ᠰᠦᠬᠡ ᠲᠦᠴᠢᠦᠸᠠᠨ ᠰᠢᠶᠠᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/3/18
  3 ᠳ᠋ᠤᠭᠠᠷ ᠰᠠᠷ᠎ᠠ ᠶᠢᠨ 17 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦ᠋ ᠾᠧ ᠲᠦᠴᠢᠦᠸᠠᠨ ᠰᠢᠶᠠᠨ ᠳᠤ ᠭᠦᠨᠵᠡᠭᠡᠶᠢᠷᠡᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠪᠠᠶᠢᠴᠠᠭᠠᠨ ᠰᠤᠳᠤᠯᠵᠤ᠂ ᠠᠶᠤᠯ ᠥᠬᠡᠶ ᠦᠶᠯᠡᠳᠪᠦᠷᠢᠯᠡᠯ᠂ ᠣᠶ ᠰᠢᠭᠤᠶ ᠨᠤᠲᠤᠭ ᠪᠡᠯᠴᠢᠭᠡᠷ ᠤᠨ ᠲᠦᠶᠮᠡᠷ ᠢ ᠰᠡᠷᠭᠡᠶᠢᠯᠡᠬᠦ ᠠᠵᠢᠯ ᠢ ᠪᠠᠶᠢᠴᠠᠭᠠᠵᠤ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦᠷᠬᠡᠭᠵᠢᠯ ᠢ ᠵᠠᠰᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠣᠶ ᠰᠢᠭᠤᠶ ᠶᠢ ᠲᠣᠭᠤᠷᠢᠨ ᠪᠠᠶᠢᠴᠠᠭᠠᠬᠤ ᠠᠵᠢᠯ ᠥᠷᠨᠢᠭᠦᠯᠪᠡ  ᠃    ᠰᠦᠬᠡ ᠨᠡᠷ ᠤᠷᠢᠳ ᠬᠤᠵᠢᠳ ᠲᠦᠴᠢᠦᠸᠠᠨ ᠰᠢᠶᠠᠨ ᠤ ᠴᠦᠨ ᠯᠸᠢ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠺᠣᠮᠫᠠᠨᠢ᠂ ᠶᠠᠨ ᠯᠢᠶᠠᠩ ᠤᠨ ᠲᠠᠷᠢᠶᠠᠯᠠᠩ ᠤᠨ ᠮᠠᠰᠢᠨᠴᠢᠯᠠᠭᠰᠠᠨ ᠲᠠᠷᠢᠮᠠᠯ ᠤᠨ ᠲᠤᠰᠬᠠᠢ ᠬᠤᠷᠰᠢᠶ᠎ᠠ ᠵᠡᠷᠭᠡ ᠭᠠᠵᠠᠷ ᠢᠶᠠᠷ ᠬᠦᠷᠴᠦ᠂ ᠬᠠᠪᠤᠷ ᠤᠨ ᠲᠠᠷᠢᠶᠠᠯᠠᠭ᠎ᠠ ᠶᠢᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠨᠥᠭᠡᠴᠡᠯᠡᠯᠲᠡ ᠪᠣᠯᠤᠨ ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ ᠢ ᠨᠠᠷᠢᠨ ᠣᠶᠢᠯᠠᠭᠠᠪᠠ  ᠃ ᠰᠦᠬᠡ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠱᠠᠯᠠᠪᠳᠠᠨ ᠰᠠᠶᠢᠲᠤᠷ ᠠᠳᠬᠤᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠨᠥᠭᠡᠴᠡᠯᠡᠬᠦ ᠪᠠ ᠲᠠᠷᠢᠶᠠᠯᠠᠩ ᠤᠨ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡ ᠶᠢ ᠵᠣᠬᠢᠶᠠᠨ ᠪᠠᠶᠢᠭᠤᠯᠵᠤ ᠳᠡᠯᠭᠡᠷᠡᠭᠦᠯᠬᠦ ᠠᠵᠢᠯ ᠢ ᠰᠠᠶᠢᠲᠤᠷ ᠬᠢᠵᠦ᠂ ᠡᠯ᠎ᠡ ᠲᠦᠷᠦᠯ ᠤᠨ ᠲᠠᠷᠢᠶᠠᠯᠠᠩ  ᠤᠨ ᠬᠢᠷᠢ ᠬᠡᠮ ᠳᠤ ᠰᠠᠶᠢᠨ ᠦᠨ᠎ᠡ ᠬᠠᠩᠰᠢ ᠲᠣᠭᠲᠠᠭᠤᠨ᠂ ᠲᠠᠷᠢᠶᠠᠯᠠᠩ ᠤᠨ ᠦᠢᠯᠡᠳᠪᠦᠷᠢᠯᠡᠯ ᠤᠨ ᠦᠢᠯᠡᠴᠢᠯᠡᠭᠡᠨ  ᠤ ᠰᠢᠰᠲ᠋ᠧᠮ ᠥᠨᠳᠥᠷ ᠪᠦᠲᠦᠮᠵᠢᠲᠡᠢ ᠪᠠᠶᠢᠬᠤ ᠶᠢ ᠪᠠᠲᠤᠯᠠᠵᠤ᠂ ᠠᠮᠤ ᠪᠤᠳᠠᠭᠠᠨ ᠤ ᠦᠢᠯᠡᠳᠪᠦᠷᠢᠯᠡᠯ ᠤᠨ ᠦᠷ᠎ᠡ ᠠᠰᠢᠭ ᠪᠠ ᠦᠷᠢᠰᠦᠯᠳᠦᠬᠦ ᠬᠦᠴᠦᠨ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠠᠵᠢᠯ ᠢ ᠰᠠᠶᠢᠲᠤᠷ ᠬᠢᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠪᠠ ᠰᠠᠯᠬᠢᠨ ᠴᠠᠬᠢᠯᠭᠠᠨ ᠭᠡᠷᠡᠯ ᠸᠣᠯᠲ ᠢ ᠨᠢᠭᠡ ᠴᠣᠭᠴᠠᠵᠢᠭᠤᠯᠬᠤ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠬᠤᠷᠴᠢᠨ ᠤ ᠡᠯᠡᠰᠦᠷᠬᠡᠭ ᠭᠠᠵᠠᠷ ᠢ ᠤᠰᠠᠳᠬᠠᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ ᠢᠯᠠᠯᠲᠠ ᠣᠯᠬᠤ ᠬᠡᠷᠡᠭᠲᠡᠶ  ᠃《 ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ 》ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂《 ᠭᠤᠷᠪᠠ ᠶᠢ ᠬᠠᠮᠢᠶᠠᠷᠬᠤ ᠭᠤᠷᠪᠠᠨ ᠡᠷᠬᠡᠪᠰᠢ 》 ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠵᠦᠢᠯ ᠤᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠬᠡ ᠶᠢᠨ ᠠᠮᠤᠷ ᠲᠦᠪᠰᠢᠨ ᠢ ᠦᠨᠡᠨ ᠬᠦ ᠰᠠᠶᠢᠲᠤᠷ ᠬᠠᠮᠠᠭᠠᠯᠠᠬᠤ ᠬᠡᠷᠡᠭᠲᠡᠢ  ᠃ ᠤᠢ ᠰᠢᠭᠤᠢ ᠨᠤᠲᠤᠭ ᠪᠡᠯᠴᠢᠭᠡᠷ ᠣᠨ ᠡᠬᠢ ᠪᠠᠶᠠᠯᠢᠭ ᠢ ᠰᠠᠶᠢᠲᠤᠷ ᠬᠠᠮᠠᠭᠠᠯᠠᠵᠤ᠂ ᠭᠠᠯ ᠰᠡᠷᠭᠡᠶᠢᠯᠡᠬᠦ ᠤᠬᠠᠭᠤᠯᠭ᠎ᠠ ᠬᠥᠮᠦᠵᠢᠯ ᠢ ᠴᠢᠩᠭᠠᠷᠠᠭᠤᠯᠤᠨ᠂ ᠭᠤᠣᠯᠳᠠᠯᠭ᠎ᠠ ᠲᠠᠢ ᠣᠷᠣᠨ ᠪᠦᠰᠡ᠂ ᠵᠠᠩᠭᠢᠯᠠᠭ᠎ᠠ ᠶᠢᠨ ᠴᠠᠭ ᠬᠤᠭᠤᠴᠠᠭᠠᠨ ᠤ ᠲᠣᠭᠤᠷᠢᠨ ᠪᠠᠶᠢᠴᠠᠭᠠᠬᠤ ᠪᠠ ᠬᠢᠨᠠᠨ ᠬᠡᠮᠵᠢᠵᠦ ᠰᠡᠷᠡᠮᠵᠢᠯᠡᠭᠦᠯᠬᠦ ᠠᠵᠢᠯ ᠢ ᠰᠠᠶᠢᠲᠤᠷ ᠬᠢᠵᠦ᠂ ᠭᠠᠯ ᠣᠨ ᠠᠶᠤᠯ ᠣᠨ ᠲᠠᠯᠳᠠ ᠭᠡᠮ ᠢ ᠴᠠᠭ ᠲᠤᠬᠠᠢ ᠲᠤᠨᠢ ᠣᠯᠵᠤ ᠮᠡᠳᠡᠨ ᠠᠷᠢᠯᠭᠠᠬᠤ ᠬᠡᠷᠡᠭᠲᠡᠢ  ᠃    ᠠᠶᠢᠮᠠᠭ ᠰᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ  ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号