ᠲᠠᠩᠰᠤᠭ ᠰᠠᠶᠢᠬᠠᠨ ᠰᠤᠷᠤᠯᠭ᠎ᠠ ᠡᠬᠢᠯᠡᠬᠦ ᠤᠯᠠᠷᠢᠯ ᠰᠢᠨ᠎ᠡ ᠰᠤᠷᠤᠯᠭ᠎ᠠ ᠶᠢᠨ ᠬᠤᠭᠤᠴᠠᠭ᠎ᠠ ᠶᠢ ᠭᠡᠷᠡᠯᠲᠦᠭᠦᠯᠦᠨ᠎ᠡ
ᠨᠡᠶᠢᠲᠡᠯᠡᠭᠰᠡᠨ ᠴᠠᠭ᠄
2024/3/2
   ᠪᠠᠰᠠ ᠨᠢᠭᠡ ᠵᠢᠯ ᠤᠨ ᠰᠤᠷᠤᠯᠭ᠎ᠠ ᠡᠬᠢᠯᠡᠬᠦ ᠤᠯᠠᠷᠢᠯ ᠪᠣᠯᠣᠯ᠎ᠠ᠂ 3 ᠰᠠᠷ᠎ᠠ ᠶᠢᠨ 1 ᠤ ᠡᠳᠦᠷ᠂ ᠲᠦᠴᠢᠦᠸᠠᠨ ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠪᠠᠶᠠᠷ ᠬᠥᠷ ᠲᠠᠢ ᠡᠪᠦᠯ ᠤᠨ ᠠᠮᠠᠷᠠᠯᠲᠠ ᠪᠠᠨ ᠲᠡᠭᠦᠰᠬᠡᠵᠦ᠂ ᠰᠢᠨ᠎ᠡ ᠰᠤᠷᠤᠯᠭ᠎ᠠ ᠶᠢᠨ ᠬᠤᠭᠤᠴᠠᠭ᠎ᠠ ᠪᠠᠨ ᠤᠭᠲᠤᠨ ᠠᠪᠴᠢᠷᠠᠯ᠎ᠠ᠃ ᠨᠠᠮ ᠰᠡᠯᠡᠭᠦᠨ ᠰᠤᠷᠭᠠᠭᠤᠯᠢ ᠶᠢᠨ ᠬᠦᠷᠢᠶ᠎ᠡ ᠳᠠᠬᠢᠨᠲᠠ ᠠᠮᠢᠵᠢᠷᠠᠯ ᠤᠨ ᠬᠦᠴᠦᠨ ᠢᠶᠠᠷ  ᠪᠢᠯᠬᠠᠵᠦ᠂ ᠪᠦᠬᠦ ᠰᠢᠶᠠᠨ ᠤ 34 ᠳᠤᠮᠳᠠᠳᠤ ᠪᠠᠭ᠎ᠠ ᠰᠤᠷᠭᠠᠭᠤᠯᠢ ᠶᠢᠨ 27000 ᠭᠠᠷᠤᠢ ᠰᠤᠷᠤᠭᠴᠢ ᠴᠣ᠋ ᠰᠢᠨ᠎ᠡ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠰᠤᠷᠭᠠᠭᠤᠯᠢ ᠶᠢᠨ ᠬᠦᠷᠢᠶᠡᠨ ᠳᠤ ᠣᠷᠣᠵᠤ᠂ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠰᠤᠷᠤᠯᠴᠠᠯᠭ᠎ᠠ ᠶᠢᠨ ᠠᠮᠢᠳᠤᠷᠠᠯ ᠢᠶᠠᠨ ᠡᠬᠢᠯᠡᠭᠦᠯᠵᠡᠢ᠃
   ᠥᠷᠯᠥᠭᠡ ᠶᠢᠨ ᠨᠡᠷᠡᠨ ᠤ ᠭᠡᠷᠡᠯ ᠳᠤ ᠡᠪᠦᠯ ᠤᠨ ᠠᠮᠠᠷᠠᠯᠲᠠ ᠶᠢᠨ ᠬᠤᠭᠤᠴᠠᠭᠠᠨ ᠳᠤ ᠨᠠᠮ ᠵᠢᠮ ᠪᠠᠶᠢᠭᠰᠠᠨ ᠰᠤᠷᠭᠠᠭᠤᠯᠢ ᠶᠢᠨ ᠬᠦᠷᠢᠶ᠎ᠡ ᠬᠦᠰᠡᠭᠡᠳ ᠤᠳᠠᠭᠰᠠᠨ ᠪᠠᠭᠰᠢ ᠰᠤᠷᠤᠭᠴᠢᠳ ᠢ ᠤᠭᠲᠤᠨ ᠠᠪᠴᠢᠷᠠᠯ᠎ᠠ᠃ ᠲᠦᠴᠢᠦᠸᠠᠨ ᠰᠢᠶᠠᠨ ᠤ ᠭᠦᠩ ᠨᠦᠩ ᠪᠠᠭ᠎ᠠ ᠰᠤᠷᠭᠠᠭᠤᠯᠢ ᠶᠢᠨ ᠪᠠᠭᠰᠢ ᠨᠠᠷ ᠰᠤᠷᠭᠠᠭᠤᠯᠢ ᠶᠢᠨ ᠡᠭᠦᠳᠡᠨ ᠳᠤ ᠰᠤᠷᠤᠭᠴᠢᠳ ᠤᠨ ᠬᠦᠷᠴᠦ ᠢᠷᠡᠬᠦ ᠶᠢ ᠤᠭᠲᠤᠵᠤ᠂ ᠬᠡᠦᠬᠡᠳ ᠤᠳ ᠪᠢᠴᠢᠭ ᠤᠨ ᠪᠣᠭᠴᠣ ᠪᠠᠨ ᠡᠭᠦᠷᠴᠦ᠂ ᠠᠪᠤ ᠡᠵᠢ ᠲᠠᠢ ᠪᠠᠨ ᠰᠠᠯᠬᠤ ᠶᠣᠰᠣ ᠬᠢᠭᠡᠳ ᠬᠠᠮᠲᠤ ᠰᠤᠷᠤᠭᠴᠢᠳ ᠲᠠᠢ ᠪᠠᠨ ᠲᠡᠷᠢ ᠲᠡᠭᠰᠢ ᠮᠥᠷᠯᠡᠨ ᠰᠤᠷᠭᠠᠭᠤᠯᠢ ᠶᠢᠨ ᠬᠦᠷᠢᠶᠡᠨ ᠳᠤ ᠣᠷᠣᠵᠠᠭᠠᠪᠠ᠃
   ︽ᠰᠤᠷᠭᠠᠭᠤᠯᠢ ᠡᠬᠢᠯᠡᠬᠦ ᠡᠳᠦᠷ ᠢ ᠤᠭᠲᠤᠬᠤ ᠶᠢᠨ ᠲᠥᠯᠥᠭᠡ᠂ ᠡᠵᠢ ᠲᠠᠢ ᠪᠠᠨ ᠬᠠᠮᠲᠤ ᠪᠢᠴᠢᠭ ᠤᠨ ᠪᠣᠭᠴᠣ ᠪᠠᠨ ᠲᠢᠭᠯᠡᠭᠡᠳ ᠰᠤᠷᠭᠠᠭᠤᠯᠢ ᠡᠬᠢᠯᠡᠬᠦ ᠶᠢ ᠬᠦᠯᠢᠶᠡᠵᠦ ᠪᠠᠶᠢᠪᠠ︾ ᠭᠡᠵᠦ ᠲᠦᠴᠢᠦᠸᠠᠨ ᠰᠢᠶᠠᠨ ᠤ ᠭᠦᠩ ᠨᠦᠩ ᠪᠠᠭ᠎ᠠ ᠰᠤᠷᠭᠠᠭᠤᠯᠢ ᠶᠢᠨ ᠳᠥᠷᠪᠡᠳᠦᠭᠡᠷ ᠣᠨ ᠤ ᠲᠠᠪᠤᠳᠤᠭᠠᠷ ᠠᠩᠭᠢ ᠶᠢᠨ ᠰᠤᠷᠤᠭᠴᠢ ᠹᠦ᠋ ᠢᠦᠢ ᠴᠢ ᠰᠠᠯᠠᠵᠦ ᠤᠳᠠᠭᠰᠠᠨ ᠰᠤᠷᠭᠠᠭᠤᠯᠢ ᠶᠢᠨ ᠬᠦᠷᠢᠶᠡᠨ ᠳᠤ ᠪᠠᠶᠠᠷ ᠬᠦᠷ ᠲᠠᠢ ᠠᠯᠬᠤᠨ ᠣᠷᠣᠪᠠ᠃
   ᠰᠠᠭᠤᠳᠠᠯ ᠲᠤᠬᠢᠷᠠᠭᠤᠯᠬᠤ᠂ ᠠᠩᠭᠢ ᠶᠢᠨ ᠬᠤᠷᠠᠯ ᠬᠢᠬᠦ᠂ ᠰᠢᠨ᠎ᠡ ᠨᠣᠮ ᠲᠠᠷᠬᠠᠭᠠᠬᠤ᠂ ᠲᠦᠷᠪᠡᠳᠦᠭᠡᠷ ᠤᠨ ᠤ ᠲᠠᠪᠤᠳᠤᠭᠠᠷ ᠠᠩᠭᠢ ᠶᠢᠨ ᠰᠤᠷᠤᠭᠴᠢ ᠴᠦ ᠶᠠᠨ ᠢᠤᠢ ᠰᠢᠨ᠎ᠡ ᠬᠢᠴᠢᠶᠡᠯ ᠤᠨ ᠳᠡᠪᠲᠡᠷ ᠪᠠᠨ ᠤᠯᠤᠮᠠᠭᠴᠠ ᠥᠪᠡᠷ ᠤᠨ ᠨᠡᠷ᠎ᠡ ᠪᠠᠨ ᠨᠣᠮ ᠤᠨ ᠬᠠᠭᠤᠳᠠᠰᠤᠨ ᠳᠤ ᠪᠢᠴᠢᠨ᠎ᠡ᠃
   ︽ᠪᠢ ᠥᠪᠡᠷ ᠤᠨ ᠬᠠᠮᠲᠤ ᠰᠤᠷᠤᠭᠴᠢ᠂ ᠪᠠᠭᠰᠢ᠂ ᠪᠠᠰᠠ ᠪᠢᠴᠢᠭ ᠤᠨ ᠰᠢᠷᠡᠭᠡ ᠪᠠᠨ ᠰᠠᠨᠠᠨ᠎ᠠ᠂ ᠪᠢ ᠥᠪᠡᠷ ᠤᠨ ᠰᠢᠨ᠎ᠡ ᠬᠢᠴᠢᠶᠡᠯ ᠤᠨ ᠳᠡᠪᠲᠡᠷ ᠢᠶᠠᠨ ᠬᠠᠮᠤᠭ ᠠᠴᠠ ᠢᠯᠡᠭᠦᠦ ᠬᠠᠶᠢᠷᠠᠯᠠᠳᠠᠭ︾ ᠭᠡᠵᠦ ᠴᠣ᠋ ᠰᠢᠨ᠎ᠡ ᠬᠢᠴᠢᠶᠡᠯ ᠤᠨ ᠳᠡᠪᠲᠡᠷ ᠶᠢ ᠦᠵᠡᠭᠡᠳ ᠴᠦ ᠶᠠᠨ ᠢᠤᠢ ᠲᠠᠯᠪᠢᠬᠤ ᠳᠤᠷ᠎ᠠ ᠦᠭᠡᠢ ᠪᠣᠯᠪᠠ᠃
   ᠪᠠᠭ᠎ᠠ ᠰᠤᠷᠭᠠᠭᠤᠯᠢ ᠶᠢᠨ ᠬᠡᠦᠬᠡᠳ ᠤᠳ ᠰᠢᠨ᠎ᠡ ᠨᠣᠮ ᠲᠠᠷᠬᠠᠭᠠᠭᠰᠠᠨ ᠪᠠᠶᠠᠷ ᠪᠠᠶᠠᠰᠤᠯ ᠳᠤ ᠰᠤᠭᠳᠤᠭᠤᠷᠠᠵᠤ ᠪᠠᠶᠢᠬᠤ ᠳᠤ᠂ ᠲᠦᠴᠢᠦᠸᠠᠨ ᠰᠢᠶᠠᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠬᠡᠦᠬᠡᠳ ᠤᠳ ᠴᠦ ᠨᠢᠭᠡᠨ ᠤᠳᠠᠭᠠᠨ ᠤ ᠣᠨᠴᠠᠭᠠᠢ ︽ᠭᠠᠯ ᠤᠨᠲᠠᠷᠠᠭᠠᠬᠤ ᠲᠠᠮᠢᠷ ᠤᠨ ᠬᠦᠳᠡᠯᠭᠡᠭᠡᠨ︾ ᠢ ᠪᠠᠶᠠᠷ ᠬᠦᠷ ᠲᠠᠢ ᠪᠠᠷ ᠪᠡᠶᠡᠴᠢᠯᠡᠨ ᠣᠶᠢᠯᠠᠭᠠᠵᠤ ᠪᠠᠶᠢᠯ᠎ᠠ᠃ ᠤᠰᠤᠨ ᠪᠦᠰᠡ ᠶᠢᠨ ᠪᠤᠴᠠᠯᠲᠠ ᠭᠦᠶᠦᠯᠲᠡ᠂ ᠭᠠᠯ ᠤᠨᠲᠠᠷᠠᠭᠠᠭᠤᠷ ᠤᠨ ᠪᠤᠤᠬᠢᠶ᠎ᠠ ᠭᠦᠶᠦᠯᠲᠡ᠁  ᠬᠦᠭᠡᠷᠦᠯᠳᠦᠨ ᠨᠠᠶᠢᠷᠠᠯᠳᠤᠬᠤ ᠲᠤᠮᠳᠠ᠂ ᠭᠠᠯ ᠤᠨᠲᠠᠷᠠᠭᠠᠬᠤ ᠵᠢᠯᠣᠭᠤᠳᠤᠭᠴᠢ ᠪᠠᠶᠢᠯᠳᠤᠭᠴᠢᠳ ᠪᠡᠶ᠎ᠡ ᠶᠢᠨ ᠲᠠᠮᠢᠷ ᠤᠨ ᠪᠠᠭᠰᠢ ᠪᠤᠯᠤᠨ ᠬᠤᠪᠢᠷᠠᠵᠦ᠂ ᠭᠠᠯ ᠤᠨᠲᠠᠷᠠᠭᠠᠬᠤ ᠪᠠ ᠠᠪᠤᠷᠠᠨ ᠲᠤᠰᠠᠯᠠᠬᠤ ᠤᠷ᠎ᠠ ᠮᠡᠷᠭᠡᠵᠢᠯ ᠢ ᠤᠷᠤᠯᠳᠤᠭᠠᠨ ᠤ ᠲᠦᠷᠦᠯ ᠵᠦᠢᠯ ᠳᠤ ᠠᠭᠤᠰᠬᠠᠵᠤ᠂ ᠣᠷᠣᠯᠴᠠᠭᠰᠠᠨ ᠰᠤᠷᠤᠭᠴᠢᠳ ᠲᠤ ᠰᠣᠨᠢᠷᠬᠠᠯᠲᠠᠢ ᠠᠵᠢᠯᠯᠠᠭ᠎ᠠ ᠳᠤᠮᠳᠠ ᠭᠠᠯ ᠤᠨᠲᠠᠷᠠᠭᠠᠬᠤ ᠮᠡᠳᠡᠯᠭᠡ ᠰᠤᠷᠤᠯᠴᠠᠭᠤᠯᠵᠤ᠂ ᠣᠨᠳᠣᠣ ᠶᠠᠩᠵᠤ ᠶᠢᠨ ᠰᠤᠷᠤᠯᠴᠠᠯᠭ᠎ᠠ ᠶᠢᠨ ᠣᠶᠢᠯᠠᠭᠠᠯᠲᠠ ᠶᠢ ᠠᠪᠴᠢᠷᠠᠪᠠ᠃
   ︽ᠰᠤᠷᠭᠠᠭᠤᠯᠢ ᠡᠬᠢᠯᠡᠭᠰᠡᠨ ᠠᠩᠬᠠᠨ ᠤ ᠡᠳᠦᠷ ᠳᠤ ᠪᠢᠳᠡ ᠭᠠᠯ ᠤᠨᠲᠠᠷᠠᠭᠠᠬᠤ ᠬᠢᠴᠢᠶᠡᠯ ᠣᠷᠣᠵᠤ᠂ ᠭᠠᠯ ᠤᠨᠲᠠᠷᠠᠭᠠᠬᠤ ᠲᠣᠭᠯᠠᠭᠠᠮ ᠤᠨ ᠤᠰᠤᠨ ᠤᠭᠤᠲᠠ ᠳᠡᠭᠦᠵᠢᠯᠡᠬᠦ ᠶᠠᠪᠤᠴᠠ ᠳᠤ ᠤᠰᠤᠨ ᠤᠭᠤᠲᠠ ᠮᠠᠰᠢ ᠬᠦᠨᠳᠦ ᠪᠠᠶᠢᠵᠦ᠂ ᠭᠠᠯ ᠤᠨᠲᠠᠷᠠᠭᠠᠬᠤ ᠭᠡᠰᠢᠭᠦᠳ ᠤᠨ ᠡᠩ ᠤᠨ ᠦᠶ᠎ᠡ ᠶᠢᠨ ᠶᠠᠳᠠᠷᠠᠯ ᠵᠦᠳᠡᠷᠡᠯ ᠢ ᠪᠡᠶ᠎ᠡ ᠪᠠᠷ ᠢᠶᠠᠨ ᠥᠩᠭᠡᠷᠡᠭᠦᠯᠦᠭᠰᠡᠨ ᠶᠤᠮ᠂ ᠡᠭᠦᠨ ᠠᠴᠠ ᠬᠤᠶᠢᠰᠢ ᠪᠢ ᠭᠠᠯ ᠤᠨᠲᠠᠷᠠᠭᠠᠬᠤ ᠠᠮᠤᠷ ᠲᠦᠪᠰᠢᠨ ᠤ ᠲᠤᠬᠠᠢ ᠥᠪᠡᠷ ᠤᠨ ᠤᠬᠠᠮᠰᠠᠷ ᠢᠶᠠᠨ ᠤᠯᠠᠮ ᠢᠯᠡᠭᠦᠦ ᠳᠡᠭᠡᠭᠰᠢᠯᠡᠭᠦᠯᠦᠨ᠎ᠡ︾ ᠭᠡᠵᠦ ᠲᠦᠴᠢᠦᠸᠠᠨ ᠰᠢᠶᠠᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠥᠨᠳᠥᠷ ᠳᠤᠮᠳᠠᠳᠤ ᠶᠢᠨ ᠨᠢᠭᠡᠳᠦᠭᠡᠷ ᠣᠨ ᠤ ᠨᠢᠭᠡᠳᠦᠭᠡᠷ ᠠᠩᠭᠢ ᠶᠢᠨ ᠰᠣᠷᠣᠭᠴᠢ ᠵᠠᠩ ᠢᠦᠢ ᠲᠢᠩ ᠰᠡᠳᠬᠢᠯ ᠬᠥᠳᠡᠯᠦᠨ ᠬᠡᠯᠡᠪᠡ᠃
   ᠠᠩᠬᠠᠨ ᠤ ᠬᠢᠴᠢᠶᠡᠯ ᠡᠬᠢᠯᠡᠬᠦ ᠳᠤ ᠠᠮᠤᠷ ᠲᠦᠪᠰᠢᠨ ᠤ ᠲᠠᠯ᠎ᠠ ᠪᠠᠷ ᠤᠷᠢᠳ ᠢᠶᠠᠷ ᠬᠢᠴᠢᠶᠡᠯ ᠣᠷᠣᠨ᠎ᠠ᠃ ᠲᠦᠴᠢᠦᠸᠠᠨ ᠰᠢᠶᠠᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠᠰᠠ ᠭᠠᠯ ᠰᠡᠷᠭᠡᠶᠢᠯᠡᠬᠦ ᠠᠮᠤᠷ ᠲᠦᠪᠰᠢᠨ ᠤ ᠠᠮᠢ ᠵᠢᠭᠤᠲᠠᠬᠤ ᠰᠣᠷᠢᠯᠲᠠ ᠶᠢ ᠶᠠᠪᠤᠭᠳᠠᠭᠤᠯᠵᠠᠢ᠃ ᠭᠠᠯ ᠤᠨ ᠠᠶᠤᠯ ᠤᠨ ᠰᠡᠷᠡᠮᠵᠢ ᠶᠢᠨ ᠳᠣᠬᠢᠶ᠎ᠠ ᠳᠤᠤᠭᠠᠷᠬᠤ ᠦᠶ᠎ᠡ ᠳᠤ᠂ ᠪᠥᠬᠦ ᠪᠠᠭᠰᠢ ᠰᠤᠷᠤᠭᠴᠢᠳ ᠬᠢᠴᠢᠶᠡᠯ ᠤᠨ ᠭᠡᠷ ᠠᠴᠠ ᠡᠮᠬᠢ ᠵᠢᠷᠤᠮ ᠲᠠᠢ ᠪᠠᠷ ᠭᠠᠷᠴᠤ᠂ ᠵᠢᠭᠠᠨ ᠲᠣᠭᠲᠠᠭᠠᠭᠰᠠᠨ ᠠᠮᠤᠷ ᠲᠦᠪᠰᠢᠨ ᠭᠠᠵᠠᠷ ᠲᠤ ᠴᠤᠭᠯᠠᠷᠠᠨ᠎ᠠ᠃ ᠳᠠᠷᠠᠭ᠎ᠠ ᠨᠢ᠂ ᠭᠠᠯ ᠤᠨᠲᠠᠷᠠᠭᠠᠬᠤ ᠵᠢᠯᠣᠭᠤᠳᠤᠭᠴᠢ ᠪᠠᠶᠢᠯᠳᠤᠭᠴᠢᠳ ᠪᠠᠰᠠ ᠰᠤᠷᠤᠭᠴᠢᠳ ᠲᠤ ᠭᠠᠯ ᠤᠨᠲᠠᠷᠠᠭᠠᠭᠤᠷ ᠵᠡᠷᠭᠡ ᠪᠠᠴᠢᠮ ᠠᠪᠤᠷᠠᠯᠲᠠ ᠶᠢᠨ ᠲᠥᠬᠦᠭᠡᠷᠦᠮᠵᠢ ᠶᠢ ᠬᠡᠷᠡᠭᠯᠡᠬᠦ ᠠᠷᠭ᠎ᠠ ᠶᠢ ᠨᠠᠷᠢᠨ ᠲᠠᠶᠢᠯᠪᠤᠷᠢᠯᠠᠬᠤ ᠶᠢᠨ ᠬᠠᠮᠲᠤ ᠪᠠᠭᠰᠢ ᠰᠤᠷᠤᠭᠴᠢᠳ ᠢ ᠳᠠᠭᠠᠭᠤᠯᠤᠨ ᠭᠠᠯ ᠤᠨᠲᠠᠷᠠᠭᠠᠬᠤ ᠪᠣᠳᠠᠲᠤ ᠪᠣᠯᠪᠠᠰᠤᠷᠠᠯ ᠤᠨ ᠰᠣᠷᠢᠯᠲᠠ ᠬᠢᠵᠡᠢ᠃    ︽ᠪᠢᠳᠡ ᠭᠠᠯ ᠤᠨᠲᠠᠷᠠᠭᠠᠬᠤ ᠠᠮᠤᠷ ᠲᠦᠪᠰᠢᠨ ᠤ ᠬᠥᠮᠦᠵᠢᠯ ᠢ ᠴᠢᠩᠭᠠᠳᠬᠠᠬᠤ ᠶᠢ ᠢᠮᠠᠭᠲᠠ ᠪᠠᠷᠢᠮᠲᠠᠯᠠᠵᠤ᠂ ᠭᠠᠯ ᠤᠨᠲᠠᠷᠠᠭᠠᠬᠤ ᠲᠠᠷᠬᠠᠭᠠᠨ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠬᠢᠵᠦ᠂ ᠪᠠᠭᠰᠢ ᠰᠤᠷᠤᠭᠴᠢᠳ ᠲᠤ ᠭᠠᠯ ᠤᠨ ᠭᠠᠮᠰᠢᠭ ᠤᠨ ᠬᠤᠣᠷ ᠬᠥᠨᠥᠭᠡᠯ ᠪᠠ ᠠᠮᠢ ᠵᠢᠭᠤᠲᠠᠬᠤ ᠠᠷᠭ᠎ᠠ ᠶᠢ ᠣᠶᠢᠯᠠᠭᠠᠭᠤᠯᠤᠨ᠎ᠠ᠃ ᠡᠭᠦᠨ ᠤ ᠬᠠᠮᠲᠤ ᠰᠢᠨ᠎ᠡ ᠰᠤᠷᠤᠯᠭ᠎ᠠ ᠶᠢᠨ ᠬᠤᠭᠤᠴᠠᠭᠠᠨ ᠳᠤ ᠭᠡᠷ ᠤᠨ ᠠᠬᠠᠮᠠᠳ ᠤᠨ ᠬᠤᠷᠠᠯ ᠬᠢᠬᠦ ᠨᠢ ᠰᠣᠷᠣᠭᠴᠢ ᠶᠢᠨ ᠭᠡᠷ ᠤᠨ ᠠᠬᠠᠮᠠᠳ ᠲᠤ ᠰᠤᠷᠭᠠᠭᠤᠯᠢ ᠶᠢ ᠨᠠᠩ ᠰᠠᠶᠢᠨ ᠣᠶᠢᠯᠠᠭᠠᠭᠤᠯᠵᠤ᠂ ᠭᠡᠷ ᠤᠨ ᠠᠬᠠᠮᠠᠳ ᠢ ᠬᠠᠪᠰᠤᠷᠤᠨ ᠵᠣᠪᠠᠨᠢᠯ ᠢ ᠨᠢ ᠨᠠᠮᠳᠠᠭᠤᠯᠵᠤ᠂ ᠢᠲᠡᠭᠡᠯ ᠵᠣᠷᠢᠭ ᠢ ᠨᠢ ᠪᠣᠶ ᠪᠣᠯᠭᠠᠵᠤ ᠴᠢᠳᠠᠨ᠎ᠠ᠃ ᠪᠠᠰᠠ ᠭᠡᠷ ᠤᠨ ᠠᠬᠠᠮᠠᠳ ᠤᠨ ᠨᠠᠩ ᠰᠠᠶᠢᠨ ᠰᠤᠷᠭᠠᠨ ᠬᠥᠮᠦᠵᠢᠯ ᠤᠨ ᠠᠷᠭ᠎ᠠ ᠶᠢ ᠡᠵᠡᠮᠰᠢᠨ᠂ ᠭᠡᠷ ᠪᠦᠯᠢ ᠶᠢᠨ ᠰᠤᠷᠭᠠᠨ ᠬᠥᠮᠦᠵᠢᠯ ᠤᠨ ᠦᠵᠡᠯᠲᠡ ᠶᠢ ᠪᠣᠶ ᠪᠣᠯᠭᠠᠵᠤ᠂ ᠬᠡᠦᠬᠡᠳ ᠢ ᠬᠠᠪᠰᠤᠷᠤᠨ ᠰᠠᠶᠢᠨ ᠰᠠᠶᠢᠬᠠᠨ ᠰᠤᠷᠤᠯᠭ᠎ᠠ᠂ ᠠᠮᠢᠳᠤᠷᠠᠯ ᠤᠨ ᠳᠠᠳᠬᠠᠯ ᠲᠠᠢ ᠪᠣᠯᠭᠠᠵᠤ᠂ ᠭᠡᠷ ᠪᠦᠯᠢ ᠪᠠ ᠰᠤᠷᠭᠠᠭᠤᠯᠢ ᠶᠢᠨ ᠨᠡᠪᠲᠡᠷᠡᠯᠴᠡᠭᠡ ᠶᠢ ᠤᠯᠠᠮ ᠨᠢᠭᠡ ᠠᠯᠬᠤᠮ ᠠᠬᠢᠭᠤᠯᠤᠨ᠂ ᠭᠡᠷ ᠪᠦᠯᠢ ᠪᠠ ᠰᠤᠷᠭᠠᠭᠤᠯᠢ ᠶᠢᠨ ᠬᠠᠮᠲᠤ ᠪᠠᠷ ᠬᠥᠮᠥᠵᠢᠭᠦᠯᠬᠦ ᠶᠢ ᠪᠡᠶᠡᠯᠡᠭᠦᠯᠬᠦ ᠳᠤ ᠲᠤᠰᠠᠲᠠᠢ ᠶᠤᠮ︾ ᠭᠡᠵᠦ ᠲᠦᠴᠢᠦᠸᠠᠨ ᠰᠢᠶᠠᠨ ᠤ ᠳᠤᠮᠳᠠᠳᠤ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠶᠡᠷᠦᠩᠬᠡᠶᠢᠯᠡᠨ ᠵᠠᠰᠠᠬᠤ ᠠᠯᠪᠠᠨ ᠭᠡᠷ ᠤᠨ ᠡᠷᠬᠢᠯᠡᠭᠴᠢ ᠭᠤᠸ ᠱᠧᠩ ᠬᠡᠯᠡᠵᠡᠢ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号