ᠲᠦᠴᠢᠦᠸᠠᠨ ᠰᠢᠶᠠᠨ ᠤ ᠠᠷᠪᠠᠨ ᠨᠠᠶᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠬᠤᠷᠢᠨ ᠭᠤᠷᠪᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/1
   2 ᠰᠠᠷ᠎ᠠ ᠶᠢᠨ 29 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠸᠠᠩ ᠶᠦᠩ ᠵᠢᠶᠠ ᠲᠦᠴᠢᠦᠸᠠᠨ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠬᠤᠷᠢᠨ ᠭᠤᠷᠪᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ  ᠃ 《 〈 ᠬᠢᠩᠭᠠᠨ ᠠᠶᠢᠮᠠᠭ ᠤᠨ ᠲᠦᠴᠢᠦᠸᠠᠨ ᠰᠢᠶᠠᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ 〉 ᠶᠢ ᠬᠡᠷᠡᠭᠵᠢᠭᠦᠯᠦᠭᠰᠡᠨ ᠪᠠᠶᠢᠳᠠᠯ ᠤᠨ ᠳᠤᠮᠳᠠ ᠬᠤᠭᠤᠴᠠᠭᠠᠨ ᠤ ᠦᠨᠡᠯᠡᠯᠲᠡ ᠶᠢᠨ ᠮᠡᠳᠡᠭᠦᠯᠦᠯᠲᠡ 》᠂ 《 ᠲᠦᠴᠢᠦᠸᠠᠨ ᠰᠢᠶᠠᠨ ᠤ 〈 ᠠᠵᠢᠯ ᠲᠦᠷᠦᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠤ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ ᠬᠡᠷᠡᠭᠲᠡᠢ ᠡᠷᠬᠡᠪᠰᠢ ᠠᠮᠤᠷ ᠲᠦᠪᠰᠢᠨ ᠢ ᠬᠠᠮᠢᠶᠠᠷᠬᠤ ᠬᠡᠷᠡᠭᠲᠡᠢ 》 ᠭᠡᠬᠦ ᠲᠣᠭᠲᠠᠭᠠᠯ ᠤᠳ ( ᠲᠥᠰᠦᠯ ) 》᠂ 《 ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠴᠢᠦᠸᠠᠨ ᠰᠢᠶᠠᠨ ᠤ ᠬᠤᠷᠢᠶ᠎ᠠ ᠵᠢᠴᠢ ᠲᠡᠭᠦᠨ ᠤ ᠪᠦᠷᠢᠯᠳᠦᠬᠦᠨ ᠤ ᠠᠶᠤᠯᠭᠦᠢ ᠦᠢᠯᠡᠳᠪᠦᠷᠢᠯᠡᠯ ᠤᠨ ᠲᠤᠰᠢᠶᠠᠯ ᠬᠠᠷᠢᠭᠤᠴᠠᠯᠭ᠎ᠠ ᠶᠢᠨ ᠨᠠᠷᠢᠨ ᠲᠠᠩᠰᠠ ( ᠲᠥᠰᠦᠯ ) 》 ᠢ ᠰᠤᠳᠤᠯᠤᠨ ᠬᠢᠨᠠᠨ ᠵᠥᠪᠯᠡᠵᠦ᠂ ᠲᠦᠴᠢᠦᠸᠠᠨ ᠰᠢᠶᠠᠨ ᠤ 2023 ᠣᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠦᠷᠦᠯ ᠤᠨ ᠲᠦᠷᠦᠯ ᠵᠦᠢᠯ ᠤᠨ ᠳᠠᠭᠠᠭᠠᠴᠢᠯᠠᠯᠲᠠ ᠵᠠᠷᠯᠠᠬᠤ ᠶᠢ ᠳᠠᠩᠰᠠᠯᠠᠭᠤᠯᠤᠭᠰᠠᠨ ᠪᠠᠶᠢᠳᠠᠯ ᠪᠠ ᠤᠢᠢᠷ᠎ᠠ ᠶᠢᠨ  ᠃    ᠬᠤᠷᠠᠯ ᠠᠴᠠ ᠱᠠᠭᠠᠷᠳᠠᠭᠰᠠᠨ ᠨᠢ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠪᠠ ᠭᠠᠵᠠᠷ ᠰᠣᠩᠭᠤᠬᠤ ᠶᠢ ᠵᠢᠷᠤᠮᠵᠢᠭᠤᠯᠬᠤ ᠲᠤᠬᠠᠶ ᠰᠠᠨᠠᠯ ᠤᠨ ᠵᠢᠯᠣᠭᠤᠳᠣᠯᠭ᠎ᠠ ᠳᠣᠤᠷ᠎ᠠ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠶᠢ ᠬᠢᠨᠠᠨ ᠵᠥᠪᠰᠢᠶᠡᠷᠡᠵᠦ ᠳᠠᠩᠰᠠᠯᠠᠬᠤ ᠬᠦᠰᠦᠨᠦᠭᠲᠦ ᠶᠢ ᠭᠦᠶᠴᠡᠳᠬᠡᠬᠦ ᠶᠢᠨ ᠬᠠᠮᠲᠤ ᠨᠢᠭᠡᠨᠲᠡ ᠳᠠᠭᠠᠭᠠᠴᠢᠯᠠᠯᠲᠠ ᠵᠠᠷᠯᠠᠭᠰᠠᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ᠂ ᠲᠥᠷᠥᠯ ᠵᠦᠶᠯ ᠤᠨ ᠡᠮᠦᠨᠡᠬᠢ ᠬᠤᠭᠤᠴᠠᠭᠠᠨ ᠤ ᠭᠠᠷᠳᠠᠮ ᠭᠦᠶᠴᠡᠳᠬᠡᠬᠦ ᠠᠬᠢᠴᠠ ᠶᠢ ᠲᠦᠷᠭᠡᠳᠬᠡᠵᠦ᠂ ᠲᠥᠷᠥᠯ ᠵᠦᠶᠯ ᠤᠨ ᠲᠣᠭᠲᠠᠭᠰᠠᠨ ᠬᠤᠭᠤᠴᠠᠭᠠᠨ ᠳᠠᠭᠠᠨ ᠠᠵᠢᠯ ᠢᠶᠠᠨ ᠳᠠᠭᠤᠰᠬᠠᠬᠤ ᠶᠢ ᠪᠠᠲᠤᠯᠠᠬᠤ ᠬᠡᠷᠡᠭᠲᠡᠶ  ᠃ ᠡᠯ᠎ᠡ ᠰᠠᠯᠠᠭ᠎ᠠ ᠮᠥᠴᠢᠷ ᠤᠨ ᠬᠢᠨ ᠠᠶᠤᠯᠭᠦᠢ ᠦᠢᠯᠡᠳᠪᠦᠷᠢᠯᠡᠯ ᠤᠨ ᠲᠤᠰᠢᠶᠠᠯ ᠬᠠᠷᠢᠭᠤᠴᠠᠯᠭ᠎ᠠ ᠪᠠᠨ ᠰᠠᠨᠠᠭᠠᠴᠢᠯᠠᠭ᠎ᠠ ᠠᠴᠠ ᠪᠠᠨ ᠭᠦᠢᠴᠡᠳᠬᠡᠵᠦ᠂ ᠭᠤᠣᠯᠳᠠᠯᠭ᠎ᠠ ᠲᠠᠢ ᠬᠦᠷᠢᠶ᠎ᠡ ᠪᠣᠯᠤᠨ ᠵᠠᠩᠭᠢᠯᠠᠭ᠎ᠠ ᠶᠢᠨ ᠭᠤᠭᠴᠤᠭ᠎ᠠ ᠶᠢ ᠲᠤᠪᠤᠶᠢᠯᠭᠠᠨ᠂ ᠦᠢᠯᠡᠳᠪᠦᠷᠢᠯᠡᠯ ᠤᠨ ᠬᠠᠮᠢᠶᠠᠷᠤᠯᠲᠠ ᠪᠣᠯᠤᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ  ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠲᠦᠷᠢᠮ ᠪᠣᠯᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠬᠤᠷᠢᠭᠯᠠᠵᠤ᠂ ᠪᠦᠬᠦ ᠰᠢᠶᠠᠨ  ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ  ᠃    ᠬᠤᠷᠠᠯ ᠠᠴᠠ ᠪᠠᠰᠠ ᠲᠠᠪᠤᠨ ᠶᠡᠭᠡ ᠡᠭᠦᠷᠭᠡ᠂ ᠵᠢᠷᠭᠤᠭᠠᠨ ᠢᠨᠵᠧᠨᠧᠷᠢᠩ᠂ ᠴᠢᠬᠤᠯᠠ ᠶᠡᠭᠡ ᠲᠦᠷᠦᠯ ᠵᠦᠢᠯ  ᠤᠨ ᠠᠵᠢᠯ ᠢᠶᠠᠨ ᠡᠬᠢᠯᠡᠭᠦᠯᠵᠦ ᠰᠡᠷᠭᠦᠭᠡᠬᠦ᠂ ᠬᠠᠪᠤᠷ ᠤᠨ ᠲᠠᠷᠢᠶᠠᠯᠠᠭ᠎ᠠ ᠳᠤ ᠪᠡᠯᠡᠳᠬᠡᠬᠦ ᠵᠡᠷᠭᠡ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ  ᠃    ᠪᠠᠶᠢᠩᠭᠤ ᠶᠢᠨ ᠬᠤᠷᠠᠯ ᠤᠨ ᠳᠠᠷᠠᠭ᠎ᠠ᠂ 2024 ᠣᠨ ᠤ ᠬᠤᠶᠠᠳᠤᠭᠠᠷ ᠤᠳᠠᠭ᠎ᠠ ᠶᠢᠨ ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 2024 ᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠤᠶᠠᠳᠤᠭᠠᠷ ᠤᠳᠠᠭ᠎ᠠ  ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠦᠷᠭᠦᠯᠵᠢᠯᠡᠨ ᠬᠤᠷᠠᠯᠳᠤᠭᠤᠯᠪᠠ  ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号