ᠬᠢᠩᠭᠠᠨ ᠠᠶᠢᠮᠠᠭ ᠪᠦᠬᠦ ᠠᠶᠢᠮᠠᠭ ᠤᠨ ᠺᠠᠳ᠋ᠷᠴᠤᠳ ᠤᠨ ᠶᠡᠭᠡ ᠬᠤᠷᠠᠯ ᠬᠢᠵᠦ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠲᠤᠭᠤᠰᠢᠯᠠᠭᠤᠯᠵᠠᠢ
ᠨᠡᠶᠢᠲᠡᠯᠡᠭᠰᠡᠨ ᠴᠠᠭ᠄
2024/2/7
   2 ᠰᠠᠷ᠎ᠠ ᠶᠢᠨ 4 ᠤ ᠡᠳᠦᠷ᠂ ᠬᠢᠩᠭᠠᠨ ᠠᠶᠢᠮᠠᠭ ᠪᠥᠬᠦ ᠠᠶᠢᠮᠠᠭ ᠤᠨ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠵᠠᠩ ᠰᠢᠶᠣᠣ ᠪᠢᠩ ᠬᠤᠷᠠᠯ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ᠂ ᠠᠶᠢᠮᠠᠭ ᠤᠨ ᠤᠳᠤᠷᠢᠳᠤᠯᠭ᠎ᠠ ᠰᠦᠬᠡ᠂ ᠰᠢᠦᠢ ᠵᠦᠸᠧ᠂ ᠯᠢᠦ ᠱᠤ᠋ ᠴᠧᠩ ᠨᠠᠷ ᠬᠤᠷᠠᠯ ᠳᠤ ᠣᠷᠣᠯᠴᠠᠵᠠᠢ᠃    ᠬᠤᠷᠠᠯ ᠠᠴᠠ ᠴᠢᠬᠤᠯᠠᠴᠢᠯᠠᠭᠰᠠᠨ ᠨᠢ᠂ ᠵᠢᠷᠭᠤᠭᠠᠨ ᠢᠨᠵᠧᠨᠧᠷᠢᠩ ᠢ ᠲᠦᠷᠭᠡᠪᠴᠢᠯᠡᠨ ᠠᠬᠢᠭᠤᠯᠵᠤ᠂ ᠪᠠᠷᠢᠯᠭ᠎ᠠ ᠶᠢᠨ ᠠᠵᠢᠯ ᠢᠶᠠᠨ ᠲᠦᠷᠭᠡᠳᠬᠡᠨ᠂ ᠴᠠᠭ ᠲᠤᠬᠠᠢ ᠳᠤᠨᠢ ᠳᠠᠭᠤᠰᠬᠠᠵᠤ᠂ ᠰᠢᠪᠲᠤᠯᠤᠯᠲᠠ ᠶᠢᠨ ᠴᠢᠨᠠᠷᠲᠠᠢ᠂ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠢ ᠲᠦᠷᠭᠡᠬᠡᠨ ᠣᠯᠬᠤ ᠪᠠᠷ ᠴᠢᠷᠮᠠᠶᠢᠬᠤ ᠬᠡᠷᠡᠭᠲᠡᠢ᠃ ᠪᠡᠯᠡ ᠣᠷᠣᠭᠤᠯᠤᠯᠲᠠ ᠶᠢ ᠪᠥᠬᠦ ᠬᠦᠴᠦᠨ ᠢᠶᠠᠷ ᠢᠶᠠᠨ ᠠᠳᠬᠤᠵᠤ᠂ ︽ᠲᠥᠷᠥᠯ ᠵᠦᠢᠯ ᠢᠶᠠᠷ ᠭᠤᠣᠯ ᠪᠣᠯᠭᠠᠬᠤ︾ ᠶᠢ ᠪᠠᠷᠢᠮᠲᠠᠯᠠᠨ᠂ ᠬᠦᠴᠦᠨ ᠢᠶᠠᠨ ᠲᠥᠪᠯᠡᠷᠡᠭᠦᠯᠦᠨ ᠡᠮᠦᠨᠡᠬᠢ ᠬᠤᠭᠤᠴᠠᠭᠠᠨ ᠤ ᠠᠵᠢᠯ ᠢ ᠠᠳᠬᠤᠵᠤ᠂ ᠲᠣᠬᠢᠷᠠᠭᠤᠯᠤᠯᠲᠠ ᠶᠢ ᠠᠳᠬᠤᠵᠤ᠂ ᠪᠠᠲᠤᠯᠠᠭ᠎ᠠ ᠶᠢ ᠠᠳᠬᠤᠵᠤ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠰᠠᠶᠢᠨ ᠡᠬᠢᠯᠡᠯᠲᠡ ᠲᠠᠢ ᠪᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠠᠷᠭ᠎ᠠ ᠪᠦᠬᠦᠨ ᠢ ᠰᠦᠪᠡᠭᠴᠢᠯᠡᠨ ᠬᠡᠷᠡᠭᠯᠡᠭᠡ ᠶᠢ ᠠᠬᠢᠭᠤᠯᠵᠤ᠂ ᠠᠮᠢᠳᠤᠷᠠᠯ ᠤᠨ ᠬᠡᠷᠡᠭᠯᠡᠭᠡ ᠶᠢᠨ ᠳᠠᠯᠳᠠ ᠬᠦᠴᠦᠨ ᠢ ᠭᠦᠢᠴᠡᠳ ᠠᠭᠤᠳᠠᠯᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠬᠡᠷᠡᠭᠯᠡᠭᠡ ᠶᠢᠨ ᠰᠢᠨ᠎ᠡ ᠵᠠᠬ᠎ᠠ ᠳᠡᠯᠭᠡᠭᠦᠷ ᠢ ᠦᠷᠬᠦᠯᠵᠢᠯᠡᠨ ᠥᠷᠭᠡᠳᠬᠡᠬᠦ ᠬᠡᠷᠡᠭᠲᠡᠢ᠃ ᠶᠡᠭᠡ ᠬᠦᠴᠦ ᠣᠷᠣᠭᠤᠯᠵᠤ ᠪᠠᠶᠢᠭᠠᠳ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠥᠪᠡᠷᠲᠡᠭᠡᠨ ᠵᠠᠰᠠᠬᠤ ᠣᠷᠣᠨ ᠤ 33 ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠦᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ᠂ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ᠂ ᠰᠦᠯᠵᠢᠶ᠎ᠡ ᠶᠢ ᠠᠰᠢᠭᠯᠠᠨ ᠠᠵᠢᠯ ᠣᠯᠭᠤᠵᠤ ᠦᠢᠯᠡᠰ ᠪᠣᠰᠬᠠᠬᠤ᠂ ᠵᠠᠬᠢᠳᠠᠯ ᠰᠤᠷᠪᠤᠯᠵᠢᠯᠠᠯ ᠢᠶᠠᠷ ᠲᠣᠭᠲᠠᠭᠤᠨ ᠢ ᠬᠠᠮᠠᠭᠠᠯᠠᠬᠤ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠬᠦᠴᠢᠷᠳᠡᠯᠲᠡᠢ ᠤᠯᠠᠨ ᠲᠦᠮᠡᠨ ᠢ ᠲᠤᠰᠠᠯᠠᠵᠤ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠪᠠᠨ ᠴᠢᠨᠠᠭᠰᠢᠳᠠ ᠲᠣᠳᠣᠷᠬᠠᠶᠢᠯᠠᠵᠤ᠂ ᠵᠢᠱᠢᠶ᠎ᠡ ᠦᠵᠡᠭᠦᠯᠵᠦ ᠡᠭᠦᠳᠦᠨ ᠪᠠᠶᠢᠭᠤᠯᠬᠤ ᠶᠢ ᠪᠦᠲᠦᠮᠵᠢᠲᠡᠢ ᠰᠠᠶᠢᠲᠤᠷ ᠠᠳᠬᠤᠵᠤ ᠰᠠᠶᠢᠲᠤᠷ ᠬᠢᠬᠦ ᠬᠡᠷᠡᠭᠲᠡᠢ ᠭᠡᠪᠡ᠃
 
ᠢᠷᠡᠯᠲᠡ᠄ ᠤᠯᠠᠭᠠᠨᠬᠤᠳᠠ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号