ᠬᠢᠩᠭᠠᠨ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠴᠠᠭᠠᠨ ᠰᠠᠷ᠎ᠠ ᠶᠢᠨ ᠵᠥᠭᠡᠭᠡᠪᠦᠷᠢ ᠶᠢᠨ ᠠᠮᠤᠷ ᠲᠦᠪᠰᠢᠨ ᠤ ᠬᠠᠮᠢᠶᠠᠷᠤᠯᠲᠠ ᠪᠠᠨ ᠴᠢᠩᠭᠠᠳᠬᠠᠵᠤ ᠪᠠᠶᠢᠨ᠎ᠠ
ᠨᠡᠶᠢᠲᠡᠯᠡᠭᠰᠡᠨ ᠴᠠᠭ᠄
2024/2/7
   ᠣᠶᠢᠷ᠎ᠠ ᠳᠤ᠂ ᠬᠢᠩᠭᠠᠨ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠪᠣᠯᠣᠨ ᠤᠯᠠᠭᠠᠨᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠬᠠᠮᠲᠤᠷᠠᠨ᠂ ᠤᠯᠠᠭᠠᠨᠬᠤᠲᠠ ᠶᠢᠨ ᠠᠶᠠᠨᠴᠢᠳ ᠤᠨ ᠮᠠᠰᠢᠨ ᠲᠡᠷᠭᠡᠨ ᠤ ᠥᠷᠲᠡᠭᠡᠨ ᠳᠤ ᠬᠦᠷᠴᠦ ︽ᠠᠮᠤᠷ ᠠᠮᠤᠭᠤᠯᠠᠩ ᠴᠠᠭᠠᠨ ᠰᠠᠷ᠎ᠠ ᠶᠢᠨ ᠵᠥᠭᠡᠭᠡᠪᠦᠷᠢ ᠶᠢ ᠪᠠᠲᠤᠯᠠᠬᠤ ᠳᠤ ᠵᠠᠮ ᠬᠠᠷᠢᠯᠴᠠᠭᠠᠨ ᠤ ᠴᠠᠭᠳᠠᠭ᠎ᠠ ᠲᠠ ᠨᠠᠷ ᠲᠠᠢ ᠬᠠᠮᠲᠤ ᠪᠤᠢ︾ ᠭᠡᠬᠦ ᠭᠤᠣᠯ ᠰᠡᠳᠦᠪ ᠤᠨ ᠲᠣᠭᠤᠷᠢᠨ ᠳᠤ ᠴᠠᠭᠠᠨ ᠰᠠᠷ᠎ᠠ ᠶᠢᠨ ᠵᠥᠭᠡᠭᠡᠪᠦᠷᠢ ᠶᠢᠨ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ᠃    ᠲᠤᠰ ᠠᠵᠢᠯᠯᠠᠭ᠎ᠠ ᠳᠤ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠴᠠᠭᠳᠠᠭ᠎ᠠ ᠲᠡᠷᠭᠡᠨ ᠥᠷᠲᠡᠭᠡᠨ ᠳᠤ ᠲᠡᠷᠭᠡ ᠬᠦᠯᠢᠶᠡᠵᠦ ᠪᠠᠶᠢᠭ᠎ᠠ ᠬᠥᠮᠥᠰ ᠲᠤ ᠠᠮᠤᠷ ᠲᠦᠪᠰᠢᠨ ᠤ ᠤᠬᠠᠭᠤᠯᠭ᠎ᠠ ᠶᠢᠨ ᠬᠠᠭᠤᠳᠠᠰᠤ᠂ ᠠᠮᠤᠷ ᠲᠦᠪᠰᠢᠨ ᠠᠶᠠᠯᠠᠬᠤ ᠠᠭᠤᠯᠭ᠎ᠠ ᠪᠦᠬᠦᠢ ᠬᠤᠣᠰ ᠤᠶᠠᠩᠭ᠎ᠠ ᠲᠠᠷᠬᠠᠭᠠᠵᠤ᠂ ᠬᠥᠮᠥᠨ ᠪᠦᠬᠦᠨ ᠵᠠᠮ ᠬᠠᠷᠢᠯᠴᠠᠭᠠᠨ ᠤ ᠠᠮᠤᠷ ᠲᠦᠪᠰᠢᠨ ᠢ ᠠᠩᠬᠠᠷᠬᠤ᠂ ᠬᠥᠮᠥᠨ ᠪᠦᠬᠦᠨ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠬᠦ ᠦᠢᠯᠡ ᠠᠵᠢᠯᠯᠠᠭ᠎ᠠ ᠶᠢ ᠬᠤᠷᠢᠭᠯᠠᠬᠤ ᠠᠭᠤᠷ ᠠᠮᠢᠰᠬᠤᠯ ᠢ ᠪᠤᠢ ᠪᠤᠯᠭᠠᠬᠤ ᠶᠢ ᠤᠷᠢᠶᠠᠯᠠᠵᠠᠢ᠃ ᠮᠠᠰᠢᠨ ᠲᠡᠷᠭᠡᠨ ᠦᠷᠳᠡᠭᠡ ᠶᠢᠨ ᠠᠭᠤᠳᠠᠮ ᠲᠠᠯᠠᠪᠠᠢ ᠳᠤ ᠵᠠᠮ ᠬᠠᠷᠢᠯᠴᠠᠭᠠᠨ ᠤ ᠴᠠᠭᠳᠠᠭ᠎ᠠ ᠠᠶᠠᠨᠴᠢᠳ ᠤᠨ ᠮᠠᠰᠢᠨ ᠲᠡᠷᠭᠡᠨ ᠤ ᠠᠮᠤᠷ ᠲᠦᠪᠰᠢᠨ ᠤ ᠴᠢᠳᠠᠪᠬᠢ ᠶᠢ ᠪᠠᠶᠢᠴᠠᠭᠠᠭᠰᠠᠨ ᠪᠥᠭᠡᠳ ᠵᠢᠯᠣᠭᠤᠴᠢ ᠳᠤ ᠴᠠᠰᠤ ᠲᠠᠢ ᠡᠳᠦᠷ ᠵᠠᠮ ᠬᠠᠷᠢᠯᠴᠠᠭᠠᠨ ᠤ ᠠᠳᠡᠯ ᠢ ᠰᠡᠷᠭᠡᠶᠢᠯᠡᠬᠦ ᠠᠷᠭ᠎ᠠ ᠵᠢᠴᠢ ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠤᠭᠤᠴᠠᠭᠠᠨ ᠳᠤ ᠨᠠᠭᠠᠰᠢ ᠴᠠᠭᠠᠰᠢ ᠠᠶᠠᠯᠠᠬᠤ ᠳᠤ ᠠᠩᠬᠠᠷᠬᠤ ᠴᠢᠬᠤᠯᠠᠲᠠᠢ ᠵᠠᠮ ᠬᠠᠷᠢᠯᠴᠠᠭᠠᠨ ᠤ ᠠᠮᠤᠷ ᠲᠦᠪᠰᠢᠨ ᠤ ᠮᠡᠳᠡᠯᠭᠡ ᠶᠢ ᠲᠠᠶᠢᠯᠪᠤᠷᠢᠯᠠᠵᠤ ᠥᠭᠪᠡ᠃
 
ᠢᠷᠡᠯᠲᠡ᠄ ᠤᠯᠠᠭᠠᠨᠬᠤᠳᠠ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号