰᠬᠤᠨ ᠤ ᠠᠷᠠᠳ ᠤᠨ ᠰᠣᠶᠣᠯ ᠴᠡᠩᠭᠡᠯ ᠤᠨ ᠠᠮᠢᠳᠤᠷᠠᠯ ᠤᠨ ᠮᠠᠰᠢ ᠴᠢᠬᠤᠯᠠ ᠨᠢᠭᠡ ᠬᠡᠰᠡᠭ ᠮᠥᠨ︾ ᠭᠡᠵᠡᠢ᠃    ᠬᠠᠷᠠᠩᠭ᠎ᠠ ᠬᠡᠩᠭᠡᠷᠭᠡ ᠶᠢᠨ ᠲᠠᠭᠤᠨ ᠤ ᠳᠤᠮᠳᠠ ᠲᠣᠭᠯᠠᠭᠴᠢᠳ 40 ᠰᠠᠨᠲ᠋ᠢᠮᠧᠲᠷ ᠥᠨᠳᠥᠷ ᠮᠣᠳᠣᠨ ᠬᠥᠯ ᠢ ᠭᠢᠰᠬᠢᠨ᠂ ᠡᠯ᠎ᠡ ᠵᠦᠢᠯ ᠤᠨ ᠭᠤᠴᠣ ᠡᠷᠳᠡᠮ ᠢᠶᠠᠨ ᠳᠡᠯᠭᠡᠨ ᠦᠵᠡᠭᠦᠯᠵᠦ᠂ ᠪᠠᠶᠠᠷ ᠤᠨ ᠡᠳᠦᠷ ᠤᠨ ᠠᠭᠤᠷ ᠠᠮᠢᠰᠬᠤᠯ ᠢ ᠬᠤᠷᠣᠮᠬᠠᠨ ᠵᠠᠭᠤᠷ᠎ᠠ ᠳᠦᠭᠦᠷᠭᠡᠪᠡ᠃
   ᠥᠨᠳᠥᠷ ᠮᠣᠳᠣᠨ ᠬᠥᠯᠲᠦ ᠲᠣᠭᠯᠠᠯᠲᠠ ᠶᠢ ᠰᠣᠨᠢᠷᠬᠠᠬᠤ ᠳᠤ 61 ᠨᠠᠰᠤᠲᠠᠢ ᠴᠤ ᠹᠧᠩ ᠴᠦᠨ ᠰᠤᠷᠪᠤᠯᠵᠢᠯᠠᠭᠴᠢ ᠳᠤ ᠭᠦᠨ ᠰᠠᠭᠤᠭᠳᠠᠯ ᠦᠯᠡᠳᠡᠭᠡᠵᠡᠢ᠂ ᠡᠵᠢ ᠬᠡᠳᠦᠶᠢᠪᠡᠷ ᠵᠢᠷᠠ ᠭᠠᠷᠤᠭᠰᠠᠨ ᠪᠣᠯᠪᠠᠴᠤ ᠪᠡᠶ᠎ᠡ ᠪᠢᠯᠳᠠᠷ ᠴᠢᠭᠢᠷᠠᠭ ᠮᠥᠷᠲᠡᠭᠡᠨ ᠥᠨᠳᠥᠷ ᠮᠣᠳᠣᠨ ᠬᠥᠯᠲᠦ ᠳᠡᠭᠡᠷ᠎ᠡ ᠴᠦ ᠲᠡᠭᠰᠢ ᠭᠠᠵᠠᠷ ᠭᠢᠰᠬᠢᠭᠰᠡᠨ ᠮᠡᠲᠦ᠂ ᠲᠣᠭᠯᠠᠬᠤ ᠳᠠᠭᠠᠨ ᠴᠤᠭ ᠵᠢᠪᠬᠤᠭ᠎ᠠ ᠲᠠᠢ ᠪᠠᠶᠢᠵᠤ᠂ ᠲᠣᠭᠯᠠᠭᠴᠢᠳ ᠤᠨ ᠳᠤᠮᠳᠠ ᠣᠨᠴᠠᠭᠠᠶ ᠲᠣᠳᠣᠬᠠᠨ ᠬᠠᠷᠠᠭᠳᠠᠨ᠎ᠠ
   ᠪᠠᠭ᠎ᠠ ᠶᠢᠨ ᠦᠶ᠎ᠡ ᠶᠢᠨ ᠴᠤ ᠹᠧᠩ ᠴᠦᠨ ︽ᠡᠮᠡᠭᠳᠡᠢ ᠬᠦᠮᠦᠨ ᠡᠷᠡᠭᠳᠡᠢ ᠬᠦᠮᠦᠨ ᠲᠠᠢ ᠠᠳᠠᠯᠢ︾ ᠭᠡᠰᠡᠨ ᠪᠣᠳᠣᠯ ᠢ ᠡᠪᠦᠷᠯᠡᠨ᠂ ᠠᠷᠪᠠᠨ ᠳᠥᠷᠪᠡ ᠲᠠᠪᠤᠨ ᠨᠠᠰᠤᠲᠠᠢ ᠳᠠᠭᠠᠨ ᠥᠨᠳᠥᠷ ᠮᠤᠳᠤᠨ ᠬᠥᠯᠲᠦ ᠠᠩᠭᠢ ᠳᠤ ᠣᠷᠣᠵᠠᠢ ᠃ ᠴᠦ᠋ ᠹᠧᠩ ᠴᠦᠨ ᠬᠡᠯᠡᠬᠦ ᠳᠡᠭᠡᠨ᠂ ᠲᠤᠬᠠᠢ ᠶᠢᠨ ᠦᠶ᠎ᠡ ᠳᠤ ᠥᠨᠳᠥᠷ ᠠᠴᠠ ᠠᠶᠤᠬᠤ ᠦᠭᠡᠢ᠂ ᠦᠢᠴᠢᠬᠤ ᠠᠴᠠ ᠠᠶᠤᠬᠤ ᠦᠭᠡᠢ ᠪᠠᠷ ᠥᠨᠳᠥᠷ ᠮᠤᠳᠤᠨ ᠬᠦᠯᠳᠤ ᠲᠤᠭᠯᠠᠬᠤ ᠶᠢ ᠰᠤᠷᠬᠤ ᠪᠠᠷ ᠰᠢᠢᠳᠴᠡᠢ᠂ ︽ᠰᠠᠨᠠᠭᠠᠨ ᠳᠤ ᠦᠭᠡᠢ ᠪᠠᠷ 40 ᠭᠠᠷᠤᠢ ᠵᠢᠯ ᠪᠤᠯᠴᠢᠬᠠᠵᠠᠢ︾ ᠭᠡᠨ᠎ᠡ᠃    ︽ᠥᠨᠳᠥᠷ ᠮᠣᠳᠣᠨ ᠬᠦᠯᠳᠤ ᠶᠢ ᠰᠤᠷᠴᠤ ᠡᠵᠡᠮᠰᠢᠬᠦ ᠳᠤ ᠬᠢᠯᠪᠠᠷ᠂ ᠨᠠᠷᠢᠯᠢᠭ ᠬᠢᠬᠦ ᠳᠤ ᠬᠦᠴᠢᠷ ᠪᠠᠶᠢᠳᠠᠭ᠂ ᠵᠠᠷᠢᠮ ᠪᠤᠳᠤᠯᠢᠶᠠᠨᠲᠠᠢ ᠬᠥᠳᠡᠯᠭᠡᠭᠡᠨ ᠢ ᠤᠷᠲᠤ ᠬᠤᠭᠤᠴᠠᠭ᠎ᠠ ᠪᠠᠷ ᠳᠠᠪᠲᠠᠨ ᠪᠣᠯᠪᠠᠰᠤᠷᠠᠭᠤᠯᠬᠤ ᠬᠡᠷᠡᠭᠲᠡᠢ᠂ ᠨᠡᠩ ᠣᠯᠠᠨ ᠬᠥᠮᠥᠨ ᠪᠦᠦ ᠴᠧᠩ ᠲᠣᠰᠬᠤᠨ ᠤ ᠥᠨᠳᠥᠷ ᠮᠣᠳᠣᠨ ᠬᠦᠯᠳᠤ ᠶᠢ ᠲᠠᠨᠢᠵᠤ ᠲᠣᠭᠤᠬᠤ ᠶᠢ ᠬᠦᠰᠡᠵᠦ ᠪᠠᠶᠢᠬᠤ ᠪᠥᠭᠡᠳ ᠨᠡᠩ ᠣᠯᠠᠨ ᠬᠥᠮᠥᠨ ᠤ ᠥᠨᠳᠥᠷ ᠮᠣᠳᠣᠨ ᠬᠦᠯᠳᠤ ᠶᠢ ᠰᠤᠷᠴᠤ᠂ ᠲᠡᠭᠦᠨ ᠢ ᠨᠡᠩ ᠰᠠᠶᠢᠨ ᠤᠯᠠᠮᠵᠢᠯᠠᠨ ᠵᠠᠯᠭᠠᠮᠵᠢᠯᠠᠬᠤ ᠶᠢ ᠬᠦᠰᠡᠵᠦ ᠪᠠᠶᠢᠨ᠎ᠠ︾ ᠭᠡᠵᠦ ᠴᠤ ᠹᠸᠡᠭ ᠴᠦᠨ ᠬᠡᠯᠡᠪᠡ᠃
   ᠴᠠᠭᠠᠨ ᠰᠠᠷ᠎ᠠ ᠪᠣᠯ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠪᠠᠶᠠᠷ ᠤᠨ ᠡᠳᠦᠷ ᠮᠥᠨ᠂ ᠴᠠᠭ ᠦᠶ᠎ᠡ  ᠶᠢᠨ ᠬᠤᠪᠢᠷᠠᠯᠲᠠ ᠶᠢ ᠳᠠᠭᠠᠯᠳᠤᠨ᠂ ᠴᠠᠭᠠᠨ ᠰᠠᠷ᠎ᠠ ᠶᠢᠨ ᠠᠭᠤᠷ ᠠᠮᠢᠰᠬᠤᠯ ᠴᠤ ᠬᠤᠪᠢᠷᠠᠵᠤ ᠪᠠᠶᠢᠳᠠᠭ᠃    ᠣᠶᠢᠷ᠎ᠠ ᠶᠢᠨ ᠵᠢᠯ ᠠᠴᠠ ᠨᠠᠰᠢ᠂ ᠦᠨᠳᠦᠷ ᠮᠤᠳᠤᠨ ᠬᠦᠯᠳᠤ ᠶᠠᠩᠭᠠᠷ ᠪᠥᠵᠢᠭ ᠬᠥᠭᠵᠢᠶᠡᠨᠲᠡᠢ ᠪᠣᠯᠵᠤ᠂ ᠶᠡᠭᠡ ᠠᠴᠠ ᠨᠢ ᠰᠣᠶᠣᠯ ᠤᠷᠠᠯᠢᠭ ᠤᠨ ᠬᠠᠮᠲᠤᠷᠠᠭᠰᠠᠨ ᠲᠣᠭᠯᠠᠯᠲᠠ᠂ ᠪᠠᠭ᠎ᠠ ᠠᠴᠠ ᠨᠢ ᠣᠯᠠᠨ ᠲᠦᠮᠡᠨ ᠤ ᠬᠤᠷᠢᠮ ᠪᠠᠶᠠᠷ ᠤᠨ ᠶᠠᠪᠤᠳᠠᠯ ᠬᠦᠷᠲᠡᠯ᠎ᠡ ᠴᠥᠮ ᠦᠨᠳᠦᠷ ᠮᠤᠳᠤᠨ ᠬᠦᠯᠳᠤ ᠶᠠᠩᠭᠠᠷ ᠪᠥᠵᠢᠭ ᠤᠨ ᠲᠣᠭᠯᠠᠯᠲᠠ ᠶᠢ ᠤᠷᠢᠵᠤ ᠤᠷᠮ᠎ᠠ ᠬᠥᠭᠵᠢᠭᠡᠳᠡᠭ ᠪᠣᠯᠵᠠᠢ᠃
   ᠪᠦᠦ ᠴᠧᠩ ᠲᠣᠰᠬᠤᠨ ᠤ ᠬᠥᠮᠥᠰ ᠥᠨᠳᠥᠷ ᠮᠤᠳᠤᠨ ᠬᠥᠯᠲᠦ ᠳᠤ ᠳᠤᠷᠠᠲᠠᠢ ᠪᠠᠶᠢᠳᠠᠭ ᠨᠢ ᠡᠪᠦᠭᠡ ᠳᠡᠭᠡᠳᠦᠰ ᠤᠨ ᠢᠶᠠᠨ ᠰᠣᠶᠣᠯ ᠤᠨ ᠬᠤᠷᠠᠮᠳᠤᠯ ᠪᠣᠯᠬᠤ ᠪᠠᠷ ᠪᠠᠷᠠᠬᠤ ᠦᠭᠡᠢ᠂ ᠨᠡᠩ ᠴᠤ ᠥᠨᠳᠥᠷ ᠮᠤᠳᠤᠨ ᠬᠥᠯᠲᠦ ᠳᠡᠭᠡᠷ᠎ᠡ ᠭᠢᠰᠬᠢᠵᠦ᠂ ᠥᠨᠳᠥᠷ ᠲᠤ ᠵᠣᠭᠰᠣᠨ ᠠᠯᠤᠰ ᠢ ᠪᠠᠷᠠᠯᠠᠬᠤ ᠵᠢᠴᠢ ᠬᠥᠮᠥᠰ ᠤᠨ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠬᠥᠭᠡᠭᠡᠴᠡᠯᠳᠦᠯ ᠪᠣᠯᠬᠤ ᠶᠤᠮ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号