ᠲᠦᠴᠢᠦᠸᠠᠨ ᠰᠢᠶᠠᠨ ᠤ ᠴᠠᠭ ᠠᠭᠤᠷ ᠤᠨ ᠲᠣᠪᠴᠢᠶ᠎ᠠ ︽ᠳᠡᠯᠡᠬᠡᠢ ᠶᠢᠨ ᠴᠠᠭ ᠠᠭᠤᠷ ᠤᠨ ᠡᠳᠦᠷ︾ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠦᠨ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/24
   64 ᠳ᠋ᠦᠭᠡᠷ ᠳᠡᠯᠡᠬᠡᠢ ᠶᠢᠨ ᠴᠠᠭ ᠠᠭᠤᠷ ᠤᠨ ᠡᠳᠦᠷ ᠢ ᠤᠭᠳᠤᠵᠤ᠂ ᠴᠠᠭ ᠠᠭᠤᠷ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠥᠮᠦᠵᠢᠯ ᠤᠨ ᠰᠠᠭᠤᠷᠢᠨ ᠤ ᠬᠥᠮᠥᠨ ᠢ ᠬᠥᠮᠥᠵᠢᠭᠦᠯᠬᠦ ᠦᠢᠯᠡᠳᠦᠯ ᠢ ᠭᠦᠢᠴᠡᠳ ᠪᠠᠳᠠᠷᠠᠭᠤᠯᠵᠤ  ᠰᠤᠷᠤᠭᠴᠢᠳ ᠲᠤ ᠴᠠᠭ ᠠᠭᠤᠷ ᠤᠨ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠵᠦ᠂ ᠰᠤᠷᠭᠠᠭᠤᠯᠢ ᠶᠢᠨ ᠬᠦᠷᠢᠶᠡᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ 3 ᠰᠠᠷ᠎ᠠ ᠶᠢᠨ 22  ᠤᠨ ᠡᠳᠦᠷ᠂ ᠲᠦᠴᠢᠦᠸᠠᠨ ᠰᠢᠶᠠᠨ ᠤ ᠴᠠᠭ ᠠᠭᠤᠷ ᠤᠨ ᠲᠣᠪᠴᠢᠶ᠎ᠠ ᠲᠦᠴᠢᠦᠸᠠᠨ ᠰᠢᠶᠠᠨ ᠤ ᠭᠦᠩ ᠨᠦᠩ ᠪᠠᠭ᠎ᠠ ᠰᠤᠷᠭᠠᠭᠤᠯᠢ ᠳᠤ ᠬᠦᠷᠴᠦ᠂ ᠳᠡᠯᠡᠬᠡᠢ ᠶᠢᠨ ᠴᠠᠭ ᠠᠭᠤᠷ ᠤᠨ ᠡᠳᠦᠷ ᠤᠨ ︽ᠠᠭᠤᠷ ᠠᠮᠢᠰᠬᠤᠯ ᠤᠨ ᠠᠵᠢᠯᠯᠠᠭ᠎ᠠ ᠶᠢᠨ ᠬᠠᠮᠤᠭ ᠤᠨ ᠡᠮᠦᠨ᠎ᠡ ᠹᠷᠣᠨᠲ︾ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠵᠦ᠂ ᠰᠤᠷᠤᠭᠴᠢᠳ ᠲᠤ ᠨᠢᠭᠡ ᠤᠳᠠᠭ᠎ᠠ ᠶᠢᠨ ᠭᠤᠶᠢᠳᠠ ᠰᠠᠶᠢᠬᠠᠨ ︽ᠴᠠᠭ ᠠᠭᠤᠷ ᠤᠨ ᠠᠶᠠᠯᠠᠯ︾ ᠢ ᠡᠬᠢᠯᠡᠭᠦᠯᠵᠡᠢ᠃
   ᠲᠦᠴᠢᠦᠸᠠᠨ ᠰᠢᠶᠠᠨ ᠤ ᠭᠦᠩ ᠨᠦᠩ ᠪᠠᠭ᠎ᠠ ᠰᠤᠷᠭᠠᠭᠤᠯᠢ ᠶᠢᠨ ᠬᠢᠴᠢᠶᠡᠯ ᠤᠨ ᠭᠡᠷ ᠲᠤ᠂ ᠴᠠᠭ ᠠᠭᠤᠷ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠲᠠᠳ ᠤᠯᠠᠨ ᠵᠠᠭᠤᠴᠢᠯᠠᠭᠤᠷ᠂ ᠵᠢᠷᠤᠭ ᠪᠢᠴᠢᠭ ᠢ ᠬᠤᠣᠰᠯᠠᠭᠤᠯᠤᠨ ᠰᠤᠷᠤᠭᠴᠢᠳ ᠲᠤ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠮᠡᠳᠡᠯᠭᠡ᠂ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠤᠭ ᠶᠣᠰᠣ᠂ ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢᠨ ᠪᠦᠷᠢᠯᠳᠦᠬᠦ ᠤᠭ ᠶᠣᠰᠣ ᠵᠡᠷᠭᠡ ᠮᠡᠳᠡᠯᠭᠡ ᠶᠢ ᠲᠠᠶᠢᠯᠪᠤᠷᠢᠯᠠᠨ ᠥᠭᠴᠦ᠂ ᠪᠠᠰᠠ ᠬᠠᠷᠢᠯᠴᠠᠨ ᠠᠰᠠᠭᠤᠯᠲᠠ ᠬᠠᠷᠢᠭᠤᠯᠲᠠ ᠶᠢᠨ ᠬᠡᠯᠪᠡᠷᠢ ᠪᠠᠷ ᠰᠤᠷᠤᠭᠴᠢᠳ ᠲᠤ ᠴᠠᠭ ᠠᠭᠤᠷ ᠤᠨ ᠬᠠᠮᠢᠶ᠎ᠠ ᠪᠦᠬᠦᠢ ᠵᠢᠵᠢᠭ ᠪᠡᠯᠡᠭ ᠬᠦᠷᠭᠡᠵᠦ᠂ ᠬᠡᠦᠬᠡᠳ ᠤᠳ ᠢ ᠴᠠᠭ ᠠᠭᠤᠷ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠠᠶᠢᠨ ᠰᠦᠪᠡᠭᠴᠢᠯᠡᠯᠲᠡ ᠶᠢ ᠪᠠᠷᠢᠮᠲᠠᠯᠠᠬᠤ ᠶᠢ ᠵᠣᠷᠢᠭᠵᠢᠭᠤᠯᠪᠠ᠃ ᠳᠠᠷᠠᠭ᠎ᠠ ᠨᠢ᠂ ᠴᠠᠭ ᠠᠭᠤᠷ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠲᠠᠳ ᠪᠠᠰᠠ ᠬᠠᠮᠲᠤ ᠰᠤᠷᠤᠭᠴᠢᠳ ᠢᠶᠠᠨ ᠳᠠᠭᠠᠭᠤᠯᠤᠨ ᠰᠤᠷᠭᠠᠭᠤᠯᠢ ᠶᠢᠨ ᠬᠦᠷᠢᠶᠡᠨ ᠤ ᠴᠠᠭ ᠠᠭᠤᠷ ᠤᠨ ᠦᠷᠳᠡᠭᠡ ᠳᠤ ᠬᠦᠷᠴᠦ᠂ ᠬᠠᠮᠲᠤ ᠰᠤᠷᠤᠭᠴᠢᠳ ᠲᠤ ᠪᠣᠷᠣᠭᠠᠨ ᠤ ᠬᠡᠮᠵᠢᠶ᠎ᠡ ᠶᠢᠨ ᠬᠡᠮᠵᠢᠭᠦᠷ᠂ ᠳᠤᠯᠠᠭᠠᠨ ᠴᠢᠭᠢᠭᠯᠢᠭ ᠰᠠᠷᠬᠢᠨᠠᠭ ᠬᠠᠶᠢᠷᠴᠠᠭ᠂ ᠰᠠᠯᠬᠢᠨ ᠤ ᠬᠤᠷᠳᠤᠴᠠ ᠰᠠᠯᠬᠢᠨ ᠤ ᠴᠢᠭᠯᠡᠯ ᠤᠨ ᠬᠡᠮᠵᠢᠭᠦᠷᠯᠢᠭ ᠵᠡᠷᠭᠡ ᠴᠠᠭ ᠠᠭᠤᠷ ᠤᠨ ᠬᠡᠮᠵᠢᠭᠦᠷᠯᠢᠭ ᠢ ᠲᠠᠨᠢᠯᠴᠠᠭᠤᠯᠵᠤ᠂ ᠲᠡᠳᠡᠨ ᠳᠤ ︽ᠡᠭᠦᠯᠡ ᠶᠢ ᠠᠵᠢᠭᠯᠠᠨ ᠪᠣᠷᠣᠭᠠᠨ ᠢ ᠬᠡᠮᠵᠢᠬᠦ︾ ᠶᠢᠨ ᠨᠢᠭᠤᠴᠠ ᠶᠢ ᠤᠶᠢᠯᠠᠭᠠᠭᠤᠯᠪᠠ᠃
   ︽ᠥᠨᠥᠳᠥᠷ ᠤᠨ ᠡᠨᠡ ᠬᠢᠴᠢᠶᠡᠯ ᠢᠶᠠᠷ ᠳᠠᠮᠵᠢᠭᠠᠳ ᠪᠢ ᠴᠠᠭ ᠠᠭᠤᠷ ᠤᠨ ᠲᠤᠬᠠᠢ ᠮᠠᠰᠢ ᠣᠯᠠᠨ ᠮᠡᠳᠡᠯᠭᠡ ᠶᠢ ᠣᠶᠢᠯᠠᠭᠠᠵᠤ ᠮᠡᠳᠡᠭᠰᠡᠨ ᠶᠤᠮ᠂ ᠵᠢᠱᠢᠶᠡᠯᠡᠪᠡᠯ᠂ ᠠᠶᠤᠩᠭ᠎ᠠ ᠵᠠᠶᠢᠯᠠᠭᠤᠯᠤᠭᠴᠢ ᠶᠢᠨ ᠥᠭᠡᠷ᠎ᠡ ᠨᠡᠷ᠎ᠡ᠂ ᠦᠶᠡᠷ ᠤᠰᠤᠲᠤᠯ ᠤᠨ ᠭᠠᠮᠰᠢᠭ ᠢ ᠬᠡᠷᠬᠢᠨ ᠰᠡᠷᠭᠡᠶᠢᠯᠡᠬᠦ᠂ ᠣᠷᠴᠢᠨ ᠠᠬᠤᠢ ᠶᠢᠨ ᠴᠠᠭ ᠠᠭᠤᠷ ᠲᠤ ᠦᠵᠡᠭᠦᠯᠬᠦ ᠨᠥᠯᠥᠭᠡ᠂ ᠴᠠᠭ ᠠᠭᠤᠷ ᠤᠨ ᠥᠷᠲᠡᠭᠡᠨ ᠤ ᠲᠣᠨᠤᠭ ᠲᠥᠬᠦᠭᠡᠷᠦᠮᠵᠢ ᠶᠢᠨ ᠦᠢᠯᠡᠳᠦᠯ᠂ ᠴᠠᠭ ᠠᠭᠤᠷ ᠤᠨ ᠨᠢᠭᠤᠴᠠ ᠶᠢ ᠨᠠᠳᠠ ᠳᠤ ᠭᠦᠨᠵᠡᠭᠡᠢ ᠣᠶᠢᠯᠠᠭᠠᠭᠤᠯᠤᠭᠰᠠᠨ ᠶᠤᠮ︾ ᠭᠡᠵᠦ ᠲᠦᠴᠢᠦᠸᠠᠨ ᠰᠢᠶᠠᠨ ᠤ ᠭᠦᠩ ᠨᠦᠩ ᠪᠠᠭ᠎ᠠ ᠰᠤᠷᠭᠠᠭᠤᠯᠢ ᠶᠢᠨ ᠰᠤᠷᠤᠭᠴᠢ ᠵᠠᠩ ᠴᠧᠨ ᠢ ᠬᠡᠯᠡᠪᠡ᠃
   ᠲᠣᠰ ᠤᠳᠠᠭᠠᠨ ᠤ ᠴᠠᠭ ᠠᠭᠤᠷ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠪᠠᠷ ᠳᠠᠮᠵᠢᠭᠤᠯᠤᠨ ᠂ ᠰᠤᠷᠤᠭᠴᠢᠳ ᠤᠨ ᠴᠠᠭ ᠠᠭᠤᠷ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢᠨ ᠲᠤᠬᠠᠢ ᠳᠤᠷ᠎ᠠ ᠰᠣᠨᠢᠷᠬᠠᠯ ᠢ ᠬᠥᠭᠵᠢᠭᠡᠭᠰᠡᠨ ᠢᠶᠠᠷ ᠪᠠᠷᠠᠬᠤ ᠦᠭᠡᠢ᠂ ᠲᠡᠳᠡᠨ ᠤ ᠭᠡᠨᠡᠳᠲᠡ ᠶᠢᠨ ᠴᠠᠭ ᠠᠭᠤᠷ ᠤᠨ ᠭᠠᠢ ᠭᠠᠮᠰᠢᠭ ᠢ ᠰᠡᠷᠭᠡᠶᠢᠯᠡᠬᠦ ᠤᠬᠠᠮᠰᠠᠷ ᠪᠠ ᠴᠢᠳᠠᠪᠤᠷᠢ ᠶᠢ ᠨᠠᠩ ᠨᠡᠮᠡᠭᠳᠡᠭᠦᠯᠵᠦ᠂ ᠰᠤᠷᠤᠭᠴᠢᠳ ᠢ ᠲᠠᠨᠢᠯᠲᠠ ᠶᠢᠨ ᠳᠤᠮᠳᠠ ᠪᠡᠶᠡᠴᠢᠯᠡᠨ ᠣᠶᠢᠯᠠᠭᠠᠵᠤ᠂ ᠣᠯᠣᠯᠲᠠ ᠶᠢᠨ ᠳᠤᠮᠳᠠ ᠥᠰᠬᠡᠨ ᠪᠣᠶᠢᠵᠢᠭᠤᠯᠵᠠᠢ᠃
  ︽ᠲᠦᠴᠢᠦᠸᠠᠨ ᠰᠢᠶᠠᠨ ᠤ ᠴᠠᠭ ᠠᠭᠤᠷ ᠤᠨ ᠲᠣᠪᠴᠢᠶ᠎ᠠ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠵᠢᠴᠢ ᠤᠯᠠᠨ ᠨᠡᠶᠢᠲᠡ ᠳᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠦᠵᠡᠭᠦᠯᠦᠯᠭᠡ ᠶᠢᠨ ᠲᠢᠩᠬᠢᠮ᠂ ᠠᠵᠢᠭᠯᠠᠯᠲᠠ ᠶᠢᠨ ᠦᠷᠳᠡᠭᠡ᠂ ᠲᠤᠬᠠᠶᠢᠯᠠᠭᠰᠠᠨ ᠠᠵᠢᠯ ᠤᠨ ᠲᠠᠪᠴᠠᠩ ᠢ ᠲᠣᠭᠲᠠᠮᠠᠯ ᠬᠤᠭᠤᠴᠠᠭ᠎ᠠ ᠲᠠᠢ ᠪᠠᠷ ᠨᠡᠭᠡᠭᠡᠵᠦ᠂ ᠡᠭᠦᠨ ᠤ ᠬᠠᠮᠲᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠡᠯᠬᠢᠶ᠎ᠡ ᠶᠢ ᠥᠷᠭᠡᠳᠬᠡᠨ ᠰᠤᠷᠭᠠᠭᠤᠯᠢ ᠪᠠ ᠮᠦᠽᠧᠢ ᠵᠡᠷᠭᠡ ᠲᠠᠯᠠᠪᠤᠷ ᠲᠤ ᠬᠦᠷᠭᠡᠵᠦ᠂ ᠡᠭᠦᠨ ᠤ ᠵᠣᠷᠢᠯᠭ᠎ᠠ ᠨᠢ ᠳᠠᠷᠤᠢ ᠣᠯᠠᠨ ᠲᠦᠮᠡᠨ ᠢᠯᠠᠩᠭᠤᠶ᠎ᠠ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠴᠠᠭ ᠠᠭᠤᠷ ᠢ ᠲᠠᠨᠢᠭᠤᠯᠵᠤ᠂ ᠠᠭᠤᠷ ᠠᠮᠢᠰᠬᠤᠯ ᠢ ᠣᠶᠢᠯᠠᠭᠠᠭᠤᠯᠵᠤ᠂ ᠡᠯ᠎ᠡ ᠵᠦᠢᠯ ᠤᠨ ᠭᠡᠨᠡᠳᠲᠡ ᠶᠢᠨ ᠴᠠᠭ ᠠᠭᠤᠷ ᠤᠨ ᠭᠠᠢ ᠭᠠᠮᠰᠢᠭ ᠢ ᠰᠢᠨᠵᠢᠯᠡᠬᠦ ᠤᠬᠠᠭᠠᠨᠴᠢ ᠪᠠᠷ ᠠᠷᠭᠠᠴᠠᠬᠤ ᠶᠢᠨ ᠬᠠᠮᠲᠤ ᠰᠡᠳᠬᠢᠯ ᠵᠢᠷᠦᠬᠡᠨ ᠳᠡᠭᠡᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠦᠷ᠎ᠡ ᠶᠢ ᠳᠠᠷᠢᠵᠤ᠂ ᠡᠬᠡ ᠪᠠᠶᠢᠭᠠᠯᠢ ᠶᠢ ᠬᠠᠶᠢᠷᠠᠯᠠᠨ᠂ ᠡᠬᠡ ᠪᠠᠶᠢᠭᠠᠯᠢ ᠶᠢ ᠬᠦᠨᠳᠦᠳᠬᠡᠵᠦ᠂ ᠳᠡᠷᠭᠡᠳᠡᠬᠢ ᠪᠠᠭ᠎ᠠ ᠤᠴᠢᠷ ᠠᠴᠠ ᠡᠬᠢᠯᠡᠨ ᠬᠢᠵᠦ᠂ ᠪᠢᠳᠡᠨ ᠤ ᠲᠦᠰᠢᠭᠯᠡᠨ ᠠᠮᠢᠳᠤᠷᠠᠵᠤ ᠪᠠᠶᠢᠭ᠎ᠠ ᠳᠡᠯᠡᠬᠡᠢ ᠶᠢᠨ ᠪᠥᠮᠪᠥᠷᠴᠡᠭ ᠢᠶᠠᠨ ᠬᠠᠮᠠᠭᠠᠯᠠᠨ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠳᠤ ᠥᠪᠡᠷ ᠤᠨ ᠬᠠᠮᠤᠭ ᠤᠨ ᠶᠡᠭᠡ ᠬᠦᠴᠦᠨ ᠴᠢᠳᠠᠯ ᠢᠶᠠᠨ ᠡᠷᠭᠦᠬᠦ ᠶᠠᠪᠤᠳᠠᠯ ᠪᠣᠯᠣᠨ᠎ᠠ ︾ ᠭᠡᠵᠦ ᠲᠦᠴᠢᠦᠸᠠᠨ ᠰᠢᠶᠠᠨ ᠤ ᠴᠠᠭ ᠠᠭᠤᠷ ᠤᠨ ᠬᠤᠷᠢᠶ᠎ᠠ ᠶᠢᠨ ᠳᠡᠳ᠋ ᠳᠠᠷᠤᠭ᠎ᠠ ᠰᠢᠶᠠᠩ ᠴᠢᠶᠦ᠋ᠨ ᠢ ᠬᠡᠯᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号