2023 ᠣᠨ ᠳᠤ᠂ ᠮᠠᠨ ᠤ ᠤᠯᠤᠰ ᠤᠨ ᠠᠵᠢᠯ ᠣᠯᠭᠤᠯᠲᠠ ᠶᠢᠨ ᠭᠤᠣᠯ ᠭᠦᠢᠴᠡᠳᠬᠡᠯ ᠲᠤᠭ᠎ᠠ | ᠠᠮᠵᠢᠯᠲᠠ ᠲᠠᠢ ᠪᠡᠶᠡᠯᠡᠭᠳᠡᠵᠦ᠂ ᠠᠵᠢᠯ ᠣᠯᠭᠤᠯᠲᠠ ᠶᠢᠨ ᠪᠠᠶᠢᠳᠠᠯ ᠶᠡᠷᠦᠩᠬᠡᠢ ᠳᠤ ᠪᠠᠨ ᠰᠠᠶᠢᠵᠢᠷᠠᠪᠠ᠄ 1 — 12 | ᠳ᠋ᠤᠭᠠᠷ ᠰᠠᠷ᠎ᠠ ᠳᠤ᠂ ᠪᠥᠬᠦ ᠤᠯᠤᠰ ᠤᠨ ᠬᠤᠲᠠ ᠪᠠᠯᠭᠠᠰᠤᠨ ᠤ 1244 ᠲᠦᠮᠡᠨ ᠬᠥᠮᠥᠨ ᠠᠵᠢᠯ ᠣᠯᠵᠤ᠂ 12 | ᠳ᠋ᠤᠭᠠᠷ ᠰᠠᠷ᠎ᠠ ᠳᠤ ᠬᠤᠲᠠ ᠪᠠᠯᠭᠠᠰᠤᠨ ᠤ ᠪᠠᠶ᠋ᠢᠴᠠᠭᠠᠯᠲᠠ ᠳᠠᠬᠢ ᠠᠵᠢᠯ ᠠᠯᠳᠠᠭᠰᠠᠨ ᠨᠣᠷᠮ᠎ᠠ 5.1% ᠪᠠᠶᠢᠵᠤ᠂ | ᠭᠤᠣᠯᠳᠠᠯᠭ᠎ᠠ ᠲᠠᠢ ᠬᠥᠮᠦᠰ ᠤᠨ ᠠᠵᠢᠯ ᠣᠯᠭᠤᠯᠲᠠ ᠵᠢᠱᠢᠯᠲᠡ ᠠᠴᠠ ᠰᠠᠶᠢᠨ ᠪᠣᠯᠪᠠ᠃ | ︽ᠬᠠᠨᠳᠤᠰᠢ ᠠᠴᠠ ᠦᠵᠡᠪᠡᠯ᠂ 2024 ᠣᠨ ᠤ ᠠᠵᠢᠯ ᠣᠯᠭᠤᠯᠲᠠ ᠶᠢᠨ ᠠᠵᠢᠯ ᠲᠣᠭᠲᠠᠭᠤᠨ ᠰᠠᠭᠤᠷᠢ ᠲᠠᠢ | ᠃ ᠠᠵᠤ ᠠᠬᠤᠢ ᠶᠢᠨ ᠨᠡᠮᠡᠭᠳᠡᠯ ᠤᠯᠠᠮ ᠨᠢᠭᠡ ᠠᠯᠬᠤᠮ ᠰᠡᠷᠭᠦᠵᠦ᠂ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢ | ᠲᠦᠷᠭᠡᠪᠴᠢᠯᠡᠨ ᠬᠤᠪᠢᠷᠠᠭᠤᠯᠵᠤ᠂ ᠲᠥᠷᠥ ᠶᠢᠨ ᠪᠣᠳᠣᠯᠭ᠎ᠠ ᠶᠢᠨ ᠠᠰᠢᠭ ᠢ ᠦᠷᠭᠦᠯᠵᠢᠯᠡᠨ ᠪᠠᠳᠠᠷᠠᠭᠤᠯᠵᠤ᠂ ᠠᠵᠢᠯ | ᠣᠯᠭᠤᠯᠲᠠ ᠶᠢ ᠲᠣᠭᠲᠠᠪᠤᠷᠢᠵᠢᠭᠤᠯᠬᠤ ᠳᠤ ᠪᠠᠲᠤ ᠪᠠᠬᠢ ᠲᠤᠰᠠᠯᠠᠮᠵᠢ ᠬᠠᠩᠭᠠᠵᠤ ᠪᠤᠢ᠃ ︾ ᠬᠥᠮᠥᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠠᠵᠢᠯ ᠣᠯᠭᠤᠯᠲᠠ ᠶᠢ ᠠᠬᠢᠭᠤᠯᠬᠤ ᠵᠤᠷᠭᠠᠨ ᠤ | ᠳᠠᠷᠤᠭ᠎ᠠ ᠵᠠᠩ ᠵᠢᠩ ᠢᠯᠡᠷᠬᠡᠶᠢᠯᠡᠬᠦ ᠳᠤ ᠪᠠᠨ᠂ ᠡᠨᠡ ᠵᠢᠯ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ | ᠳᠤᠷᠠᠳᠤᠭᠰᠠᠨ ᠱᠠᠭᠠᠷᠳᠠᠯᠭ᠎ᠠ ᠶᠣᠰᠣᠭᠠᠷ᠂ ︽ᠠᠵᠢᠯ ᠣᠯᠭᠤᠯᠲᠠ ᠶᠢ ᠤᠷᠢᠳ ᠢᠶᠠᠷ ᠪᠣᠳᠣᠯᠬᠢᠯᠠᠬᠤ | ᠤᠳᠤᠷᠢᠳᠤᠮᠵᠢ ᠶᠢ ᠨᠠᠩ ᠳᠣᠪᠤᠶᠢᠯᠭᠠᠵᠤ᠂ ᠭᠤᠣᠯᠳᠠᠯᠭ᠎ᠠ ᠲᠠᠢ ᠬᠦᠮᠦᠰ ᠤᠨ ᠠᠵᠢᠯ ᠣᠯᠭᠤᠯᠲᠠ ᠶᠢ ᠲᠣᠭᠲᠠᠭᠤᠨ | ᠪᠠᠶᠢᠯᠭᠠᠬᠤ ᠶᠢ ᠦᠨᠡᠨ ᠬᠦ ᠪᠠᠲᠤᠯᠠᠨ᠎ᠠ ︾᠂ ᠠᠵᠢᠯ ᠣᠯᠭᠤᠯᠲᠠ ᠶᠢᠨ ᠰᠠᠶᠢᠵᠢᠷᠠᠬᠤ ᠬᠠᠨᠳᠤᠰᠢ ᠶᠢ ᠬᠦᠴᠦᠯᠡᠨ | ᠪᠠᠬᠢᠵᠢᠭᠦᠯᠦᠨ᠎ᠡ ᠭᠡᠵᠡᠢ᠃ | ᠬᠠᠮᠵᠢᠯᠴᠠᠭ᠎ᠠ ᠪᠠᠨ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠨᠡᠶᠢᠢᠯᠡᠮᠡᠯ ᠬᠦᠴᠦᠨ ᠢ ᠪᠠᠳᠠᠷᠠᠭᠤᠯᠤᠨ᠎ᠠ᠃ | ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠳᠤ ᠠᠰᠢᠭᠲᠠᠢ ᠲᠦᠷᠦ ᠶᠢᠨ ᠪᠣᠳᠣᠯᠭ᠎ᠠ ᠶᠢ ᠢᠯᠡᠭᠦᠬᠡᠨ ᠨᠡᠶᠢᠲᠡᠯᠡᠵᠦ᠂ | ᠠᠵᠤ ᠠᠬᠤᠢ ᠶᠢᠨ ᠪᠤᠰᠤ ᠲᠦᠷᠦ ᠶᠢᠨ ᠪᠣᠳᠣᠯᠭ᠎ᠠ ᠶᠢ ᠨᠡᠶᠢᠲᠡᠯᠡᠵᠦ ᠠᠵᠢᠯ ᠣᠯᠭᠤᠯᠲᠠ ᠶᠢᠨ ᠨᠥᠯᠥᠭᠡ ᠶᠢ ᠵᠡᠷᠭᠡ ᠪᠠᠷ | ᠦᠨᠡᠯᠡᠨ ᠵᠢᠰᠢᠬᠦ ᠶᠢ ᠠᠬᠢᠭᠤᠯᠤᠨ᠂ ᠡᠳ᠋ ᠤᠨ ᠵᠠᠰᠠᠭ ᠤᠨ ᠨᠥᠬᠦᠪᠦᠷᠢ᠂ ᠭᠠᠶ᠋ᠢᠯᠢ ᠲᠠᠲᠠᠪᠤᠷᠢ ᠶᠢᠨ ᠬᠠᠷᠠᠭᠠᠯᠵᠠᠯ᠂ | ᠮᠥᠩᠭᠦᠨ ᠭᠦᠢᠯᠭᠡᠭᠡᠨ ᠤ ᠳᠡᠮᠵᠢᠯᠭᠡ᠂ ᠨᠡᠶᠢᠭᠡᠮ ᠤᠨ ᠪᠠᠲᠤᠯᠠᠭ᠎ᠠ ᠵᠡᠷᠭᠡ ᠳᠡᠮᠵᠢᠯᠭᠡ ᠶᠢᠨ ᠲᠣᠭᠲᠠᠯᠴᠠᠭ᠎ᠠ ᠶᠢ | ᠲᠡᠭᠦᠯᠳᠡᠷᠵᠢᠭᠦᠯᠵᠦ᠂ ᠲᠦᠷᠦ ᠶᠢᠨ ᠪᠣᠳᠣᠯᠭ᠎ᠠ ᠪᠠᠷ ᠠᠵᠢᠯ ᠣᠯᠭᠤᠯᠲᠠ ᠶᠢ ᠠᠬᠢᠭᠤᠯᠬᠤ ᠠᠰᠢᠭ ᠢ ᠪᠠᠳᠠᠷᠠᠭᠤᠯᠤᠨ᠎ᠠ᠃ | | ᠰᠢᠨ᠎ᠡ ᠶᠢ ᠡᠭᠦᠳᠬᠦ ᠶᠢ ᠠᠬᠢᠭᠤᠯᠵᠤ᠂ ᠠᠵᠢᠯ ᠤᠨ ᠪᠠᠶᠢᠷᠢ ᠶᠢᠨ ᠣᠷᠣᠨ ᠵᠠᠢ ᠶᠢ ᠠᠭᠤᠳᠠᠯᠤᠨ᠎ᠠ᠃ ᠠᠵᠢᠯ | ᠣᠯᠭᠤᠯᠲᠠ ᠶᠢᠨ ᠠᠵᠤ ᠦᠢᠯᠡᠰ ᠤᠨ ᠬᠠᠮᠵᠢᠯᠴᠠᠨ ᠬᠥᠳᠡᠯᠦᠯᠴᠡᠬᠦ ᠲᠣᠭᠲᠠᠯᠴᠠᠭ᠎ᠠ ᠶᠢ ᠦᠷᠭᠦᠯᠵᠢᠯᠡᠨ ᠪᠦᠷᠢᠨᠰᠢᠭᠦᠯᠵᠦ | ᠂ ᠲᠣᠭᠠᠴᠢᠯᠠᠭᠰᠠᠨ ᠠᠵᠤ ᠠᠬᠤᠢ᠂ ᠪᠣᠬᠢᠷᠲᠤᠯ ᠦᠭᠡᠢ ᠠᠵᠤ ᠠᠬᠤᠢ᠂ ᠪᠤᠭᠤᠷᠤᠯᠴᠤᠳ ᠤᠨ ᠠᠵᠤ ᠠᠬᠤᠢ ᠵᠡᠷᠭᠡ | ᠠᠵᠢᠯ ᠣᠯᠭᠤᠯᠲᠠ ᠶᠢᠨ ᠣᠷᠣᠨ ᠵᠠᠢ ᠶᠢ ᠥᠷᠭᠡᠳᠬᠡᠵᠦ᠂ ᠨᠡᠩ ᠤᠯᠠᠨ ᠰᠢᠨ᠎ᠡ ᠠᠵᠢᠯ ᠤᠨ ᠪᠠᠶᠢᠷᠢ ᠶᠢ ᠡᠭᠦᠳᠦᠨ᠎ᠡ᠃ | | ᠭᠤᠣᠯᠳᠠᠯᠭ᠎ᠠ ᠶᠢ ᠠᠳᠬᠤᠵᠤ᠂ ᠠᠵᠢᠯ ᠣᠯᠭᠤᠯᠲᠠ ᠶᠢᠨ ᠶᠡᠭᠡ ᠲᠠᠯ᠎ᠠ ᠶᠢ ᠲᠣᠭᠲᠠᠪᠤᠷᠢᠵᠢᠭᠤᠯᠤᠨ᠎ᠠ᠃ ᠶᠡᠭᠡ | ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠲᠤ ᠠᠵᠢᠯ ᠣᠯᠭᠤᠬᠤ ᠳᠡᠮᠵᠢᠯᠭᠡ ᠶᠢ ᠴᠢᠩᠭᠠᠳᠬᠠᠵᠤ᠂ | ᠲᠤᠰᠬᠠᠢ ᠦᠢᠯᠡᠴᠢᠯᠡᠭᠡ ᠶᠢ ᠴᠢᠩᠭᠠᠷᠠᠭᠤᠯᠤᠨ᠂ ᠰᠤᠷᠭᠠᠭᠤᠯᠢ ᠶᠢᠨ ᠳᠣᠲᠣᠨ᠎ᠠ ᠭᠠᠳᠠᠨᠠᠬᠢ ᠶᠢ ᠵᠣᠯᠭᠠᠭᠤᠯᠤᠭᠰᠠᠨ᠂ | ᠵᠠᠯᠠᠭᠤᠴᠤᠳ ᠤᠨ ᠠᠵᠢᠯ ᠣᠯᠵᠤ ᠦᠰᠦᠨ ᠪᠣᠶ᠋ᠢᠵᠢᠬᠤ ᠶᠢ ᠠᠬᠢᠭᠤᠯᠬᠤ ᠦᠢᠯᠡᠴᠢᠯᠡᠭᠡᠨ ᠤ ᠲᠣᠭᠲᠠᠯᠴᠠᠭ᠎ᠠ ᠶᠢ | ᠪᠠᠶ᠋ᠢᠭᠤᠯᠤᠨᠠ ︔ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ᠂ ᠬᠥᠳᠡᠭᠡ ᠲᠣᠰᠬᠤᠨ ᠤ ᠬᠥᠳᠡᠯᠮᠦᠷᠢ | ᠬᠦᠴᠦᠨ ᠢ ᠬᠠᠪᠰᠤᠷᠤᠨ ᠲᠡᠳᠬᠦᠬᠦ ᠪᠠᠨ ᠴᠢᠩᠭᠠᠳᠬᠠᠵᠤ᠂ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ ᠶᠢ | ᠭᠦᠨᠵᠡᠭᠡᠶᠢᠷᠡᠭᠦᠯᠦᠨ᠂ ᠬᠥᠳᠡᠯᠮᠦᠷᠢ ᠦᠢᠯᠡᠴᠢᠯᠡᠭᠡᠨ ᠤ ᠨᠠᠷᠠᠲᠤ ᠲᠡᠮᠳᠡᠭᠲᠦ ᠶᠢ ᠪᠤᠵᠠᠭᠠᠶ᠋ᠢᠷᠠᠭᠤᠯᠵᠤ᠂ ᠨᠤᠲᠤᠭ ᠲᠤ ᠪᠠᠨ | ᠪᠤᠴᠠᠵᠤ ᠦᠢᠯᠡᠰ ᠪᠤᠰᠬᠠᠬᠤ ᠶᠢ ᠳᠡᠮᠵᠢᠨ᠎ᠡ ︔ ᠠᠵᠢᠯ ᠣᠯᠬᠤ ᠳᠤ ᠬᠦᠴᠢᠷᠲᠡᠢ ᠬᠥᠮᠥᠰ ᠢ ᠬᠠᠪᠰᠤᠷᠤᠨ | ᠲᠡᠳᠬᠦᠬᠦ ᠪᠠᠨ ᠴᠢᠩᠭᠠᠳᠬᠠᠵᠤ᠂ ᠠᠵᠢᠯ ᠣᠯᠭᠤᠯᠲᠠ ᠶᠢᠨ ᠲᠤᠰᠠᠯᠠᠮᠵᠢ ᠶᠢᠨ ᠳᠦᠷᠢᠮ ᠢ ᠲᠡᠭᠦᠯᠳᠡᠷᠵᠢᠭᠦᠯᠦᠨ᠂ ᠠᠵᠢᠯ | ᠣᠯᠭᠤᠯᠲᠠ ᠶᠢᠨ ᠨᠠᠭᠠᠲᠤ ᠵᠠᠬ᠎ᠠ ᠶᠢᠨ ᠪᠠᠷᠢᠮᠵᠢᠶ᠎ᠠ ᠶᠢ ᠪᠠᠲᠤ ᠰᠠᠬᠢᠨ᠎ᠠ᠃ | ︽ᠡᠭᠦᠨ ᠠᠴᠠ ᠭᠠᠳᠠᠨ᠎ᠠ᠂ ᠡᠨᠡ ᠵᠢᠯ ᠪᠠᠰᠠ ᠪᠦᠬᠦ ᠤᠯᠤᠰ ᠤᠨ ᠠᠵᠢᠯ ᠣᠯᠭᠤᠯᠲᠠ ᠶᠢᠨ ᠣᠯᠠᠨ | ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠭᠠᠷᠭᠠᠨ᠂ ᠭᠡᠷ ᠤᠨ ᠡᠭᠦᠳᠡᠨ ᠳᠠᠬᠢ ᠠᠵᠢᠯ ᠣᠯᠭᠤᠯᠲᠠ ᠶᠢᠨ | ᠦᠢᠯᠡᠴᠢᠯᠡᠭᠡᠨ ᠤ ᠵᠠᠭᠪᠤᠷ ᠢ ᠪᠤᠶ ᠪᠣᠯᠭᠠᠵᠤ᠂ ᠣᠯᠠᠨ ᠲᠦᠮᠡᠨ ᠤ ᠮᠡᠳᠡᠷᠡᠵᠦ ᠬᠦᠷᠲᠡᠬᠦ᠋ᠢᠴᠡ ᠨᠡᠩ ᠣᠯᠠᠨ ᠠᠵᠢᠯ | ᠣᠯᠭᠤᠯᠲᠠ ᠶᠢᠨ ᠦᠢᠯᠡᠴᠢᠯᠡᠭᠡ ᠶᠢ ᠬᠠᠩᠭᠠᠬᠤ ᠪᠣᠯᠣᠨ᠎ᠠ ︾ ᠭᠡᠵᠦ ᠵᠠᠩ ᠵᠢᠩ ᠬᠡᠯᠡᠪᠡ᠃ | ᠣᠳᠣᠬᠠᠨ ᠳᠤ᠂ ᠰᠢᠨ᠎ᠡ ᠨᠢᠭᠡ ᠵᠢᠯ ᠤᠨ ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠶᠢ ᠶᠠᠭ | ᠵᠠᠯᠭᠠᠭ᠎ᠠ ᠪᠠᠷ ᠪᠤᠲᠠᠲᠠᠶᠢᠵᠢᠭᠤᠯᠵᠤ ᠪᠠᠶᠢᠨ᠎ᠠ᠃ ᠠᠵᠢᠯ ᠣᠯᠬᠤ ᠳᠤ ᠬᠦᠴᠢᠷᠲᠡᠢ ᠬᠥᠮᠥᠰ᠂ ᠠᠵᠢᠯ ᠠᠯᠳᠠᠭᠰᠠᠨ | ᠵᠡᠮᠳᠡᠭᠴᠦᠳ ᠲᠤ ᠵᠣᠷᠢᠭᠤᠯᠤᠭᠰᠠᠨ ᠠᠵᠢᠯ ᠣᠯᠭᠤᠯᠲᠠ ᠶᠢᠨ ᠲᠤᠰᠠᠯᠠᠮᠵᠢ ᠶᠢᠨ ᠰᠠᠷ᠎ᠠ ᠶᠢᠨ ᠠᠵᠢᠯᠯᠠᠭ᠎ᠠ ᠶᠢ ᠨᠢᠭᠡᠨᠲᠡ | ᠡᠬᠢᠯᠡᠭᠦᠯᠵᠦ᠂ ᠴᠥᠭᠡᠨ ᠪᠤᠰᠤ ᠭᠠᠵᠠᠷ ᠣᠷᠣᠨ ᠤ ᠬᠢᠨ ︽ᠠᠵᠢᠯ ᠣᠯᠭᠤᠯᠲᠠ ᠶᠢᠨ ᠮᠣᠬᠤᠯᠠᠭ ︾ ᠭᠠᠷᠭᠠᠵᠤ᠂ | ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ᠤᠯᠠᠨ ᠲᠦᠮᠡᠨ ᠤ ᠳᠡᠷᠭᠡᠳᠡ ᠬᠦᠷᠭᠡᠵᠦ ᠪᠠᠶᠢᠨ᠎ᠠ᠃ 2024 ᠣᠨ ᠤ | ᠬᠠᠪᠤᠷ ᠤᠨ ᠤᠷᠢ ᠠᠵᠢᠯᠯᠠᠭ᠎ᠠ ᠶᠢ ᠨᠢᠭᠡᠨᠲᠡ ᠪᠥᠬᠦ ᠤᠯᠤᠰ ᠲᠤ ᠥᠷᠨᠢᠭᠦᠯᠵᠦ᠂ ᠵᠢᠱᠢᠯᠲᠡ ᠪᠠᠷ 3000 ᠲᠦᠮᠡᠨ | ᠠᠵᠢᠯ ᠤᠨ ᠪᠠᠶᠢᠷᠢ ᠬᠠᠩᠭᠠᠬᠤ ᠪᠣᠯᠣᠨ᠎ᠠ᠃ | ︽ᠪᠢᠳᠡ ᠬᠥᠳᠡᠯᠮᠦᠷᠢ ᠬᠦᠴᠦᠨ ᠤ ᠵᠠᠬ᠎ᠠ ᠳᠡᠯᠭᠡᠭᠦᠷ ᠤᠨ ᠠᠵᠢᠯᠯᠠᠭᠠᠨ ᠤ ᠵᠢᠮ᠎ᠡ ᠶᠣᠰᠣ ᠲᠠᠢ ᠤᠶᠠᠯᠳᠤᠭᠤᠯᠤᠨ | ᠂ ᠬᠥᠳᠡᠯᠮᠦᠷᠢᠴᠢᠳ ᠤᠨ ᠬᠡᠷᠡᠭᠴᠡᠭᠡ ᠶᠢ ᠦᠨᠳᠦᠰᠦᠯᠡᠨ᠂ ᠣᠯᠠᠨ ᠨᠡᠶᠢᠲᠡ ᠶᠢᠨ ᠠᠵᠢᠯ ᠣᠯᠭᠤᠯᠲᠠ ᠶᠢᠨ | ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠲᠠᠷᠢᠶᠠᠴᠢᠨ ᠬᠦᠴᠦ | ᠶᠠᠪᠤᠭᠰᠠᠳ᠂ ᠠᠵᠢᠯ ᠣᠯᠬᠤ ᠳᠤ ᠬᠦᠴᠢᠷᠲᠡᠢ ᠬᠥᠮᠥᠰ ᠵᠡᠷᠭᠡ ᠭᠤᠣᠯᠳᠠᠯᠭ᠎ᠠ ᠲᠠᠢ ᠬᠦᠮᠦᠰ ᠪᠠ ᠡᠯ᠎ᠡ ᠲᠥᠷᠥᠯ ᠤᠨ | ᠠᠵᠢᠯᠴᠢᠨ ᠬᠡᠷᠡᠭᠯᠡᠬᠦ ᠠᠵᠤ ᠠᠬᠤᠶᠢᠯᠠᠯ ᠢ ᠬᠠᠮᠤᠷᠴᠦ᠂ ︿ᠰᠠᠷ᠎ᠠ ᠪᠣᠯᠭᠠᠨ ᠡᠯᠰᠡᠯᠲᠡ ᠲᠠᠢ᠂ ᠦᠢᠯᠡᠴᠢᠯᠡᠭᠡ ᠶᠢ | ᠲᠠᠰᠤᠯᠳᠠᠭᠤᠯᠬᠤ ᠦᠭᠡᠢ ﹀ ᠶᠢ ᠴᠢᠷᠮᠠᠶᠢᠨ ᠪᠡᠶᠡᠯᠡᠭᠦᠯᠦᠨ᠎ᠡ ︾ ᠭᠡᠵᠦ ᠵᠠᠩ ᠵᠢᠩ ᠬᠡᠯᠡᠪᠡ᠃ | |