ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠣᠷᠣᠯᠴᠠᠨ ᠲᠤᠭᠤᠰᠢᠯᠠᠭᠤᠯᠵᠤ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/2/8
   2 ᠰᠠᠷ᠎ᠠ ᠶᠢᠨ 6 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠵᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠬᠢᠯᠡᠪᠡ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠲᠤᠬᠠᠢ ᠴᠢᠬᠤᠯᠠ ᠶᠠᠷᠢᠶ᠎ᠠ ᠪᠣᠯᠣᠨ ᠲᠥᠪ ᠤᠨ ᠭᠤᠣᠯ ᠰᠡᠳᠦᠪᠲᠦ ᠬᠥᠮᠦᠵᠢᠯ ᠤᠨ ᠳ᠋ᠦᠩᠨᠡᠯᠲᠡ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ ᠲᠦᠷᠪᠡᠨ ︽ᠰᠤᠷᠤᠯᠴᠠᠯᠭ᠎ᠠ︾ ᠶᠢᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠤᠷᠰᠢᠯᠭ᠎ᠠ ᠪᠠᠨ ᠳ᠋ᠦᠩᠨᠡᠬᠦ ᠶᠢ ᠴᠢᠬᠤᠯᠠᠴᠢᠯᠠᠨ ᠴᠢᠩᠭᠠᠳᠬᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠲᠣᠪᠤᠶᠢᠮ᠎ᠠ ᠰᠠᠶᠢᠲᠤᠷ ᠠᠳᠬᠤᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ ᠭᠦᠨᠵᠡᠭᠡᠢ ᠠᠬᠢᠭᠤᠯᠵᠤ᠂ ᠨᠠᠮ ᠵᠠᠰᠠᠭ ᠤᠨ ᠪᠠᠶᠢᠭᠤᠯᠭ᠎ᠠ ᠶᠢᠨ ᠠᠷᠪᠢᠴᠢ ᠭᠠᠮᠲᠠᠢ ᠠᠮᠢᠳᠤᠷᠠᠬᠤ ᠱᠠᠭᠠᠷᠳᠠᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠨᠡᠩ ᠪᠠᠲᠤ ᠴᠢᠩᠭ᠎ᠠ ᠬᠦᠴᠦᠨ ᠲᠠᠢ ᠪᠣᠯᠭᠠᠨ ᠪᠠᠶᠢᠭᠤᠯᠬᠤ ᠪᠠᠷ ᠴᠢᠷᠮᠠᠶᠢᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠰᠢᠨ᠎ᠡ ᠵᠠᠮ ᠢ ᠨᠡᠭᠡᠭᠡᠵᠦ ᠳᠤᠮᠳᠠ ᠲᠦᠪᠰᠢᠨ ᠳᠤ ᠣᠷᠣᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ 1 ᠰᠠᠷ᠎ᠠ ᠶᠢᠨ 31 ᠤ ᠡᠳᠦᠷ ᠤᠨ ᠲᠥᠪ ᠤᠨ ᠤᠯᠤᠰ ᠲᠥᠷᠥ ᠶᠢᠨ ᠲᠣᠪᠴᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ᠂ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠪᠣᠯᠣᠨ ᠠᠷᠠᠳ ᠤᠨ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠢᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠣᠯᠳᠠᠯᠭ᠎ᠠ ᠪᠣᠯᠣᠨ ᠶᠡᠭᠡ ᠲᠠᠯ᠎ᠠ ᠶᠢᠨ ᠲᠣᠭᠤᠷᠢᠨ ᠳᠤ ᠠᠵᠢᠯ ᠶᠠᠪᠤᠳᠠᠯ ᠰᠦᠪᠡᠭᠴᠢᠯᠡᠨ ᠠᠵᠢᠯ ᠶᠠᠪᠤᠳᠠᠯ ᠬᠢᠵᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠶᠢ ᠡᠯ᠎ᠡ ᠰᠢᠰᠲ᠋ᠧᠮ ᠡᠯ᠎ᠡ ᠬᠦᠷᠢᠶᠡᠨ ᠳᠤ ᠦᠨᠡᠨ ᠬᠦ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠱᠠᠲᠤᠨ ᠤ ᠬᠢᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾ ᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠤᠯᠤᠰ ᠲᠦᠷᠦ ᠶᠢᠨ ᠬᠢᠨᠠᠯᠲᠠ ᠲᠠᠯᠪᠢᠬᠤ ᠶᠢ ᠪᠣᠳᠠᠲᠠᠶᠢᠵᠢᠭᠤᠯᠬᠤ᠂ ᠨᠠᠷᠢᠯᠢᠭ ᠣᠨᠣᠪᠴᠢᠲᠠᠢ ᠪᠣᠯᠭᠠᠬᠤ᠂ ᠪᠠᠶᠢᠩᠭᠤᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠠᠭᠠᠨ ᠰᠠᠷ᠎ᠠ ᠠᠴᠠ ᠡᠮᠦᠨᠡᠬᠡᠨ ᠲᠢᠶᠠᠨᠵᠢᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠢ᠃ ᠲᠡᠦᠬᠡ ᠰᠣᠶᠣᠯ ᠤᠨ ᠵᠡᠭᠡᠯᠢ ᠲᠣᠭᠤᠷᠢᠭ ᠪᠣᠯᠣᠨ ᠠᠭᠤᠳᠠᠮ ᠲᠠᠯᠠᠪᠠᠢ ᠶᠢ ᠰᠠᠶᠢᠲᠤᠷ ᠠᠰᠢᠭᠯᠠᠵᠤ᠂ ︽ᠤᠮᠠᠷᠠᠲᠤ ᠬᠢᠯᠢ ᠶᠢᠨ ᠰᠣᠶᠣᠯ︾ ᠢ ᠴᠣᠭᠴᠠᠯᠠᠬᠤ ᠲᠠᠢ ᠤᠶᠠᠯᠳᠤᠭᠤᠯᠵᠤ᠂ ᠤᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠰᠣᠶᠣᠯ ᠤᠨ ᠠᠵᠢᠯᠯᠠᠭ᠎ᠠ ᠶᠢ ᠢᠯᠡᠭᠦᠬᠡᠨ ᠡᠷᠬᠢᠯᠡᠬᠦ ᠬᠡᠷᠡᠭᠲᠡᠢ᠃ ᠡᠷᠴᠢᠮᠵᠢᠭᠦᠯᠦᠨ ᠠᠷᠪᠢᠯᠠᠬᠤ ᠣᠶᠢᠯᠠᠭᠠᠭᠳᠠᠬᠤᠨ ᠢ ᠴᠢᠩᠭᠠᠳᠬᠠᠵᠤ᠂ ᠨᠠᠷᠢᠯᠢᠭ ᠣᠨᠣᠪᠴᠢᠲᠠᠢ ᠪᠠᠷ ᠳᠤᠲᠠᠭᠤᠳᠠᠯ ᠢᠶᠠᠨ ᠨᠥᠬᠦᠪᠦᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠬᠤᠳᠠ ᠶᠢᠨ ᠵᠠᠰᠠᠯᠲᠠ ᠶᠢᠨ ᠣᠳᠣᠬᠢᠴᠢᠯᠠᠯᠲᠠ ᠶᠢᠨ ᠲᠦᠪᠰᠢᠨ ᠢ ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠡᠯ᠎ᠡ ᠱᠠᠲᠤᠨ ᠤ ᠬᠢᠨ ᠤᠯᠠᠨ ᠲᠦᠮᠡᠨ ᠤ ᠪᠠᠶᠠᠷ ᠬᠥᠷ ᠲᠠᠢ ᠠᠮᠤᠷ ᠠᠮᠤᠭᠤᠯᠠᠩ ᠢᠶᠠᠷ ᠴᠠᠭᠠᠨ ᠰᠠᠷ᠎ᠠ ᠪᠠᠨ ᠥᠩᠭᠡᠷᠡᠭᠦᠯᠬᠦ ᠶᠢ ᠪᠠᠲᠤᠯᠠᠬᠤ ᠶᠢ ᠣᠳᠣᠬᠠᠨ ᠤ ᠠᠵᠢᠯ ᠤᠨ ᠭᠤᠣᠯᠳᠠᠯᠭ᠎ᠠ ᠶᠢᠨ ᠭᠤᠣᠯᠳᠠᠯᠭ᠎ᠠ ᠪᠣᠯᠭᠠᠵᠤ᠂ ︽ᠴᠠᠭ ᠢᠮᠠᠭᠲᠠ ᠰᠠᠨᠠᠭ᠎ᠠ ᠲᠠᠯᠪᠢᠬᠤ ᠦᠭᠡᠢ︾ ᠬᠠᠷᠢᠭᠤᠴᠠᠯᠭᠠᠲᠤ ᠰᠡᠳᠬᠢᠯᠭᠡ ᠪᠠᠨ ᠪᠠᠲᠤᠯᠠᠵᠤ᠂ ᠠᠶᠤᠯᠭᠦᠢ ᠦᠢᠯᠡᠳᠪᠦᠷᠢᠯᠡᠯ᠂ ᠴᠠᠭᠠᠨ ᠰᠠᠷ᠎ᠠ ᠶᠢᠨ ᠵᠥᠭᠡᠭᠡᠪᠦᠷᠢ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ᠂ ᠪᠠᠭᠤᠷᠠᠶᠢᠴᠤᠤᠯ ᠢ ᠠᠪᠤᠷᠠᠨ ᠲᠤᠰᠠᠯᠠᠵᠤ ᠬᠠᠶᠢᠷᠠᠯᠠᠨ ᠬᠠᠯᠠᠮᠵᠢᠯᠠᠬᠤ᠂ ᠬᠥᠯᠥᠰᠦᠨ ᠠᠵᠢᠯᠴᠢᠨ ᠤ ᠴᠠᠯᠢᠩ ᠢ ᠥᠭᠬᠦ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ᠂ ᠵᠢᠭᠤᠯᠴᠢᠯᠠᠯ ᠤᠨ ᠦᠢᠯᠡᠴᠢᠯᠡᠭᠡ᠂ ᠨᠡᠶᠢᠭᠡᠮ ᠤᠨ ᠠᠮᠤᠷ ᠲᠦᠪᠰᠢᠨ ᠢ ᠬᠠᠮᠠᠭᠠᠯᠠᠬᠤ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠤᠯᠠᠨ ᠲᠦᠮᠡᠨ ᠤ ᠠᠮᠤᠷ ᠵᠢᠷᠭᠠᠯ ᠲᠠᠢ ᠰᠢᠨᠡᠯᠡᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠤᠯᠤᠰ ᠲᠥᠷᠥ ᠶᠢᠨ ᠲᠣᠪᠴᠢᠶ᠎ᠠ ᠶᠢᠨ ᠠᠷᠪᠠᠨ ᠨᠢᠭᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ᠤᠬᠠᠭᠳᠠᠬᠤᠨ᠂ ᠠᠭᠤᠯᠤᠭᠳᠠᠬᠤᠨ᠂ ᠴᠢᠬᠤᠯᠠ ᠠᠭᠤᠯᠭ᠎ᠠ ᠶᠢ ᠭᠦᠨᠵᠡᠭᠡᠢ ᠲᠠᠨᠢᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠡᠨᠡ ᠬᠦ ᠵᠠᠩᠭᠢᠯᠠᠭ᠎ᠠ ᠶᠢ ᠴᠢᠩᠭ᠎ᠠ ᠠᠳᠬᠤᠵᠤ᠂ ᠢᠷᠡᠭᠡᠳᠦᠢ ᠶᠢᠨ ᠠᠵᠤ ᠦᠢᠯᠡᠰ ᠢ ᠲᠥᠯᠥᠪᠵᠢᠭᠦᠯᠦᠨ ᠪᠤᠶᠢᠵᠢᠭᠤᠯᠵᠤ᠂ ᠬᠥᠭᠵᠢᠯᠲᠡ ᠶᠢᠨ ᠠᠷᠭ᠎ᠠ ᠬᠡᠯᠪᠡᠷᠢ ᠶᠢᠨ ᠪᠣᠬᠢᠷᠲᠤᠯ ᠦᠭᠡᠢ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠵᠦ᠂ ᠠᠵᠤ ᠠᠬᠤᠢ ᠶᠢᠨ ᠪᠠᠶᠢᠭᠤᠯᠤᠮᠵᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ ᠵᠡᠷᠭᠡ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠦᠷᠢᠶ᠎ᠡ ᠰᠢᠨ᠎ᠡ ᠤᠷᠤᠯᠳᠤᠭᠠᠨ ᠤ ᠵᠠᠮ ᠢ ᠢᠳᠡᠪᠬᠢᠲᠡᠢ ᠨᠡᠭᠡᠭᠡᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ︽ᠦᠨᠡᠨ︾ 2024 ᠣᠨ ᠤ 3 ᠳ᠋ᠤᠭᠠᠷ ᠬᠤᠭᠤᠴᠠᠭᠠᠨ ᠳᠤ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠶ᠎ᠠ︾ ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠣᠷᠣᠯᠴᠠᠵᠤ᠂ ᠦᠢᠯᠡᠳᠦᠯᠭᠡ ᠶᠢᠨ ᠳᠤᠮᠳᠠᠬᠢ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠨᠠᠷᠢᠨ ᠬᠢᠨᠠᠮᠠᠭᠠᠢ ᠳ᠋ᠦᠩᠨᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠱᠤᠭᠤᠮ ᠢ ᠪᠠᠶᠢᠩᠭᠤ ᠶᠢᠨ ᠪᠥᠭᠡᠳ ᠤᠷᠲᠤ ᠬᠤᠭᠤᠴᠠᠭ᠎ᠠ ᠲᠤᠭᠤᠰᠢᠯᠠᠭᠤᠯᠬᠤ ᠪᠦᠲᠦᠮᠵᠢᠲᠡᠢ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ᠂ ᠲᠡᠭᠦᠨ ᠢ ᠦᠯᠦ ᠮᠡᠳᠡᠭᠳᠡᠮ᠎ᠡ ᠪᠠᠷ ᠺᠠᠳ᠋ᠷ ᠤᠯᠠᠨ ᠲᠦᠮᠡᠨ ᠤ ᠠᠵᠢᠯ ᠠᠮᠢᠳᠤᠷᠠᠯ ᠤᠨ ᠡᠯ᠎ᠡ ᠲᠠᠯ᠎ᠠ ᠳᠤ ᠠᠭᠤᠰᠬᠠᠨ ᠣᠷᠣᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠠᠪᠤᠳᠠᠯ ᠢ ᠡᠯ᠎ᠡ ᠲᠠᠯ᠎ᠠ ᠶᠢᠨ ᠬᠢᠨ ᠤ ᠠᠵᠢᠯ ᠢᠶᠠᠨ ᠥᠷᠨᠢᠭᠦᠯᠬᠦ ᠶᠢᠨ ᠦᠨᠳᠦᠰᠦᠨ ᠤᠷᠢᠲᠠᠯ᠂ ᠪᠦᠬᠦ ᠨᠡᠶᠢᠭᠡᠮ ᠢᠶᠠᠷ ᠢᠶᠠᠨ ᠬᠠᠮᠲᠤ ᠪᠠᠷ ᠵᠢᠷᠤᠮᠯᠠᠬᠤ ᠦᠢᠯᠡ ᠠᠵᠢᠯᠯᠠᠭ᠎ᠠ ᠶᠢᠨ ᠪᠠᠷᠢᠮᠵᠢᠶ᠎ᠠ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠪᠡᠭᠡᠵᠢᠩ ᠤᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠳᠤ ᠰᠣᠷᠣᠯᠴᠠᠵᠤ ᠪᠠᠶᠢᠭ᠎ᠠ ᠺᠧᠨᠢᠶᠠ ᠶᠢᠨ ᠰᠣᠷᠣᠭᠴᠢ ᠵᠢᠴᠢ ᠰᠤᠷᠤᠯᠭ᠎ᠠ ᠶᠢᠨ ᠬᠠᠨᠢᠲᠠᠨ ᠤ ᠲᠥᠯᠥᠭᠡᠯᠡᠭᠴᠢ ᠳᠤ ᠢᠯᠡᠭᠡᠭᠰᠡᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠥᠷ ᠮᠣᠩᠭᠤᠯ ᠤᠨ ᠪᠣᠳᠠᠲᠠᠢ ᠲᠠᠢ ᠤᠶᠠᠯᠳᠤᠭᠤᠯᠤᠨ ᠳᠤᠮᠳᠠᠳᠤ ᠭᠠᠳᠠᠭᠠᠳᠤ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠬᠤ ᠲᠤᠬᠠᠢ ᠱᠠᠭᠠᠷᠳᠠᠯᠭ᠎ᠠ ᠳᠤᠷᠠᠳᠪᠠ᠃    ᠬᠤᠷᠠᠯ ᠠᠴᠠ᠂ ᠪᠦᠬᠦ ᠣᠷᠣᠨ ᠤ ᠨᠢᠭᠡᠳᠦᠮᠡᠯ ᠹᠷᠣᠨᠲ ᠤᠨ ᠰᠢᠰᠲ᠋ᠧᠮ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠦᠬᠦ ᠤᠯᠤᠰ ᠤᠨ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠶᠡᠭᠡ ᠨᠢᠭᠡᠳᠦᠮᠡᠯ ᠹᠷᠣᠨᠲ ᠤᠨ ᠠᠵᠢᠯ ᠤᠨ ᠪᠠᠶᠢᠷᠢᠰᠢᠯ ᠢ ᠴᠢᠨᠠᠭᠰᠢᠳᠠ ᠲᠡᠭᠦᠯᠳᠡᠷᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠨᠢᠭᠡᠳᠦᠮᠡᠯ ᠹᠷᠣᠨᠲ ᠤᠨ ᠠᠵᠢᠯ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠵᠡᠷᠭᠡ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠨᠢᠭᠡᠳᠦᠮᠡᠯ ᠹᠷᠣᠨᠲ ᠤᠨ ᠬᠦᠴᠦᠷᠬᠡᠭ ᠶᠡᠭᠡ ᠡᠷᠳᠡᠨᠢᠲᠦ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠲᠥᠰᠥᠯ︾᠂ ︽ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠲᠦᠷᠭᠡᠳᠬᠡᠨ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ᠲᠦᠷᠦ ᠶᠢᠨ ᠨᠠᠮ ᠤᠨ ᠵᠥᠪᠯᠡᠬᠦ ᠲᠥᠯᠥᠪᠯᠡᠭᠡ︾᠂ ︽ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠶᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠥᠯ︾ ᠢ ᠬᠢᠨᠠᠨ ᠵᠥᠪᠯᠡᠵᠡᠢ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠦᠪᠦᠷ ᠮᠤᠩᠭᠤᠯ ‍ᠤᠨ‌ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠦᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号