ᠲᠦᠴᠢᠦᠸᠠᠨ ᠰᠢᠶᠠᠨ ᠭᠤᠷᠪᠠᠨ ᠤᠮᠠᠷᠠᠲᠤ ᠶᠢᠨ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ᠂ ᠬᠤᠷᠴᠢᠨ  ᠤ ᠡᠯᠡᠰᠦᠷᠬᠡᠭ ᠭᠠᠵᠠᠷ ᠤᠨ ᠬᠤᠶᠢᠲᠤ ᠵᠠᠬ᠎ᠠ ᠶᠢᠨ ᠬᠢᠵᠠᠭᠠᠷ ᠣᠷᠣᠨ ᠢ ᠪᠢᠲᠡᠭᠦᠮᠵᠢᠯᠡᠬᠦ ᠳᠠᠶᠢᠯᠠᠯᠳᠤᠭᠠᠨ ᠤ ᠬᠡᠷᠡᠭᠵᠢᠭᠦᠯᠬᠦ ᠲᠥᠷᠥᠯ ᠵᠦᠶᠯ ᠤᠨ ᠨᠤᠲᠠᠯᠠᠯᠲᠠ ᠶᠢᠨ ᠬᠤᠷᠠᠯ ᠵᠢᠴᠢ ᠡᠬᠢᠯᠡᠯᠲᠡ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/26
   3 ᠰᠠᠷ᠎ᠠ ᠶᠢᠨ 24 ᠤ ᠡᠳᠦᠷ᠂ ᠲᠦᠴᠢᠦᠸᠠᠨ ᠰᠢᠶᠠᠨ ᠭᠤᠷᠪᠠᠨ ᠤᠮᠠᠷᠠᠲᠤ ᠶᠢᠨ ᠵᠢᠷᠭᠤᠳᠤᠭᠠᠷ ᠬᠤᠭᠤᠴᠠᠭᠠᠨ  ᠤ ᠢᠨᠵᠧᠨᠧᠷᠢᠩ᠂ ᠬᠤᠷᠴᠢᠨ ᠤ ᠡᠯᠡᠰᠦᠷᠬᠡᠭ ᠭᠠᠵᠠᠷ ᠤᠨ ᠬᠤᠶᠢᠲᠤ ᠵᠠᠬ᠎ᠠ ᠶᠢᠨ ᠬᠢᠯᠢ ᠬᠢᠵᠠᠭᠠᠷ ᠢ ᠪᠢᠲᠡᠭᠦᠮᠵᠢᠯᠡᠬᠦ ᠳᠠᠶᠢᠯᠠᠯᠳᠤᠭᠠᠨ ᠤ ᠬᠡᠷᠡᠭᠵᠢᠭᠦᠯᠬᠦ ᠲᠥᠷᠥᠯ ᠵᠦᠶᠯ ᠢ ᠨᠤᠲᠠᠯᠠᠬᠤ ᠬᠤᠷᠠᠯ ᠵᠢᠴᠢ ᠡᠬᠢᠯᠡᠭᠦᠯᠬᠦ ᠬᠤᠷᠠᠯ ᠬᠤᠷᠠᠯᠳᠤᠭᠤᠯᠪᠠ  ᠃ ᠰᠢᠶᠠᠨ ᠤ ᠤᠳᠤᠷᠢᠳᠤᠯᠭ᠎ᠠ ᠸᠠᠩ ᠶᠦᠩ ᠵᠢᠶᠠ᠂ ᠯᠢᠦ ᡁᠢ ᠹᠧᠩ᠂ ᠸᠠᠩ ᠶᠢᠩ ᠴᠢᠶᠦ᠋ᠨ᠂ ᠯᠢᠦ ᠫᠸᠢ ᠬᠧ᠂ ᠯᠠᠨ ᠰᠢᠶᠠᠨ ᠹᠧᠩ᠂ ᠯᠢᠦ ᠢ ᠸᠧᠢ᠂ 《 ᠤᠮᠠᠷᠠᠲᠤ ᠶᠢᠨ ᠭᠤᠷᠪᠠᠨ ᠣᠷᠣᠨ 》 ᠤ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠢ᠂ ᠡᠯ᠎ᠡ ᠰᠢᠶᠠᠩ ᠪᠠᠯᠭᠠᠰᠤ᠂ ᠤᠢ ᠰᠢᠭᠤᠢ ᠶᠢᠨ ᠲᠠᠯᠠᠪᠠᠢ᠂ ᠤᠢ ᠰᠢᠭᠤᠢ ᠶᠢᠨ ᠪᠡᠯᠡ ᠣᠷᠣᠭᠤᠯᠤᠯᠲᠠ ᠶᠢᠨ ᠺᠣᠮᠫᠠᠨᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ  ᠃    ᠬᠤᠷᠠᠯ ᠠᠴᠠ ᠬᠢᠩᠭᠠᠨ ᠠᠶᠢᠮᠠᠭ ᠤᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠴᠠᠬᠢᠯᠭᠠᠨ ᠭᠡᠷᠡᠯᠴᠢ ᠴᠡᠨᠡᠭ ᠢ ᠨᠢᠭᠡ ᠴᠤᠬᠴᠠᠵᠢᠭᠤᠯᠬᠤ ᠢᠨᠵᠧᠨᠧᠷᠢᠩ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ 《 ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠴᠢᠦᠸᠠᠨ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ ᠤᠨ ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ 《 ᠤᠮᠠᠷᠠᠲᠤ  ᠶᠢᠨ ᠭᠤᠷᠪᠠᠨ ᠣᠷᠣᠨ 》 ᠤ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ  ᠶᠢᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠢ ᠲᠤᠬᠢᠷᠠᠭᠤᠯᠤᠨ ᠠᠬᠢᠭᠤᠯᠬᠤ ᠲᠤᠬᠠᠢ ᠮᠡᠳᠡᠭᠳᠡᠯ 》 ᠢ ᠵᠠᠷᠯᠠᠨ ᠮᠡᠳᠡᠭᠳᠡᠵᠦ᠂ 8 ᠡᠯᠡᠰᠦᠷᠬᠡᠭᠵᠢᠭᠰᠡᠨ ᠣᠷᠣᠨ ᠤ ᠬᠡᠰᠡᠭ ᠤᠨ ᠠᠵᠢᠯᠯᠠᠭᠠᠨ ᠤ ᠵᠢᠷᠤᠭ ᠲᠥᠯᠥᠪᠯᠡᠭᠡ᠂ ᠠᠵᠢᠯ  ᠤᠨ ᠡᠭᠦᠷᠭᠡ᠂ ᠤᠢ ᠰᠢᠭᠤᠢ ᠶᠢᠨ ᠳᠡᠭᠡᠳᠦ ᠵᠡᠷᠭᠡ ᠶᠢᠨ ᠢᠨᠵᠧᠨᠧᠷ᠂ ᠡᠯ᠎ᠡ ᠰᠢᠶᠠᠩ ᠪᠠᠯᠭᠠᠰᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠰᠤᠳᠤᠯᠤᠨ ᠨᠤᠲᠠᠯᠠᠬᠤ ᠶᠢᠨ ᠬᠠᠮᠲᠤ ᠲᠤᠬᠢᠷᠠᠭᠤᠯᠤᠨ ᠪᠠᠶᠢᠷᠢᠯᠠᠭᠤᠯᠵᠠᠢ  ᠃    ᠬᠤᠷᠠᠯ ᠠᠴᠠ᠂ ᠦᠵᠡᠯ ᠰᠠᠨᠠᠭ᠎ᠠ ᠪᠠᠨ ᠤᠯᠠᠮ ᠴᠢᠨᠠᠭᠰᠢᠳᠠ ᠨᠢᠭᠡᠳᠬᠡᠵᠦ᠂ 《 ᠤᠯᠤᠰ ᠤᠨ ᠶᠡᠭᠡ ᠲᠠᠯ᠎ᠠ 》  ᠶᠢ ᠪᠠᠲᠤ ᠴᠡᠭᠡᠵᠢᠯᠡᠵᠦ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠴᠠᠬᠢᠯᠭᠠᠨ ᠬᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢᠶᠠᠷ ᠭᠤᠤᠯᠳᠠᠯᠭ᠎ᠠ ᠲᠠᠢ ᠡᠭᠦᠷᠭᠡ ᠪᠣᠯᠭᠠᠵᠤ᠂ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠶ ᠠᠬᠢᠭᠤᠯᠵᠤ᠂ ᠵᠠᠰᠠᠯᠲᠠ ᠶᠢᠨ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠬᠤᠷᠴᠢᠨ ᠤ ᠡᠯᠡᠰᠦᠷᠬᠡᠭ ᠭᠠᠵᠠᠷ ᠢ ᠤᠰᠠᠳᠬᠠᠬᠤ ᠳᠠᠶᠢᠯᠠᠯᠳᠤᠭᠠᠨ ᠤ ᠢᠯᠠᠯᠲᠠ ᠶᠢ ᠡᠷᠡᠰ ᠣᠯᠵᠤ᠂ ᠨᠢᠭᠡ ᠪᠦᠯᠦᠭ ᠵᠢᠱᠢᠶ᠎ᠡ ᠦᠵᠡᠭᠦᠯᠬᠦ ᠲᠥᠷᠥᠯ ᠵᠦᠶᠯ᠂ ᠥᠯᠢᠭᠡᠷ ᠳᠠᠭᠤᠷᠢᠶᠠᠯ ᠢᠨᠵᠧᠨᠧᠷᠢᠩ ᠢ ᠴᠢᠷᠮᠠᠶᠢᠨ ᠪᠠᠶᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ  ᠃    ᠬᠤᠷᠠᠯ ᠠᠴᠠ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠪᠠ ᠰᠠᠯᠬᠢᠨ ᠴᠠᠬᠢᠯᠭᠠᠨ ᠬᠡᠷᠡᠯ ᠴᠡᠨᠡᠭ ᠢ ᠨᠢᠭᠡ ᠴᠤᠬᠴᠠᠵᠢᠭᠤᠯᠬᠤ ᠢᠨᠵᠧᠨᠧᠷᠢᠩ ᠢ ᠦᠨᠡᠨ ᠬᠦ ᠰᠠᠶᠢᠲᠤᠷ ᠠᠳᠬᠤᠵᠤ᠂ ᠲᠥᠷᠥᠯ ᠵᠦᠶᠯ ᠤᠨ ᠠᠵᠢᠯᠯᠠᠭᠠᠨ ᠤ ᠵᠢᠷᠤᠭ ᠲᠥᠯᠥᠪᠯᠡᠭᠡ ᠶᠢ ᠤᠯᠠᠮ ᠴᠢᠨᠠᠭᠰᠢᠳᠠ ᠰᠢᠯᠢᠳᠡᠭᠵᠢᠭᠦᠯᠵᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠬᠠᠷᠢᠭᠤᠴᠠᠯᠭ᠎ᠠ᠂ ᠡᠭᠦᠷᠭᠡ ᠪᠠ ᠴᠠᠭ ᠤᠨ ᠬᠢᠵᠠᠭᠠᠷ ᠢ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠣᠷᠣᠯᠴᠠᠬᠤ ᠲᠣᠭᠲᠠᠴᠠ ᠶᠢ ᠪᠠᠶᠢᠭᠤᠯᠵᠤ᠂ ᠤᠬᠠᠭᠤᠯᠭ᠎ᠠ ᠶᠢᠨ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠬᠠᠮᠵᠢᠯᠴᠠᠨ ᠠᠬᠢᠭᠤᠯᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ  ᠃ ᠰᠠᠯᠬᠢᠨ ᠬᠦᠴᠦᠨ ᠤ ᠴᠠᠬᠢᠯᠭᠠᠨ ᠤ ᠬᠡᠷᠡᠯ ᠴᠡᠨᠡᠭ ᠤᠨ ᠲᠥᠷᠥᠯ ᠵᠦᠶᠯ ᠤᠨ ᠭᠠᠵᠠᠷ ᠰᠣᠩᠭᠤᠬᠤ᠂ ᠭᠠᠵᠠᠷ ᠲᠠᠲᠠᠪᠤᠷᠢᠯᠠᠬᠤ᠂ ᠭᠠᠷᠳᠠᠮ ᠭᠦᠶᠴᠡᠳᠬᠡᠬᠦ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠰᠠᠶᠢᠲᠤᠷ ᠬᠢᠵᠦ᠂ ᠲᠥᠷᠥᠯ ᠵᠦᠶᠯ ᠤᠨ ᠲᠦᠷᠭᠡᠨ ᠠᠰᠢᠭᠯᠠᠯᠲᠠ ᠳᠤ ᠣᠷᠣᠵᠤ᠂ ᠡᠷᠲᠡᠬᠡᠨ ᠦᠷ᠎ᠡ ᠪᠦᠲᠦᠮᠵᠢ ᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ  ᠃   ᠬᠤᠷᠠᠯ ᠠᠴᠠ᠂ ᠨᠠᠶᠢᠳᠠᠪᠤᠷᠢᠵᠢᠭᠤᠯᠤᠯᠲᠠ ᠶᠢ ᠠᠬᠢᠭᠤᠯᠬᠤ᠂ ᠱᠠᠯᠠᠪᠳᠠᠭᠤᠯᠤᠨ ᠵᠢᠯᠣᠭᠤᠳᠬᠤ ᠲᠣᠭᠲᠠᠴᠠ ᠶᠢ ᠪᠦᠷᠢᠨᠰᠢᠬᠦᠯᠵᠤ᠂ ᠲᠦᠷᠦᠯ ᠵᠦᠢᠯ ᠤᠨ ᠲᠡᠰ ᠳᠠᠷᠠᠭᠠᠯᠠᠯ᠂ ᠪᠡᠯᠡ ᠮᠥᠩᠭᠦ ᠶᠢᠨ ᠬᠡᠷᠡᠭᠯᠡᠯᠲᠡ᠂ ᠢᠨᠵᠧᠨᠧᠷᠢᠩ ᠤᠨ ᠶᠠᠰᠤ ᠴᠢᠨᠠᠷ ᠢ ᠴᠢᠬᠤᠯᠠ ᠠᠴᠠ ᠴᠢᠬᠤᠯᠠ ᠵᠦᠢᠯ ᠪᠣᠯᠭᠠᠵᠤ᠂ ᠡᠳᠦᠷ ᠤᠨ ᠲᠤᠬᠢᠷᠠᠭᠤᠯᠤᠯᠳᠠ᠂ ᠭᠠᠷᠠᠭ ᠤᠨ ᠮᠡᠳᠡᠭᠡᠯᠡᠯ ᠢ ᠬᠡᠷᠡᠭᠵᠢᠭᠦᠯᠵᠦ᠂ ᠡᠳᠦᠷ ᠪᠦᠷᠢ ᠠᠬᠢᠴᠠ ᠲᠠᠢ᠂ ᠭᠠᠷᠠᠭ ᠪᠦᠷᠢ ᠬᠤᠪᠢᠷᠠᠯᠲᠠ ᠲᠠᠢ ᠪᠠᠶᠢᠬᠤ ᠶᠢ ᠪᠠᠲᠤᠯᠠᠬᠤ ᠬᠡᠷᠡᠭᠲᠡᠢ  ᠃ ᠡᠭᠦᠨ ᠤ ᠬᠠᠮᠲᠤ ᠬᠠᠪᠤᠷ ᠤᠨ ᠤᠯᠠᠷᠢᠯ ᠤᠨ ᠣᠶᠢᠵᠢᠭᠤᠯᠤᠯᠲᠠ ᠶᠢᠨ ᠬᠠᠮᠲᠤᠷᠠᠭᠰᠠᠨ ᠳᠠᠶᠢᠯᠠᠯᠳᠤᠭᠠᠨ ᠤ ᠡᠬᠢᠯᠡᠯᠲᠡ ᠶᠢᠨ ᠶᠣᠰᠣᠯᠠᠯ ᠢ ᠰᠠᠶᠢᠲᠤᠷ ᠪᠡᠯᠡᠳᠬᠡᠵᠦ᠂ ᠬᠤᠷᠴᠢᠨ ᠤ ᠡᠯᠡᠰᠦᠷᠬᠡᠭ ᠭᠠᠵᠠᠷ ᠤᠨ ᠬᠤᠶᠢᠲᠤ ᠵᠠᠬ᠎ᠠ ᠬᠢᠵᠠᠭᠠᠷ ᠣᠷᠣᠨ ᠢ ᠪᠢᠲᠡᠭᠦᠮᠵᠢᠯᠡᠬᠦ ᠳᠠᠶᠢᠯᠠᠯᠳᠤᠭᠠᠨ ᠤ ᠪᠦᠷᠢᠶ᠎ᠡ ᠶᠢ ᠪᠥᠬᠦ ᠲᠠᠯ᠎ᠠ ᠪᠠᠷ ᠬᠠᠩᠭᠢᠨᠠᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠲᠦᠴᠢᠦᠸᠠᠨ ᠤ ᠬᠦᠴᠦᠨ ᠴᠢᠳᠠᠯ ᠢᠶᠠᠨ ᠡᠷᠭᠦᠨ᠎ᠡ  ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号