ᠲᠦᠴᠢᠦᠸᠠᠨ ᠰᠢᠶᠠᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2024 ᠣᠨ  ᠤ ᠭᠤᠷᠪᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/22
   3 ᠰᠠᠷ᠎ᠠ ᠶᠢᠨ 21 ᠤ ᠡᠳᠦᠷ᠂ ᠲᠦᠴᠢᠦᠸᠠᠨ ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ ᠭᠤᠷᠪᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠱᠤᠸᠠᠩ ᠴᠧᠩ ᠬᠤᠷᠠᠯ ᠢ ᠡᠷᠬᠢᠯᠡᠪᠡ  ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ  ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠵᠢᠶᠠᠩᠰᠦ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠬᠤᠨᠠᠨ ᠤ ᠴᠠᠩᠳᠧ ᠬᠤᠳᠠ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ 2024 ᠣᠨ ᠤ 2 ᠰᠠᠷ᠎ᠠ ᠶᠢᠨ 16 ᠤ ᠡᠳᠦᠷ ᠤᠨ 《 ᠦᠨᠡᠨ 》 ᠰᠡᠳᠬᠦᠯ ᠤᠨ 4 ᠳ᠋ᠦ᠋ᠭᠡᠷ ᠬᠤᠭᠤᠴᠠᠭᠠᠨ ᠳᠤ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ 《 ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ ᠠᠷᠠᠳ ᠲᠦᠮᠡᠨ ᠤ ᠡᠷᠬᠡ ᠮᠡᠳᠡᠵᠥ ᠡᠵᠡᠨ ᠰᠠᠭᠤᠬᠤ ᠶᠢ ᠪᠠᠲᠤᠯᠠᠬᠤ 》 ᠵᠡᠷᠭᠡ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠥ᠂ ᠬᠤᠷᠠᠯ ᠳᠤ ᠣᠷᠣᠯᠴᠠᠭᠰᠠᠳ ᠥᠪᠡᠷ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ︔ ᠲᠥᠪ ᠬᠤᠷᠢᠶ᠎ᠠ᠂ ᠣᠷᠣᠨ᠂ ᠠᠶᠢᠮᠠᠭ ᠤᠨ ᠬᠤᠯᠪᠣᠭᠳᠠᠯ ᠪᠦᠬᠦᠢ ᠬᠤᠷᠠᠯ ᠪᠣᠯᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ  ᠃   ᠬᠤᠷᠠᠯ ᠠᠴᠠ᠂ ᠤᠯᠤᠰ᠂ ᠣᠷᠣᠨ ᠠᠶᠢᠮᠠᠭ ᠤᠨ ᠬᠠᠮᠢᠶ᠎ᠠ ᠪᠦᠬᠦᠢ ᠪᠢᠴᠢᠭ ᠮᠠᠲᠧᠷᠢᠶᠠᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ  ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠪᠡᠶᠡᠯᠡᠭᠦᠯᠵᠦ᠂ 《 ᠵᠢᠷᠭᠤᠭᠠᠨ ᠢᠨᠵᠧᠨᠧᠷᠢᠩ 》 ᠢ ᠰᠠᠶᠢᠲᠤᠷ ᠬᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠵᠢᠯ ᠤᠨ ᠳᠣᠲᠣᠷᠠᠬᠢ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠵᠤ ᠦᠢᠯᠡᠰ ᠤᠨ ᠬᠥᠭᠵᠢᠯᠲᠡ ᠶᠢ ᠪᠦᠬᠦ ᠲᠠᠯ᠎ᠠ ᠪᠠᠷ ᠰᠠᠶᠢᠲᠤᠷ ᠠᠳᠬᠤᠵᠤ᠂ ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠠᠶᠤᠯᠭᠦᠢ ᠦᠢᠯᠡᠳᠪᠦᠷᠢᠯᠡᠯ ᠤᠨ 《 ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ 》 ᠠᠵᠢᠯᠯᠠᠭ᠎ᠠ ᠶᠢ ᠪᠦᠬᠦ ᠲᠠᠯ᠎ᠠ ᠪᠠᠷ ᠰᠠᠶᠢᠲᠤᠷ ᠬᠢᠵᠦ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠦᠨᠡᠨ ᠬᠦ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠬᠤ ᠬᠡᠷᠡᠭᠲᠡᠢ  ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号