ᠣᠶᠢᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠡᠳ᠂ ᠡᠳ᠋ ᠤᠨ ᠵᠠᠰᠠᠭ ᠤᠨ ᠶᠠᠮᠤᠨ | ᠂ ᠰᠤᠷᠭᠠᠨ ᠬᠥᠮᠦᠵᠢᠯ ᠤᠨ ᠶᠠᠮᠤᠨ᠂ ᠳᠤᠮᠳᠠᠳᠤ ᠤᠯᠤᠰ ᠤᠨ ᠠᠷᠠᠳ ᠤᠨ ᠪᠠᠩᠬᠢ᠂ ᠮᠥᠩᠭᠦᠨ ᠭᠦᠢᠯᠭᠡᠭᠡᠨ ᠤ | ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠬᠤᠯᠪᠣᠭᠠᠯᠠᠨ ︽2024 ᠣᠨ ᠤ ᠤᠯᠤᠰ ᠤᠨ | ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠬᠦᠦ ᠮᠥᠩᠭᠦ ᠶᠢ ᠬᠡᠯᠲᠦᠷᠢᠭᠦᠯᠬᠦ ᠵᠢᠴᠢ ᠡᠬᠡ ᠮᠥᠩᠭᠦ ᠶᠢ | ᠬᠤᠶᠢᠰᠢᠯᠠᠭᠤᠯᠤᠨ ᠲᠥᠯᠥᠬᠦ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ ︾ ︵ᠡᠳ᠋ ᠰᠤᠷᠭᠠᠨ ︹2024︺ | 2 ᠳ᠋ᠤᠭᠠᠷ ᠲᠣᠭᠠᠲᠤ᠂ ᠳᠣᠷᠣᠭᠰᠢ ︽ᠮᠡᠳᠡᠭᠳᠡᠯ ︾ ᠭᠡᠵᠦ ᠲᠣᠪᠴᠢᠯᠠᠪᠠ ︶ ᠢ ᠳᠠᠷᠤᠮᠠᠯᠯᠠᠨ ᠲᠠᠷᠬᠠᠭᠠᠪᠠ᠃ | ᠡᠳᠦᠭᠡ ᠳᠠᠷᠠᠭᠠᠬᠢ ᠮᠡᠲᠦ ᠲᠠᠶᠢᠯᠤᠮᠵᠢ ᠬᠢᠪᠡ᠄ | 1. ︽ᠮᠡᠳᠡᠭᠳᠡᠯ ︾ ᠢ ᠨᠡᠶᠢᠲᠡᠯᠡᠭᠰᠡᠨ ᠠᠬᠤᠢ ᠪᠠᠶᠢᠳᠠᠯ ᠪᠠ ᠠᠴᠢ ᠬᠤᠯᠪᠣᠭᠳᠠᠯ ᠨᠢ ᠶᠠᠭᠤ ᠪᠤᠢ︖ | ᠬᠠᠷᠢᠭᠤᠯᠲᠠ᠄ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠤᠨ ᠰᠶᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠡᠳ᠋ ᠤᠨ | ᠵᠠᠰᠠᠭ ᠤᠨ ᠶᠠᠮᠤᠨ᠂ ᠰᠤᠷᠭᠠᠨ ᠬᠥᠮᠦᠵᠢᠯ ᠤᠨ ᠶᠠᠮᠤᠨ᠂ ᠳᠤᠮᠳᠠᠳᠤ ᠤᠯᠤᠰ ᠤᠨ ᠠᠷᠠᠳ ᠤᠨ ᠪᠠᠩᠬᠢ᠂ ᠮᠥᠩᠭᠦᠨ | ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠬᠢᠨᠠᠮᠠᠭᠠᠢ ᠰᠤᠳᠤᠯᠵᠤ᠂ ᠲᠥᠷᠥ ᠶᠢᠨ | ᠶᠠᠪᠤᠳᠠᠯ ᠤᠨ ᠬᠤᠷᠢᠶᠠᠨ ᠳᠤ ᠮᠡᠳᠡᠭᠦᠯᠦᠨ ᠵᠥᠪᠰᠢᠶᠡᠷᠡᠭᠦᠯᠦᠭᠡᠳ᠂ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ | ᠵᠢᠭᠡᠯᠡᠯᠭᠡ ᠶᠢᠨ ᠬᠦᠦ ᠮᠥᠩᠭᠦ ᠶᠢ ᠬᠡᠯᠲᠦᠷᠢᠭᠦᠯᠬᠦ ᠵᠢᠴᠢ ᠡᠬᠡ ᠮᠥᠩᠭᠦ ᠶᠢ ᠬᠤᠶᠢᠰᠢᠯᠠᠭᠤᠯᠤᠨ ᠲᠥᠯᠥᠬᠦ ᠲᠥᠷᠥ ᠶᠢᠨ | ᠪᠣᠳᠣᠯᠭ᠎ᠠ ᠶᠢ 2024 ᠣᠨ ᠳᠤ ᠦᠷᠭᠦᠯᠵᠢᠯᠡᠭᠦᠯᠦᠨ ᠬᠡᠷᠡᠭᠵᠢᠭᠦᠯᠬᠦ ᠪᠠᠷ ᠲᠣᠭᠲᠠᠪᠠ᠃ ᠲᠣᠰ ᠤᠳᠠᠭᠠᠨ ᠤ ᠠᠷᠭ᠎ᠠ | ᠬᠡᠮᠵᠢᠶ᠎ᠡ ᠶᠢ ᠨᠡᠶᠢᠲᠡᠯᠡᠭᠰᠡᠨ ᠨᠢ᠂ ᠵᠢᠱᠢᠯᠲᠡ ᠪᠠᠷ 24.4 ᠳ᠋ᠦᠩᠰᠢᠭᠤᠷ ᠲᠥᠭᠦᠷᠢᠭ ᠤᠨ ᠬᠦᠦ ᠮᠥᠩᠭᠦ ᠶᠢ ᠬᠠᠰᠤᠨ | ᠬᠡᠯᠲᠦᠷᠢᠭᠦᠯᠵᠦ᠂ ᠪᠠᠷᠤᠭ 550 ᠲᠦᠮᠡᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠰᠢᠭ ᠬᠦᠷᠲᠡᠭᠡᠨ᠎ᠡ᠂ | ᠡᠨᠡ ᠨᠢ ᠵᠢᠭᠡᠯᠡᠯᠭᠡ ᠵᠢᠭᠡᠯᠡᠭᠰᠡᠨ ᠰᠤᠷᠤᠭᠴᠢᠳ ᠤᠨ ᠠᠵᠤ ᠠᠬᠤᠢ ᠶᠢᠨ ᠳᠠᠷᠤᠭᠠᠰᠤ ᠪᠠ ᠠᠵᠢᠯ ᠣᠯᠬᠤ | ᠳᠠᠷᠤᠭᠠᠰᠤ ᠶᠢ ᠬᠥᠩᠭᠡᠷᠡᠭᠦᠯᠵᠦ᠂ ᠰᠤᠷᠤᠭᠴᠢᠳ ᠢ ᠬᠠᠪᠰᠤᠷᠤᠨ ᠬᠤᠪᠢ ᠬᠥᠮᠥᠨ ᠤ ᠢᠲᠡᠭᠡᠮᠵᠢ ᠶᠢᠨ ᠲᠡᠮᠳᠡᠭᠯᠡᠯ ᠢ ᠨᠢ | ᠬᠠᠮᠠᠭᠠᠯᠠᠵᠤ᠂ ᠲᠡᠳᠡᠨ ᠤ ᠤᠷᠤᠭᠰᠢᠲᠠᠢ ᠪᠠᠷ ᠠᠵᠢᠯ ᠣᠯᠬᠤ ᠶᠢ ᠠᠬᠢᠭᠤᠯᠬᠤ ᠳᠤ ᠠᠰᠢᠭᠲᠠᠢ ᠶᠤᠮ᠃ | 2. ᠲᠣᠰ ᠤᠳᠠᠭᠠᠨ ᠤ ᠬᠦᠦ ᠮᠥᠩᠭᠦ ᠶᠢ ᠬᠡᠯᠲᠦᠷᠢᠭᠦᠯᠬᠦ ᠪᠠ ᠡᠬᠡ ᠮᠥᠩᠭᠦ ᠶᠢ ᠬᠤᠶᠢᠰᠢᠯᠠᠭᠤᠯᠤᠨ ᠲᠥᠯᠥᠬᠦ | ᠡᠲᠡᠭᠡᠳ ᠨᠢ ᠬᠡᠨ ᠪᠣᠶ︖ | ᠬᠠᠷᠢᠭᠤᠯᠲᠠ᠄ ᠲᠣᠰ ᠤᠳᠠᠭᠠᠨ ᠤ ᠬᠦᠦ ᠮᠥᠩᠭᠦ ᠶᠢ ᠬᠡᠯᠲᠦᠷᠢᠭᠦᠯᠬᠦ ᠪᠠ ᠡᠬᠡ ᠮᠥᠩᠭᠦ ᠶᠢ ᠬᠤᠶᠢᠰᠢᠯᠠᠭᠤᠯᠤᠨ | ᠲᠥᠯᠥᠬᠦ ᠡᠲᠡᠭᠡᠳ ᠪᠣᠯ 2024 ᠣᠨ ᠵᠢᠴᠢ ᠲᠡᠭᠦᠨ ᠠᠴᠠ ᠡᠮᠦᠨᠡᠬᠢ ᠵᠢᠯ ᠤᠳ ᠲᠤ ᠲᠡᠭᠦᠰᠦᠭᠰᠡᠨ᠂ 2024 | ᠣᠨ ᠳᠤ ᠡᠬᠡ ᠮᠥᠩᠭᠦ ᠪᠤᠶᠤ ᠬᠦᠦ ᠮᠥᠩᠭᠦ ᠪᠠᠨ ᠲᠥᠯᠥᠬᠦ ᠶᠣᠰᠣᠲᠠᠢ ᠵᠢᠭᠡᠯᠡᠯᠭᠡ ᠵᠢᠭᠡᠯᠡᠭᠰᠡᠨ ᠰᠤᠷᠤᠭᠴᠢᠳ | ᠪᠣᠯᠣᠨ᠎ᠠ᠃ ︽ᠮᠡᠳᠡᠭᠳᠡᠯ ︾ ᠢ ᠳᠠᠷᠤᠮᠠᠯᠯᠠᠨ ᠲᠠᠷᠬᠠᠭᠠᠬᠤ ᠠᠴᠠ ᠡᠮᠦᠨ᠎ᠡ ᠤᠯᠤᠰ ᠤᠨ ᠰᠤᠷᠤᠯᠭ᠎ᠠ ᠶᠢᠨ | ᠲᠡᠳᠬᠦᠮᠵᠢ ᠶᠢᠨ ᠵᠢᠭᠡᠯᠡᠯᠭᠡ ᠪᠠᠨ ᠨᠢᠭᠡᠨᠲᠡ ᠲᠦᠯᠦᠵᠦ ᠳᠠᠭᠤᠰᠬᠠᠭᠰᠠᠨ ᠲᠡᠭᠦᠰᠬᠦ ᠰᠤᠷᠤᠭᠴᠢᠳ ᠲᠣᠰ ᠤᠳᠠᠭᠠᠨ ᠤ | ᠲᠥᠷᠥ ᠶᠢᠨ ᠪᠣᠳᠣᠯᠭ᠎ᠠ ᠶᠢᠨ ᠲᠤᠰᠠᠯᠠᠮᠵᠢ ᠶᠢᠨ ᠬᠡᠪᠴᠢᠶᠡᠨ ᠳᠤ ᠪᠠᠭᠲᠠᠬᠤ ᠦᠭᠡᠢ᠃ | 3. ᠲᠣᠰ ᠤᠳᠠᠭᠠᠨ ᠤ ᠬᠦᠦ ᠮᠥᠩᠭᠦ ᠶᠢ ᠬᠡᠯᠲᠦᠷᠢᠭᠦᠯᠬᠦ ᠬᠡᠪᠴᠢᠶ᠎ᠡ ᠶᠢ ᠬᠡᠷᠬᠢᠨ ᠲᠣᠭᠲᠠᠭᠠᠬᠤ ᠪᠣᠶ︖ | ᠭᠤᠶᠤᠴᠢᠯᠠᠬᠤ ᠴᠢᠬᠤᠯᠠᠲᠠᠢ ᠤᠤ︖ | ᠬᠠᠷᠢᠭᠤᠯᠲᠠ᠄ ᠲᠣᠰ ᠤᠳᠠᠭᠠᠨ ᠤ ᠬᠡᠯᠲᠦᠷᠢᠭᠦᠯᠦᠭᠰᠡᠨ ᠨᠢ 2024 ᠣᠨ ᠳᠤ ᠲᠥᠯᠥᠬᠦ ᠶᠣᠰᠣᠲᠠᠢ | ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠬᠦᠦ ᠮᠥᠩᠭᠦ ᠪᠣᠯᠣᠨ᠎ᠠ᠂ ᠵᠢᠭᠡᠯᠡᠯᠭᠡ ᠵᠢᠭᠡᠯᠡᠭᠰᠡᠨ | ᠰᠤᠷᠤᠭᠴᠢᠳ ᠭᠤᠶᠤᠴᠢᠯᠠᠬᠤ ᠴᠢᠬᠤᠯᠠ ᠦᠭᠡᠢ᠂ ᠳᠠᠭᠠᠭᠠᠨ ᠭᠦᠢᠴᠡᠳᠬᠡᠬᠦ ᠪᠠᠩᠬᠢ ᠰᠢᠭᠤᠳ ᠭᠦᠢᠴᠡᠳᠬᠡᠨ᠎ᠡ᠃ | ᠨᠢᠭᠡ ᠳᠤ 2024 ᠣᠨ ᠳᠤ ᠰᠢᠨ᠎ᠡ ᠪᠠᠷ ᠲᠡᠭᠦᠰᠦᠭᠰᠡᠨ ᠵᠢᠭᠡᠯᠡᠯᠭᠡ ᠵᠢᠭᠡᠯᠡᠭᠰᠡᠨ ᠰᠤᠷᠤᠭᠴᠢᠳ ᠤᠨ ᠰᠤᠷᠭᠠᠭᠤᠯᠢ ᠳᠤ | ᠪᠠᠶᠢᠬᠤ ᠬᠤᠭᠤᠴᠠᠭᠠᠨ ᠳᠠᠬᠢ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠬᠦᠦ ᠮᠥᠩᠭᠦ ᠶᠢ | ᠡᠳ᠋ ᠤᠨ ᠵᠠᠰᠠᠭ ᠠᠴᠠ ᠪᠥᠬᠦ ᠲᠤᠭ᠎ᠠ ᠪᠠᠷ ᠨᠢ ᠳᠠᠮ ᠬᠦᠦ ᠥᠭᠬᠦ ᠤᠴᠢᠷ ᠠᠴᠠ᠂ ᠲᠡᠭᠦᠰᠦᠭᠰᠡᠨ ᠬᠤᠶᠢᠨ᠎ᠠ ᠲᠥᠯᠥᠬᠦ | ᠬᠤᠭᠤᠴᠠᠭᠠᠨ ᠳᠤ ᠣᠷᠣᠭᠰᠠᠨ ᠤ ᠳᠠᠷᠠᠭ᠎ᠠ᠂ 2024 ᠣᠨ ᠳᠤ ᠬᠤᠪᠢ ᠬᠥᠮᠥᠨ ᠤ ᠲᠥᠯᠥᠬᠦ ᠶᠣᠰᠣᠲᠠᠢ ᠬᠦᠦ | ᠮᠥᠩᠭᠦ ᠶᠢ ᠨᠢ ᠬᠡᠯᠲᠦᠷᠢᠭᠦᠯᠦᠨ᠎ᠡ᠃ ᠬᠤᠶᠠᠷ ᠲᠤ ᠥᠩᠭᠡᠷᠡᠭᠰᠡᠨ ᠵᠢᠯ ᠤᠳ ᠲᠤ ᠲᠡᠭᠦᠰᠦᠭᠰᠡᠨ ᠵᠢᠭᠡᠯᠡᠯᠭᠡ ᠵᠢᠭᠡᠯᠡᠭᠰᠡᠨ | ᠰᠤᠷᠤᠭᠴᠢᠳ ᠤᠨ 2024 ᠣᠨ ᠳᠤ ᠬᠤᠪᠢ ᠬᠥᠮᠥᠨ ᠤ ᠲᠥᠯᠥᠬᠦ ᠶᠣᠰᠣᠲᠠᠢ ᠤᠯᠤᠰ ᠤᠨ ᠰᠤᠷᠤᠯᠭ᠎ᠠ ᠶᠢᠨ | ᠲᠡᠳᠬᠦᠮᠵᠢ ᠶᠢᠨ ᠵᠢᠭᠡᠯᠡᠯᠭᠡ ᠶᠢᠨ ᠬᠦᠦ ᠮᠥᠩᠭᠦ ᠶᠢ ᠬᠡᠯᠲᠦᠷᠢᠭᠦᠯᠦᠨ᠎ᠡ᠂ ᠡᠭᠦᠨ ᠳᠤ ᠥᠩᠭᠡᠷᠡᠭᠰᠡᠨ ᠵᠢᠯ ᠤᠳ ᠤᠨ | ᠬᠤᠭᠤᠴᠠᠭ᠎ᠠ ᠬᠡᠲᠦᠷᠡᠭᠰᠡᠨ ᠵᠢᠭᠡᠯᠡᠯᠭᠡ ᠶᠢᠨ 2024 ᠣᠨ ᠳᠤ ᠲᠦᠷᠦᠭᠰᠡᠨ ᠲᠣᠷᠭᠠᠭᠤᠯᠢ ᠶᠢᠨ ᠬᠦᠦ ᠮᠥᠩᠭᠦ ᠶᠢ | ᠪᠠᠭᠲᠠᠭᠠᠨ᠎ᠠ᠃ | 4. ᠥᠩᠭᠡᠷᠡᠭᠰᠡᠨ ᠵᠢᠯ ᠤᠳ ᠲᠤ ᠲᠡᠭᠦᠰᠦᠭᠰᠡᠨ ᠵᠢᠭᠡᠯᠡᠯᠭᠡ ᠵᠢᠭᠡᠯᠡᠭᠰᠡᠨ ᠰᠤᠷᠤᠭᠴᠢᠳ ᠬᠡᠷᠪᠡ ︽ᠮᠡᠳᠡᠭᠳᠡᠯ | ︾ ᠢ ᠳᠠᠷᠤᠮᠠᠯᠯᠠᠨ ᠲᠠᠷᠬᠠᠭᠠᠬᠤ ᠠᠴᠠ ᠡᠮᠦᠨ᠎ᠡ 2024 ᠣᠨ ᠤ ᠬᠦᠦ ᠮᠥᠩᠭᠦ ᠪᠠᠨ ᠨᠢᠭᠡᠨᠲᠡ ᠲᠥᠯᠥᠭᠰᠡᠨ ᠪᠠᠶᠢᠪᠠᠯ | ᠬᠡᠯᠲᠦᠷᠢᠭᠦᠯᠵᠦ ᠪᠣᠯᠣᠨ᠎ᠠ ᠤᠤ︖ | ᠬᠠᠷᠢᠭᠤᠯᠲᠠ᠄ ᠥᠩᠭᠡᠷᠡᠭᠰᠡᠨ ᠵᠢᠯ ᠤᠳ ᠤᠨ ᠲᠤ ᠲᠡᠭᠦᠰᠦᠭᠰᠡᠨ ᠵᠢᠭᠡᠯᠡᠯᠭᠡ ᠵᠢᠭᠡᠯᠡᠭᠰᠡᠨ ᠰᠤᠷᠤᠭᠴᠢᠳ ᠤᠨ ︽ | ᠮᠡᠳᠡᠭᠳᠡᠯ ︾ ᠢ ᠳᠠᠷᠤᠮᠠᠯᠯᠠᠨ ᠲᠠᠷᠬᠠᠭᠠᠬᠤ ᠠᠴᠠ ᠡᠮᠦᠨ᠎ᠡ ᠨᠢᠭᠡᠨᠲᠡ ᠲᠥᠯᠥᠭᠰᠡᠨ 2024 ᠣᠨ ᠤ ᠬᠦᠦ ᠮᠥᠩᠭᠦ ᠶᠢ | ᠬᠤᠶᠠᠷ ᠵᠦᠢᠯ ᠤᠨ ᠪᠠᠶᠢᠳᠠᠯ ᠳᠤ ᠬᠤᠪᠢᠶᠠᠵᠤ ᠬᠡᠯᠲᠦᠷᠢᠭᠦᠯᠦᠨ᠎ᠡ᠃ ᠨᠢᠭᠡ ᠳᠤ ᠳᠠᠭᠠᠭᠠᠨ ᠭᠦᠢᠴᠡᠳᠬᠡᠬᠦ ᠪᠠᠩᠬᠢ | ᠵᠣᠭᠤᠰ ᠰᠠᠭᠤᠯᠭᠠᠨ ᠬᠠᠰᠤᠭᠰᠠᠨ ᠦᠭᠡᠢ ᠪᠠᠶᠢᠪᠠᠯ᠂ ᠵᠣᠬᠢᠬᠤ ᠪᠡᠯᠡ ᠮᠥᠩᠭᠦ ᠶᠢ ᠳᠠᠭᠢᠵᠤ ᠬᠠᠰᠤᠬᠤ ᠦᠭᠡᠢ᠂ | ᠵᠢᠭᠡᠯᠡᠯᠭᠡ ᠵᠢᠭᠡᠯᠡᠭᠰᠡᠨ ᠰᠤᠷᠤᠭᠴᠢᠳ ᠥᠪᠡᠰᠦᠪᠡᠨ ᠬᠡᠷᠡᠭᠯᠡᠨ᠎ᠡ᠃ ᠬᠤᠶᠠᠷ ᠲᠤ ᠳᠠᠭᠠᠭᠠᠨ ᠭᠦᠢᠴᠡᠳᠬᠡᠬᠦ ᠪᠠᠩᠬᠢ ᠨᠢ | ᠨᠢᠭᠡᠨᠲᠡ ᠰᠠᠭᠤᠯᠭᠠᠨ ᠬᠠᠰᠤᠭᠰᠠᠨ ᠪᠠᠶᠢᠪᠠᠯ᠂ ᠨᠢᠭᠡᠨᠲᠡ ᠰᠠᠭᠤᠯᠭᠠᠨ ᠬᠤᠷᠢᠶᠠᠭᠰᠠᠨ ᠬᠡᠯᠲᠦᠷᠢᠭᠦᠯᠬᠦ ᠶᠣᠰᠣᠲᠠᠢ ᠬᠦᠦ | ᠮᠥᠩᠭᠦ ᠶᠢ ᠬᠤᠪᠢ ᠬᠥᠮᠥᠨ ᠤ ᠲᠠᠩᠰᠠᠨ ᠡᠷᠦᠭᠡ ᠳᠤ ᠨᠢ ᠪᠤᠴᠠᠭᠠᠨ᠎ᠠ᠃ | 5. ︽ᠮᠡᠳᠡᠭᠳᠡᠯ ︾ ᠳᠠᠬᠢ ︽ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠳᠠᠮ | ᠬᠦᠦ ᠶᠢᠨ ᠲᠥᠷᠥ ᠶᠢᠨ ᠪᠣᠳᠣᠯᠭ᠎ᠠ ᠪᠠᠷ ᠯᠠᠪᠯᠠᠯᠲᠠ ᠪᠣᠯᠭᠠᠵᠤ᠂ ᠬᠡᠯᠲᠦᠷᠢᠭᠦᠯᠦᠭᠰᠡᠨ ᠬᠦᠦ ᠮᠥᠩᠭᠦ ᠶᠢ ᠲᠥᠪ ᠤᠨ | ᠡᠳ᠋ ᠤᠨ ᠵᠠᠰᠠᠭ ᠪᠠ ᠣᠷᠣᠨ ᠨᠤᠲᠤᠭ ᠤᠨ ᠡᠳ᠋ ᠤᠨ ᠵᠠᠰᠠᠭ ᠲᠤᠰ ᠲᠤᠰ ᠡᠭᠦᠷᠭᠡᠯᠡᠨ᠎ᠡ ︾ ᠭᠡᠳᠡᠭ ᠢ ᠬᠡᠷᠬᠢᠨ | ᠣᠶᠢᠯᠠᠭᠠᠬᠤ ᠪᠤᠶ︖ | ᠬᠠᠷᠢᠭᠤᠯᠲᠠ᠄ ᠣᠲᠣ ᠶᠢᠨ ᠬᠡᠷᠡᠭᠵᠢᠭᠦᠯᠵᠦ ᠪᠠᠶ᠋ᠢᠭ᠎ᠠ ᠲᠥᠷᠥ ᠶᠢᠨ ᠪᠣᠳᠣᠯᠭ᠎ᠠ ᠶᠢ ᠦᠨᠳᠦᠰᠦᠯᠡᠪᠡᠯ᠂ | ᠰᠤᠷᠤᠭᠴᠢᠳ ᠤᠨ ᠰᠤᠷᠭᠠᠭᠤᠯᠢ ᠳᠤ ᠪᠠᠶᠢᠬᠤ ᠬᠤᠭᠤᠴᠠᠭᠠᠨ ᠳᠠᠬᠢ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ | ᠵᠢᠭᠡᠯᠡᠯᠭᠡ ᠶᠢᠨ ᠬᠦᠦ ᠮᠥᠩᠭᠦ ᠶᠢ ᠴᠥᠮ ᠡᠳ᠋ ᠤᠨ ᠵᠠᠰᠠᠭ ᠠᠴᠠ ᠨᠥᠬᠦᠪᠦᠷᠢᠯᠡᠵᠦ᠂ ᠳᠠᠮ ᠬᠦᠦ ᠶᠢᠨ ᠪᠡᠯᠡ | ᠮᠥᠩᠭᠦ ᠶᠢ ᠲᠥᠪ ᠤᠨ ᠡᠳ᠋ ᠤᠨ ᠵᠠᠰᠠᠭ ᠪᠠ ᠣᠷᠣᠨ ᠨᠤᠲᠤᠭ ᠤᠨ ᠡᠳ᠋ ᠤᠨ ᠵᠠᠰᠠᠭ ᠲᠣᠰ ᠲᠣᠰ ᠡᠭᠦᠷᠭᠡᠯᠡᠨ᠎ᠡ᠃ | ᠲᠣᠰ ᠤᠳᠠᠭᠠᠨ ᠤ ᠬᠦᠦ ᠮᠥᠩᠭᠦ ᠶᠢ ᠬᠡᠯᠲᠦᠷᠢᠭᠦᠯᠬᠦ ᠳᠤ ᠳᠠᠮ ᠬᠦᠦ ᠶᠢᠨ ᠲᠥᠷᠥ ᠶᠢᠨ ᠪᠣᠳᠣᠯᠭ᠎ᠠ ᠶᠢ ᠯᠠᠪᠯᠠᠯᠲᠠ | ᠪᠣᠯᠭᠠᠨ ᠬᠡᠷᠡᠭᠵᠢᠭᠦᠯᠦᠨ᠎ᠡ᠃ ᠪᠣᠳᠠᠲᠠᠢ ᠲᠣᠬᠢᠷᠠᠭᠤᠯᠤᠯᠲᠠ ᠶᠢᠨ ᠠᠷᠭ᠎ᠠ ᠮᠠᠶ᠋ᠢᠭ᠄ ᠬᠦᠦ ᠮᠥᠩᠭᠦ ᠶᠢ | ᠬᠡᠯᠲᠦᠷᠢᠭᠦᠯᠬᠦ ᠳᠤ ᠬᠡᠷᠡᠭᠰᠡᠬᠦ ᠪᠡᠯᠡ ᠮᠥᠩᠭᠦ ᠶᠢ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ | ᠬᠤᠲᠠ᠂ ᠲᠥᠯᠥᠪᠯᠡᠭᠡ ᠳᠤ ᠲᠤᠰᠠᠭᠠᠷ ᠵᠢᠭᠰᠠᠭᠠᠭᠰᠠᠨ ᠬᠤᠲᠠ ︶ ᠪᠠᠷ ᠨᠢᠭᠡᠴᠢ ᠪᠣᠯᠭᠠᠵᠤ᠂ ᠲᠥᠪ ᠤᠨ ᠡᠳ᠋ ᠤᠨ | ᠵᠠᠰᠠᠭ ᠪᠠ ᠣᠷᠣᠨ ᠨᠤᠲᠤᠭ ᠤᠨ ᠡᠳ᠋ ᠤᠨ ᠵᠠᠰᠠᠭ ᠠᠴᠠ ᠨᠢᠭᠡᠨᠲᠡ ᠳᠠᠭᠠᠭᠠᠨ ᠭᠦᠢᠴᠡᠳᠬᠡᠬᠦ ᠪᠠᠩᠬᠢ ᠳᠤ ᠰᠠᠯᠭᠠᠨ | ᠥᠭᠭᠦᠭᠰᠡᠨ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠲᠦᠭᠰᠢᠭᠦᠷᠢ ᠶᠢᠨ ᠨᠥᠬᠦᠪᠦᠷᠢ | ᠮᠥᠩᠭᠦᠨ ᠤ ᠬᠡᠷᠡᠭᠯᠡᠵᠦ ᠪᠣᠯᠬᠤ ᠦᠯᠡᠳᠡᠭᠡᠯ ᠪᠡᠯᠡ ᠮᠥᠩᠭᠦ ᠠᠴᠠ ᠲᠥᠯᠥᠵᠦ ᠪᠣᠯᠣᠨ᠎ᠠ᠃ ᠬᠦᠷᠦᠯᠴᠡᠬᠦ ᠦᠭᠡᠢ ᠬᠡᠰᠡᠭ | ᠪᠤᠶᠤ ᠦᠯᠡᠳᠡᠭᠡᠯ ᠪᠡᠯᠡ ᠮᠥᠩᠭᠦ ᠪᠠᠶᠢᠬᠤ ᠦᠭᠡᠢ ᠮᠤᠵᠢ ᠣᠷᠣᠨ ᠤ ᠬᠡᠷᠡᠭᠰᠡᠬᠦ ᠪᠡᠯᠡ ᠮᠥᠩᠭᠦ ᠶᠢ ᠲᠥᠪ ᠤᠨ ᠡᠳ᠋ ᠤᠨ | ᠵᠠᠰᠠᠭ ᠪᠠ ᠣᠷᠣᠨ ᠨᠤᠲᠤᠭ ᠤᠨ ᠡᠳ᠋ ᠤᠨ ᠵᠠᠰᠠᠭ ᠲᠣᠰ ᠲᠣᠰ 2024 ᠣᠨ ᠤ ᠲᠥᠰᠥᠪ ᠲᠤ ᠪᠠᠨ | ᠲᠣᠬᠢᠷᠠᠭᠤᠯᠤᠨ᠎ᠠ᠃ | 6. 2024 ᠣᠨ ᠳᠤ ᠲᠥᠯᠥᠬᠦ ᠶᠣᠰᠣᠲᠠᠢ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ | ᠡᠬᠡ ᠮᠥᠩᠭᠦ ᠶᠢ ᠨᠢᠭᠡ ᠵᠢᠯ ᠬᠤᠶᠢᠰᠢᠯᠠᠭᠤᠯᠤᠨ ᠲᠥᠯᠥᠬᠦ ᠪᠠᠷ ᠭᠤᠶᠤᠴᠢᠯᠠᠵᠤ ᠪᠣᠯᠣᠨ᠎ᠠ᠂ ᠬᠡᠷᠬᠢᠨ ᠭᠦᠢᠴᠡᠳᠬᠡᠬᠦ ᠪᠤᠶ | ︖ | ᠬᠠᠷᠢᠭᠤᠯᠲᠠ᠄ ᠨᠢᠭᠡ ᠳᠤ ᠡᠬᠡ ᠮᠥᠩᠭᠦ ᠪᠤᠴᠠᠭᠠᠬᠤ ᠬᠤᠭᠤᠴᠠᠭ᠎ᠠ ᠪᠠᠨ ᠤᠷᠲᠤᠳᠬᠠᠭᠰᠠᠨ ᠵᠢᠭᠡᠯᠡᠯᠭᠡ | ᠵᠢᠭᠡᠯᠡᠭᠰᠡᠨ ᠰᠤᠷᠤᠭᠴᠢᠳ 2024 ᠣᠨ ᠳᠤ ᠵᠢᠭᠡᠯᠡᠯᠭᠡ ᠶᠢᠨ ᠡᠬᠡ ᠮᠥᠩᠭᠦ ᠪᠠᠨ ᠲᠦᠯᠦᠬᠦ ᠴᠢᠬᠤᠯᠠ ᠦᠭᠡᠢ | ᠪᠣᠯᠬᠤᠷ ᠵᠢᠭᠡᠯᠡᠯᠭᠡ ᠶᠢᠨ ᠡᠬᠡ ᠮᠥᠩᠭᠦ ᠪᠠᠨ ᠬᠤᠶᠢᠰᠢᠯᠠᠭᠤᠯᠤᠨ ᠲᠦᠯᠦᠬᠦ ᠪᠠᠷ ᠭᠤᠶᠤᠴᠢᠯᠠᠬᠤ ᠴᠢᠬᠤᠯᠠ ᠦᠭᠡᠢ᠃ | ᠬᠤᠶᠠᠷ ᠲᠤ᠂ ᠵᠢᠭᠡᠯᠡᠯᠭᠡ ᠶᠢᠨ ᠡᠬᠡ ᠮᠥᠩᠭᠦ ᠶᠢ ᠪᠤᠴᠠᠭᠠᠬᠤ ᠬᠤᠭᠤᠴᠠᠭᠠᠨ ᠳᠤ ᠪᠠᠶᠢᠭ᠎ᠠ ᠵᠢᠭᠡᠯᠡᠯᠭᠡ ᠵᠢᠭᠡᠯᠡᠭᠰᠡᠨ | ᠰᠤᠷᠤᠭᠴᠢᠳ ᠥᠪᠡᠷᠲᠡᠭᠡᠨ ᠭᠤᠶᠤᠴᠢᠯᠠᠬᠤ ᠶᠢᠨ ᠬᠠᠮᠲᠤ ᠳᠠᠭᠠᠭᠠᠨ ᠭᠦᠢᠴᠡᠳᠬᠡᠬᠦ ᠪᠠᠩᠬᠢ ᠶᠢᠨ ᠱᠠᠭᠠᠷᠳᠠᠯᠭ᠎ᠠ | ᠶᠣᠰᠣᠭᠠᠷ ᠬᠠᠮᠢᠶ᠎ᠠ ᠪᠦᠬᠦᠢ ᠭᠠᠷᠳᠠᠮ ᠢ ᠭᠦᠢᠴᠡᠳᠬᠡᠪᠡᠯ᠂ 2024 ᠣᠨ ᠤ ᠵᠢᠭᠡᠯᠡᠯᠭᠡ ᠶᠢᠨ ᠡᠬᠡ ᠮᠥᠩᠭᠦ ᠪᠠᠨ 1 | ᠵᠢᠯ ᠬᠤᠶ᠋ᠢᠰᠢᠯᠠᠭᠤᠯᠤᠨ ᠲᠥᠯᠥᠵᠦ ᠪᠣᠯᠣᠨ᠎ᠠ᠂ ᠬᠤᠭᠤᠴᠠᠭ᠎ᠠ ᠶᠢ ᠤᠷᠲᠤᠳᠬᠠᠭᠰᠠᠨ ᠵᠢᠭᠡᠯᠡᠯᠭᠡ ᠳᠤ ᠲᠣᠷᠭᠠᠭᠤᠯᠢ ᠶᠢᠨ | ᠬᠦᠦ ᠮᠥᠩᠭᠦ ᠪᠠ ᠳᠠᠪᠬᠤᠷ ᠬᠦᠦ ᠮᠥᠩᠭᠦ ᠪᠤᠳᠤᠬᠤ ᠦᠭᠡᠢ᠂ ᠬᠠᠮᠤᠭ ᠤᠨ ᠣᠷᠳᠣ ᠵᠢᠭᠡᠯᠡᠯᠭᠡ ᠶᠢᠨ | ᠬᠤᠭᠤᠴᠠᠭ᠎ᠠ ᠶᠢᠨ ᠲᠥᠷᠥ ᠶᠢᠨ ᠪᠣᠳᠣᠯᠭ᠎ᠠ ᠬᠤᠪᠢᠷᠠᠬᠤ ᠦᠭᠡᠢ᠃ ᠲᠤᠰ ᠬᠥᠮᠥᠨ ᠭᠤᠶᠤᠴᠢᠯᠠᠯ ᠳᠡᠪᠰᠢᠭᠦᠯᠦᠭᠰᠡᠨ | ᠦᠭᠡᠢ ᠪᠠᠶᠢᠪᠠᠯ᠂ ᠤᠤᠯ ᠤᠨ ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ ᠵᠢᠭᠡᠯᠡᠯᠭᠡ ᠶᠢᠨ ᠡᠬᠡ ᠮᠥᠩᠭᠦ ᠶᠢ | ᠪᠤᠴᠠᠭᠠᠨ᠎ᠠ ᠭᠡᠵᠦ ᠳᠤᠭᠤᠢ ᠮᠡᠳᠡᠷᠡᠨ᠎ᠡ᠃ | ᠭᠤᠷᠪᠠ ᠳᠤ᠂ ︽ᠮᠡᠳᠡᠭᠳᠡᠯ ︾ ᠢ ᠳᠠᠷᠤᠮᠠᠯᠯᠠᠨ ᠲᠠᠷᠬᠠᠭᠠᠬᠤ ᠠᠴᠠ ᠡᠮᠦᠨ᠎ᠡ᠂ ᠵᠢᠭᠡᠯᠡᠯᠭᠡ ᠵᠢᠭᠡᠯᠡᠭᠰᠡᠨ | ᠰᠤᠷᠤᠭᠴᠢᠳ ᠤᠨ ᠨᠢᠭᠡᠨᠲᠡ ᠨᠢᠭᠡ ᠬᠡᠰᠡᠭ ᠪᠤᠶᠤ ᠪᠦᠬᠦ ᠡᠬᠡ ᠮᠥᠩᠭᠦ ᠶᠢ ᠲᠦᠯᠦᠭᠰᠡᠨ ᠪᠠᠶᠢᠪᠠᠯ ᠬᠤᠶ᠋ᠢᠰᠢᠯᠠᠭᠤᠯᠤᠨ | ᠲᠥᠯᠥᠬᠦ ᠪᠠᠷ ᠳᠠᠭᠢᠵᠤ ᠭᠤᠶᠤᠴᠢᠯᠠᠵᠤ ᠪᠣᠯᠬᠤ ᠦᠭᠡᠢ᠃ ᠬᠠᠮᠢᠶ᠎ᠠ ᠪᠦᠬᠦᠢ ᠭᠤᠶᠤᠴᠢᠯᠠᠬᠤ ᠠᠷᠭ᠎ᠠ ᠵᠠᠮ ᠢ ᠡᠯ᠎ᠡ | ᠳᠠᠭᠠᠭᠠᠨ ᠭᠦᠢᠴᠡᠳᠬᠡᠬᠦ ᠪᠠᠩᠬᠢ ᠠᠴᠠ ᠬᠠᠷᠢᠭᠤᠴᠠᠨ ᠨᠡᠪᠲᠡᠷᠡᠭᠦᠯᠦᠨ᠎ᠡ᠂ ᠵᠢᠭᠡᠯᠡᠯᠭᠡ ᠵᠢᠭᠡᠯᠡᠭᠰᠡᠨ ᠰᠤᠷᠤᠭᠴᠢᠳ ᠴᠠᠭ | ᠲᠤᠬᠠᠢ ᠳᠤ ᠨᠢ ᠠᠩᠬᠠᠷᠤᠯ ᠳᠤ ᠪᠠᠨ ᠠᠪᠤᠭᠠᠷᠠᠢ᠃ | | |