ᠰᠢᠤᠸᠠᠢ ᠲᠢᠶᠠᠨ ᠰᠢᠶᠠᠩ ᠰᠤᠷᠭᠠᠭᠤᠯᠢ ᠡᠬᠢᠯᠡᠬᠦ ᠠᠩᠬᠠᠨ ᠤ ᠬᠢᠴᠢᠶᠡᠯ ᠢᠶᠠᠨ ᠰᠠᠶᠢᠲᠤᠷ ᠬᠢᠴᠢᠶᠡᠯᠯᠡᠵᠦ ᠨᠠᠰᠤᠨ ᠳᠤ ᠦᠯᠦ ᠬᠦᠷᠦᠭᠰᠡᠳ ᠤᠨ ︽ᠬᠠᠤᠯᠢᠵᠢᠯ ᠤᠨ ᠵᠠᠩᠭᠢᠯᠠᠭ᠎ᠠ︾ ᠶᠢ ᠰᠠᠶᠢᠲᠤᠷ ᠠᠳᠬᠤᠨ᠎ᠠ
ᠨᠡᠶᠢᠲᠡᠯᠡᠭᠰᠡᠨ ᠴᠠᠭ᠄
2024/3/16
   ︽ᠰᠤᠷᠤᠭᠴᠢᠳ ᠠ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠭᠡᠭᠴᠢ ᠶᠠᠭᠤ ᠪᠣᠯᠬᠤ ᠶᠢ ᠲᠠ ᠨᠠᠷ ᠮᠡᠳᠡᠨ᠎ᠡ ᠤᠤ︖ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠳᠤ ᠤᠴᠠᠷᠠᠪᠠᠯ ᠶᠠᠭᠠᠬᠢᠪᠠᠯ ᠲᠠᠭᠠᠷᠠᠬᠤ ᠪᠤᠢ︖︾ ᠣᠶᠢᠷ᠎ᠠ ᠳᠤ᠂ ᠰᠢᠤᠸᠠᠢ ᠲᠢᠶᠠᠨ ᠪᠠᠭ᠎ᠠ ᠰᠤᠷᠭᠠᠭᠤᠯᠢ ᠶᠢᠨ ᠰᠤᠷᠤᠭᠴᠢᠳ ᠬᠠᠤᠯᠢ ᠪᠠᠷ ᠵᠠᠰᠠᠬᠤ ᠬᠥᠮᠦᠵᠢᠯ ᠤᠨ ᠬᠢᠴᠢᠶᠡᠯ ᠢ ᠠᠮᠳᠠᠷᠬᠠᠨ ᠰᠣᠨᠣᠰᠴᠤ ᠪᠠᠶᠢᠨ᠎ᠠ᠃    ᠵᠠᠯᠠᠭᠤᠴᠤᠳ ᠪᠠᠭᠠᠴᠤᠳ ᠤᠨ ᠬᠠᠤᠯᠢᠵᠢᠯ ᠤᠨ ᠤᠬᠠᠭᠤᠯᠭ᠎ᠠ ᠬᠥᠮᠦᠵᠢᠯ ᠢ ᠴᠢᠨᠠᠭᠰᠢᠳᠠ ᠴᠢᠩᠭᠠᠳᠬᠠᠵᠤ᠂ ᠰᠤᠷᠭᠠᠭᠤᠯᠢ ᠡᠬᠢᠯᠡᠬᠦ ︽ᠬᠠᠤᠯᠢᠵᠢᠯ ᠤᠨ ᠠᠩᠬᠠᠨ ᠤ ᠬᠢᠴᠢᠶᠡᠯ︾ ᠢ ᠰᠠᠶᠢᠲᠤᠷ ᠶᠠᠷᠢᠵᠤ᠂ ᠰᠤᠷᠭᠠᠭᠤᠯᠢ ᠶᠢᠨ ᠬᠦᠷᠢᠶᠡᠨ ᠤ ᠬᠠᠤᠯᠢᠵᠢᠯ ᠤᠨ ᠰᠣᠶᠣᠯ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ᠂ ᠰᠢᠤᠸᠠᠢ ᠲᠢᠶᠠᠨ ᠰᠢᠶᠠᠩ ᠤᠨ ᠠᠮᠤᠷ ᠲᠦᠪᠰᠢᠨ ᠤ ᠠᠯᠪᠠᠨ ᠭᠡᠷ᠂ ᠬᠠᠤᠯᠢ ᠴᠠᠭᠠᠵᠠ ᠶᠢᠨ ᠭᠠᠵᠠᠷ᠂ ᠡᠪᠯᠡᠯ ᠤᠨ ᠬᠤᠷᠢᠶ᠎ᠠ᠂ ᠭᠠᠯ ᠤᠨᠲᠠᠷᠠᠭᠠᠬᠤ ᠦᠷᠳᠡᠭᠡ ᠬᠤᠯᠪᠤᠭᠠᠯᠠᠨ ᠰᠢᠤᠸᠠᠢ ᠲᠢᠶᠠᠨ ᠪᠠᠭ᠎ᠠ ᠰᠤᠷᠭᠠᠭᠤᠯᠢ ᠳᠤ ᠬᠦᠷᠴᠦ᠂ ᠬᠠᠤᠯᠢ ᠴᠠᠭᠠᠵᠠ ᠶᠢ ᠲᠦᠭᠡᠮᠡᠯᠵᠢᠭᠦᠯᠦᠨ ᠰᠤᠷᠭᠠᠭᠤᠯᠢ ᠶᠢᠨ ᠬᠦᠷᠢᠶᠡᠨ ᠳᠤ ᠣᠷᠣᠬᠤ ᠠᠵᠢᠯᠯᠠᠭ᠎ᠠ ᠶᠢ ᠥᠷᠨᠢᠭᠦᠯᠪᠡ᠃
   ᠬᠠᠤᠯᠢ ᠲᠦᠭᠡᠮᠡᠯᠵᠢᠭᠦᠯᠬᠦ ᠠᠭᠤᠯᠭ᠎ᠠ ᠨᠢ ᠨᠠᠰᠤᠨ ᠳᠤ ᠥᠯᠥ ᠬᠦᠷᠦᠭᠰᠡᠳ ᠤᠨ ᠬᠠᠤᠯᠢ ᠴᠠᠭᠠᠵᠠ ᠶᠢᠨ ᠦᠵᠡᠯ ᠤᠬᠠᠮᠰᠠᠷ ᠢ ᠴᠢᠩᠭᠠᠳᠬᠠᠬᠤ ᠪᠠᠷ ᠬᠠᠷᠠᠯᠲᠠ ᠪᠣᠯᠭᠠᠵᠤ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠰᠡᠷᠭᠡᠶᠢᠯᠡᠬᠦ ᠂ ᠭᠠᠵᠢᠭᠤ ᠨᠣᠮᠯᠠᠯ ᠢ ᠡᠰᠡᠷᠭᠦᠴᠡᠬᠦ ᠮᠡᠳᠡᠪᠡᠯ ᠵᠣᠬᠢᠬᠤ ᠤᠬᠠᠭᠤᠯᠤᠯ᠂ ᠬᠤᠣᠷ᠎ᠠ ᠴᠠᠭᠠᠵᠠᠯᠠᠬᠤ ᠮᠡᠳᠡᠯᠭᠡ ᠵᠡᠷᠭᠡ ᠭᠤᠷᠪᠠᠨ ᠲᠠᠯ᠎ᠠ ᠠᠴᠠ ᠡᠭᠦᠰᠴᠦ᠂ ᠬᠠᠤᠯᠢ ᠲᠣᠭᠲᠠᠭᠠᠯ ᠤᠨ ᠲᠠᠶᠢᠯᠤᠮᠵᠢ ᠬᠢᠬᠦ ᠪᠠ ᠶᠠᠷᠢᠯᠴᠠᠵᠤ ᠠᠰᠠᠭᠤᠯᠲᠠ ᠬᠠᠷᠢᠭᠤᠯᠬᠤ ᠬᠡᠯᠪᠡᠷᠢ ᠪᠠᠷ ᠳᠠᠮᠵᠢᠭᠤᠯᠤᠨ᠂ ᠳᠡᠷᠭᠡᠳᠡ ᠡᠭᠦᠰᠦᠭᠰᠡᠨ ᠦᠨᠡᠨ ᠪᠣᠳᠠᠲᠠᠢ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠬᠡᠷᠡᠭ ᠢᠶᠠᠷ ᠬᠠᠤᠯᠢ ᠴᠠᠭᠠᠵᠠ ᠶᠢ ᠲᠠᠶᠢᠯᠪᠤᠷᠢᠯᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠠᠤᠯᠢ︾᠂ ᠭᠠᠵᠢᠭᠤ ᠨᠣᠮᠯᠠᠯ ᠢ ᠡᠰᠡᠷᠭᠦᠴᠡᠬᠦ ᠮᠡᠳᠡᠪᠡᠯ ᠵᠣᠬᠢᠬᠤ ᠮᠡᠳᠡᠯᠭᠡ᠂ ᠬᠤᠣᠷ ᠴᠠᠭᠠᠵᠠᠯᠠᠬᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠳᠤ ᠲᠠᠶᠢᠯᠤᠮᠵᠢ ᠬᠢᠵᠦ᠂ ᠰᠤᠷᠤᠭᠴᠢᠳ ᠢ ᠬᠥᠲᠥᠯᠥᠨ ᠵᠢᠯᠤᠭᠤᠳᠴᠤ ᠪᠠᠶᠢᠭᠠᠳ ᠬᠠᠤᠯᠢ ᠴᠠᠭᠠᠵᠠ ᠬᠠᠤᠯᠢ ᠲᠣᠭᠲᠠᠭᠠᠯ ᠪᠠ ᠬᠠᠮᠢᠶ᠎ᠠ ᠪᠦᠬᠦᠢ ᠮᠡᠳᠡᠯᠭᠡ ᠶᠢ ᠰᠤᠷᠤᠯᠴᠠᠭᠤᠯᠤᠨ ᠣᠶᠢᠯᠠᠭᠠᠭᠤᠯᠵᠤ᠂ ᠬᠠᠤᠯᠢ ᠴᠠᠭᠠᠵᠠ ᠶᠢᠨ ᠵᠡᠪᠰᠡᠭ ᠢᠶᠠᠷ ᠲᠣᠰ ᠪᠡᠶ᠎ᠡ ᠶᠢᠨ ᠡᠷᠬᠡ ᠠᠰᠢᠭ ᠢᠶᠠᠨ ᠬᠠᠮᠠᠭᠠᠯᠠᠬᠤ ᠶᠢ ᠰᠤᠷᠭᠠᠨ᠎ᠠ᠃ ᠡᠭᠦᠨ ᠤ ᠵᠡᠷᠭᠡ ᠳᠤ᠂ ︽ᠪᠠᠭ᠎ᠠ ᠭᠠᠷ ᠢᠶᠠᠷ ᠲᠣᠮᠣ ᠭᠠᠷ ᠢ ᠬᠥᠲᠥᠯᠬᠦ︾ ᠪᠠᠷ ᠳᠠᠮᠵᠢᠭᠤᠯᠤᠨ᠂ ᠭᠡᠷ ᠤᠨ ᠠᠬᠠᠮᠠᠳ ᠤᠨ ᠬᠠᠤᠯᠢ ᠪᠠᠷ ᠵᠠᠰᠠᠬᠤ ᠤᠬᠠᠮᠰᠠᠷ ᠪᠠ ᠬᠠᠤᠯᠢ ᠲᠤᠭᠳᠠᠭᠠᠯ ᠢ ᠵᠢᠷᠤᠮᠯᠠᠨ ᠰᠠᠬᠢᠬᠤ ᠤᠬᠠᠮᠰᠠᠷᠲᠤ ᠴᠢᠨᠠᠷ ᠢ ᠳᠠᠶᠢᠴᠢᠯᠠᠨ ᠳᠡᠭᠡᠭᠰᠢᠯᠡᠭᠦᠯᠦᠨ᠎ᠡ᠃
   ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ ︽ᠬᠠᠤᠯᠢ ᠪᠠᠷ ᠵᠠᠰᠠᠬᠤ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ᠤᠩᠰᠢᠬᠤ ᠪᠢᠴᠢᠭ ᠪᠠ ᠬᠠᠮᠢᠶ᠎ᠠ ᠪᠦᠬᠦᠢ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠲᠡ 200 ᠭᠠᠷᠤᠢ ᠬᠤᠪᠢ ᠲᠠᠷᠬᠠᠭᠠᠪᠠ᠃ ᠳᠠᠷᠠᠭᠠᠴᠢ ᠶᠢᠨ ᠠᠯᠬᠤᠮ ᠳᠤ᠂ ᠰᠢᠤᠸᠠᠢ ᠲᠢᠶᠠᠨ ᠰᠢᠶᠠᠩ ︽ᠬᠠᠤᠯᠢᠵᠢᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ᠰᠢᠷᠢᠰ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠢ ᠠᠬᠢᠭᠤᠯᠵᠤ᠂ ᠰᠤᠷᠭᠠᠭᠤᠯᠢ ᠶᠢᠨ ᠬᠦᠷᠢᠶᠡᠨ ᠤ ᠬᠠᠤᠯᠢᠵᠢᠯ ᠤᠨ ᠤᠬᠠᠭᠤᠯᠭ᠎ᠠ ᠶᠢᠨ ᠠᠵᠢᠯ ᠤᠨ ᠡᠷᠴᠢᠮ ᠢ ᠴᠢᠩᠭᠠᠷᠠᠭᠤᠯᠵᠤ᠂ ᠰᠤᠷᠤᠭᠴᠢᠳ ᠢ ᠬᠠᠪᠰᠤᠷᠤᠨ ᠬᠠᠤᠯᠢᠵᠢᠯ ᠤᠨ ᠤᠬᠠᠮᠰᠠᠷ ᠢ ᠪᠤᠢ ᠪᠣᠯᠭᠠᠵᠤ᠂ ᠬᠠᠤᠯᠢᠵᠢᠯ ᠤᠨ ᠦᠵᠡᠯᠲᠡ ᠪᠣᠯᠣᠨ ᠥᠪᠡᠷ ᠢ ᠪᠠᠨ ᠬᠠᠮᠠᠭᠠᠯᠠᠬᠤ ᠤᠬᠠᠮᠰᠠᠷ ᠢ ᠨᠢ ᠴᠢᠩᠭᠠᠳᠬᠠᠵᠤ᠂ ᠰᠤᠷᠤᠭᠴᠢᠳ ᠢ ᠬᠥᠲᠥᠯᠥᠨ ᠵᠢᠯᠤᠭᠤᠳᠴᠤ ᠪᠠᠶᠢᠭᠠᠳ ᠤᠬᠠᠮᠰᠠᠷ ᠠᠴᠠ ᠪᠠᠨ ᠬᠠᠤᠯᠢ ᠶᠢ ᠰᠠᠬᠢᠬᠤ ᠰᠠᠶᠢᠨ ᠰᠠᠶᠢᠬᠠᠨ ᠳᠠᠳᠬᠠᠯ ᠲᠠᠢ ᠪᠣᠯᠭᠠᠵᠤ᠂ ᠬᠠᠤᠯᠢᠵᠢᠯ ᠤᠨ ᠨᠡᠷᠡᠨ ᠤ ᠭᠡᠷᠡᠯ ᠢᠶᠠᠷ ᠵᠠᠯᠠᠭᠤᠴᠤᠳ ᠪᠠᠭᠠᠴᠤᠳ ᠤᠨ ᠦᠰᠦᠨ ᠪᠣᠶᠢᠵᠢᠬᠤ ᠵᠠᠮ ᠢ ᠭᠡᠶᠢᠭᠦᠯᠦᠨ᠎ᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号