ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠵᠥᠪᠯᠡᠯ᠂ ᠠᠯᠪᠠᠨ ᠭᠡᠷ᠂ ᠲᠣᠪᠴᠢᠶ᠎ᠠ ᠳᠤ᠄ | ᠡᠳᠦᠭᠡ ︽ᠲᠦᠴᠢᠦᠸᠠᠨ ᠰᠢᠶᠠᠨ ᠤ ᠬᠤᠲᠠ ᠶᠢᠨ ᠵᠤᠯᠵᠠᠭ᠎ᠠ ᠮᠣᠳᠣᠨ ᠤ ᠬᠦᠷᠢᠶᠡᠯᠡᠩ ᠤᠨ 2024 ᠣᠨ ᠤ | ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠥᠰᠥᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ | ᠪᠣᠳᠠᠲᠠᠢ ᠲᠠᠢ ᠪᠠᠨ ᠤᠶᠠᠯᠳᠤᠭᠤᠯᠤᠨ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠢ ᠰᠠᠶᠢᠲᠤᠷ | ᠠᠳᠬᠤᠬᠤ ᠶᠢ ᠬᠦᠰᠡᠵᠦ ᠪᠠᠶᠢᠨ᠎ᠠ᠃ | | 2024 ᠣᠨ ᠤ 3 ᠰᠠᠷ᠎ᠠ ᠶᠢᠨ 25 ᠤ ᠡᠳᠦᠷ | | | ᠲᠦᠴᠢᠦᠸᠠᠨ ᠰᠢᠶᠠᠨ ᠤ ᠬᠤᠳᠠ ᠶᠢᠨ ᠵᠤᠯᠵᠠᠭ᠎ᠠ ᠮᠣᠳᠣᠨ ᠤ ᠬᠦᠷᠢᠶᠡᠯᠡᠩ ᠤᠨ 2024 ᠣᠨ ᠤ ᠪᠦᠲᠦᠭᠡᠨ | ᠪᠠᠶᠢᠭᠤᠯᠤᠯᠲᠠ ᠶᠢᠨ ᠠᠵᠢᠯ ᠤᠨ ᠲᠥᠰᠥᠯ | ᠲᠦᠴᠢᠦᠸᠠᠨ ᠰᠢᠶᠠᠨ ᠤ 2024 ᠣᠨ ᠤ ᠬᠤᠲᠠ ᠶᠢᠨ ᠵᠤᠯᠵᠠᠭ᠎ᠠ ᠮᠣᠳᠣᠨ ᠤ ᠬᠦᠷᠢᠶᠡᠯᠡᠩ ᠤᠨ ᠪᠦᠲᠦᠭᠡᠨ | ᠪᠠᠶᠢᠭᠤᠯᠤᠯᠲᠠ ᠶᠢᠨ ᠠᠵᠢᠯ ᠢ ᠦᠨᠡᠨᠬᠦ ᠰᠠᠶᠢᠲᠤᠷ ᠬᠢᠬᠦ ᠶᠢᠨ ᠲᠤᠰᠠᠳᠠ᠂ ᠠᠶᠢᠮᠠᠭ ᠤᠨ ᠨᠠᠮ ᠤᠨ ᠬᠤᠷᠢᠶ᠎ᠠ᠂ | ᠠᠶᠢᠮᠠᠭ ᠤᠨ ᠵᠠᠬᠢᠷᠭ᠎ᠠ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠲᠣᠬᠢᠷᠠᠭᠤᠯᠤᠯᠲᠠ | ᠪᠠᠶᠢᠷᠢᠯᠠᠭᠤᠯᠤᠯᠲᠠ ᠶᠣᠰᠣᠭᠠᠷ᠂ ᠮᠠᠨ ᠤ ᠰᠢᠶᠠᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠲᠥᠰᠥᠯ ᠢ | ᠲᠣᠭᠲᠠᠭᠠᠪᠠ᠃ | ᠨᠢᠭᠡ᠂ ᠬᠠᠷᠠᠯᠲᠠ ᠶᠢᠨ ᠡᠭᠦᠷᠭᠡ | 2024 ᠣᠨ ᠤ ᠵᠢᠯ ᠤᠨ ᠡᠴᠦᠰ ᠪᠣᠯᠬᠤ ᠳᠤ᠂ ᠬᠤᠲᠠ ᠶᠢᠨ 2 ᠵᠤᠯᠵᠠᠭ᠎ᠠ ᠮᠣᠳᠣᠨ ᠤ ᠬᠦᠷᠢᠶᠡᠯᠡᠩ ᠤᠨ | ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠲᠠᠯᠠᠪᠠᠶ ᠨᠢ 139 ᠮᠦ᠂ ᠴᠢᠬᠢ ᠮᠣᠳᠣ ᠶᠢ 22 ᠲᠦᠮᠡᠨ ᠰᠠᠭᠤᠷᠢ | ᠪᠣᠶᠢᠵᠢᠭᠤᠯᠤᠨ᠎ᠠ᠃ ᠡᠭᠦᠨ ᠳᠤ ᠬᠡᠷᠡᠯᠳᠦ ᠴᠠᠮᠬᠠᠭ ᠤᠨ ᠬᠤᠶᠢᠲᠤ ᠲᠠᠯ᠎ᠠ ᠶᠢᠨ ᠵᠤᠯᠵᠠᠭ᠎ᠠ ᠮᠣᠳᠣᠨ ᠤ ᠬᠦᠷᠢᠶᠡᠯᠡᠩ ᠤᠨ | ᠲᠠᠯᠠᠪᠠᠶ 79.5 ᠮᠦ᠂ 19 ᠲᠦᠮᠡᠨ ᠰᠠᠭᠤᠷᠢ ᠴᠢᠬᠢ ᠮᠣᠳᠣ ᠪᠣᠶᠢᠵᠢᠭᠤᠯᠵᠤ᠂ ᠭᠤᠷᠪᠠᠳᠤᠭᠠᠷ ᠪᠥᠬᠦᠳᠡ | ᠬᠤᠷᠠᠯ ᠤᠨ ᠬᠤᠶᠢᠲᠤ ᠲᠠᠯ᠎ᠠ ᠶᠢᠨ ᠵᠤᠯᠵᠠᠭ᠎ᠠ ᠮᠣᠳᠣᠨ ᠤ ᠬᠦᠷᠢᠶᠡᠯᠡᠩ 59.5 ᠮᠦ᠂ 3 ᠲᠦᠮᠡᠨ ᠰᠠᠭᠤᠷᠢ ᠴᠢᠬᠢ | ᠮᠣᠳᠣ ᠪᠣᠶᠢᠵᠢᠭᠤᠯᠤᠨ᠎ᠠ᠃ | ᠬᠤᠶᠠᠷ᠂ ᠭᠤᠣᠯᠳᠠᠯᠭ᠎ᠠ ᠲᠠᠢ ᠠᠵᠢᠯ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠴᠡᠴᠡᠷᠯᠢᠭ ᠤᠨ | ᠣᠷᠴᠢᠨ ᠲᠣᠭᠤᠷᠢᠨ ᠤ ᠠᠷᠢᠭᠤᠨ ᠴᠡᠪᠡᠷ ᠤᠨ ᠲᠥᠪ ᠢᠶᠠᠷ ᠲᠦᠷᠦᠭᠦᠯᠡᠭᠦᠯᠦᠨ᠂ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ᠂ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠳ ᠬᠠᠮᠵᠢᠯᠴᠠᠵᠤ᠂ | ᠬᠠᠮᠵᠢᠯᠴᠠᠭ᠎ᠠ ᠪᠠᠨ ᠴᠢᠩᠭᠠᠳᠬᠠᠨ᠂ ᠪᠠᠶᠢᠭᠠᠯᠢ ᠶᠢᠨ ᠣᠷᠴᠢᠨ ᠲᠣᠭᠤᠷᠢᠨ ᠯᠤᠭ᠎ᠠ ᠬᠠᠷᠢᠯᠴᠠᠨ ᠵᠣᠬᠢᠴᠠᠭᠤᠯᠬᠤ᠂ | ᠬᠤᠲᠠ ᠶᠢᠨ ᠥᠩᠭᠡ ᠦᠵᠡᠮᠵᠢ ᠯᠦᠭᠡ ᠬᠠᠷᠢᠯᠴᠠᠨ ᠵᠣᠬᠢᠴᠠᠭᠤᠯᠬᠤ᠂ ᠰᠠᠭᠤᠭᠠᠯᠢ ᠠᠷᠠᠳ ᠤᠨ ᠰᠠᠶᠢᠨ ᠰᠠᠶᠢᠬᠠᠨ | ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠯᠤᠭ᠎ᠠ ᠬᠠᠷᠢᠯᠴᠠᠨ ᠨᠡᠶᠢᠴᠡᠭᠦᠯᠬᠦ ᠵᠠᠷᠴᠢᠮ ᠢ ᠪᠠᠷᠢᠮᠲᠠᠯᠠᠵᠤ᠂ ᠬᠤᠲᠠ ᠶᠢᠨ | ᠵᠤᠯᠵᠠᠭ᠎ᠠ ᠮᠣᠳᠣᠨ ᠤ ᠬᠦᠷᠢᠶᠡᠯᠡᠩ ᠤᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠨᠢᠭᠡᠳᠦᠯᠲᠡᠢ ᠲᠥᠯᠥᠪᠯᠡᠨ | ᠰᠠᠶᠢᠲᠤᠷ ᠬᠢᠬᠦ ᠬᠡᠷᠡᠭᠲᠡᠢ᠃ | ︵ᠨᠢᠭᠡ︶ ᠮᠣᠳᠣᠨ ᠤ ᠲᠥᠷᠥᠯ ᠢ ᠰᠢᠨᠵᠢᠯᠡᠬᠦ ᠤᠬᠠᠭᠠᠨᠴᠢ ᠪᠠᠷ ᠰᠣᠩᠭᠤᠨ᠎ᠠ᠃ ᠠᠶᠢᠮᠠᠭ ᠤᠨ ᠱᠠᠲᠤᠨ ᠤ | ᠵᠤᠯᠵᠠᠭ᠎ᠠ ᠮᠣᠳᠣᠨ ᠤ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠲᠥᠰᠥᠯ ᠢᠶᠠᠷ ᠯᠠᠪᠯᠠᠯᠲᠠ ᠪᠣᠯᠭᠠᠵᠤ | ᠲᠣᠭᠲᠠᠭᠠᠭᠰᠠᠨ ᠵᠤᠯᠵᠠᠭ᠎ᠠ ᠮᠣᠳᠣᠨ ᠤ ᠪᠠᠲᠤᠯᠠᠨ ᠲᠠᠨᠢᠯᠴᠠᠭᠤᠯᠤᠭᠰᠠᠨ ᠲᠠᠷᠢᠮᠠᠯ ᠤᠨ ᠨᠠᠷᠢᠨ ᠬᠠᠭᠤᠳᠠᠰᠤ ︵ | ᠳᠠᠭᠠᠯᠳᠤᠭᠤᠯᠤᠯ 1︶ ᠳᠤ᠂ ᠲᠠᠷᠢᠮᠠᠯ ᠤᠨ ᠪᠠᠲᠤᠯᠠᠨ ᠲᠠᠨᠢᠯᠴᠠᠭᠤᠯᠤᠭᠰᠠᠨ ᠡᠭᠦᠯᠳᠡᠷ ᠤᠨ ᠲᠠᠯᠠᠪᠠᠶ ᠶᠢ ᠵᠠᠷᠴᠢᠮ | ᠳᠡᠭᠡᠷ᠎ᠡ ᠪᠠᠨ ᠶᠡᠷᠦᠩᠬᠡᠢ ᠲᠠᠷᠢᠮᠠᠯ ᠤᠨ ᠲᠠᠯᠠᠪᠠᠶ ᠶᠢᠨ 50% ᠠᠴᠠ ᠳᠡᠭᠡᠭᠰᠢᠬᠢ ᠶᠢ ᠡᠵᠡᠯᠡᠭᠦᠯᠬᠦ ᠬᠡᠷᠡᠭᠲᠡᠢ᠃ ᠲᠣᠰ | ᠭᠠᠵᠠᠷ ᠣᠷᠣᠨ ᠤ ᠠᠭᠤᠷ ᠠᠮᠢᠰᠬᠤᠯ᠂ ᠤᠰᠤ᠂ ᠬᠥᠷᠥᠰᠥ ᠰᠢᠷᠣᠢ ᠵᠡᠷᠭᠡ ᠬᠦᠴᠦᠨ ᠵᠦᠢᠯ ᠢ ᠭᠦᠢᠴᠡᠳ | ᠪᠣᠳᠣᠯᠬᠢᠯᠠᠵᠤ᠂ ᠪᠥᠬᠦ ᠰᠢᠶᠠᠨ ᠤ ᠨᠣᠭᠤᠭᠠᠷᠠᠭᠤᠯᠤᠯᠲᠠ ᠶᠢᠨ ᠬᠡᠷᠡᠭᠴᠡᠭᠡ ᠱᠠᠭᠠᠷᠳᠠᠯᠭ᠎ᠠ ᠶᠢᠨ ᠰᠠᠭᠤᠷᠢ ᠳᠤ | ᠰᠠᠭᠤᠷᠢᠯᠠᠨ᠂ ᠰᠢᠶᠠᠨ ᠤ ᠬᠤᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠣᠯᠠᠨ ᠥᠩᠭᠡ ᠶᠢᠨ ᠵᠢᠵᠢᠭ | ᠲᠤᠷᠤᠭ ᠮᠣᠳᠣ᠂ ᠴᠡᠴᠡᠭ ᠤᠨ ᠪᠣᠳᠠ ᠮᠣᠳᠣ ᠶᠢ ᠳᠦᠭᠦᠷᠭᠡᠵᠦ᠂ ᠬᠤᠲᠠ ᠶᠢᠨ ᠨᠣᠭᠤᠭᠠᠷᠠᠭᠤᠯᠤᠯᠲᠠ ᠶᠢᠨ | ᠠᠭᠤᠯᠭ᠎ᠠ ᠶᠢ ᠪᠠᠶᠠᠯᠢᠭᠵᠢᠭᠤᠯᠤᠨ᠂ ᠶᠠᠰᠤ ᠴᠢᠨᠠᠷ ᠪᠠ ᠰᠣᠨᠢᠷᠬᠠᠯᠲᠤ ᠴᠢᠨᠠᠷ ᠢ ᠳᠡᠭᠡᠭᠰᠢᠯᠡᠭᠦᠯᠦᠨ᠎ᠡ᠃ ᠰᠢᠬᠢᠷ | ᠪᠠᠲᠤᠴᠠᠭᠠᠨ᠂ ᠮᠥᠩᠭᠦᠨ ᠬᠦᠢᠯᠡᠰᠦ᠂ ᠲᠠᠪᠤᠯᠵᠢᠨ ᠪᠠᠲᠤᠴᠠᠭᠠᠨ᠂ ᠥᠳᠬᠡᠨ ᠤᠯᠠᠭᠠᠨ ᠭᠦᠢᠯᠡᠰᠦ᠂ ᠠᠯᠲᠠᠨ | ᠨᠠᠪᠴᠢᠲᠤ ᠬᠠᠶᠢᠯᠠᠰᠤ᠂ ᠭᠤᠣᠯᠲᠤ ᠪᠣᠷᠣ ᠵᠡᠷᠭᠡ 10 ᠭᠠᠷᠤᠢ ᠡᠭᠦᠯᠳᠡᠷ ᠢ ᠭᠤᠣᠯᠳᠠᠯᠭ᠎ᠠ ᠲᠠᠢ ᠳᠠᠷᠢᠵᠤ᠂ ᠣᠬᠤᠷ | ᠬᠤᠭᠤᠴᠠᠭ᠎ᠠ᠂ ᠳᠤᠮᠳᠠ ᠬᠤᠭᠤᠴᠠᠭ᠎ᠠ᠂ ᠣᠷᠳᠣ ᠬᠤᠭᠤᠴᠠᠭ᠎ᠠ ᠪᠠᠷ ᠰᠢᠨᠵᠢᠯᠡᠬᠦ ᠤᠬᠠᠭᠠᠨᠴᠢ ᠪᠠᠷ ᠣᠷᠣᠨ ᠲᠣᠭᠤᠷᠢᠭ | ᠬᠤᠪᠢᠶᠠᠨ ᠬᠤᠲᠠ ᠶᠢᠨ ᠵᠤᠯᠵᠠᠭ᠎ᠠ ᠮᠣᠳᠣᠨ ᠤ ᠬᠦᠷᠢᠶᠡᠯᠡᠩ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠃ | ︵ᠬᠤᠶᠠᠷ︶ ᠡᠵᠡᠩᠨᠡᠯᠲᠡ ᠬᠠᠮᠢᠶᠠᠷᠤᠯᠲᠠ ᠶᠢ ᠰᠠᠶᠢᠲᠤᠷ ᠬᠢᠬᠦ ᠬᠡᠷᠡᠭᠲᠡᠢ᠃ ᠮᠠᠨ ᠤ ᠰᠢᠶᠠᠨ ᠤ ᠪᠣᠳᠠᠲᠠᠢ ᠲᠠᠢ ᠪᠠᠨ | ᠤᠶᠠᠯᠳᠤᠭᠤᠯᠤᠨ᠂ ᠥᠪᠡᠰᠦᠪᠡᠨ ᠪᠠᠶᠢᠭᠤᠯᠵᠤ ᠥᠪᠡᠰᠦᠪᠡᠨ ᠡᠵᠡᠩᠨᠡᠵᠦ ᠡᠵᠡᠩᠨᠡᠬᠦ ᠵᠠᠭᠪᠤᠷ ᠢ ᠰᠦᠪᠡᠭᠴᠢᠯᠡᠨ | ᠬᠡᠷᠡᠭᠵᠢᠭᠦᠯᠵᠦ᠂ ᠬᠤᠲᠠ ᠶᠢᠨ ᠵᠤᠯᠵᠠᠭ᠎ᠠ ᠮᠣᠳᠣᠨ ᠤ ᠬᠦᠷᠢᠶᠡᠯᠡᠩ ᠤᠨ ᠵᠢᠷᠤᠮᠵᠢᠭᠰᠠᠨ ᠬᠠᠮᠢᠶᠠᠷᠤᠯᠲᠠ ᠶᠢ ᠲᠦᠯᠬᠢᠨ | ᠠᠬᠢᠭᠤᠯᠤᠨ᠎ᠠ᠃ ᠵᠤᠯᠵᠠᠭ᠎ᠠ ᠮᠣᠳᠣᠨ ᠤ ᠬᠦᠷᠢᠶᠡᠯᠡᠩ ᠤᠨ ᠲᠠᠷᠢᠮᠠᠯ ᠤᠨ ᠰᠠᠭᠤᠷᠢᠨ ᠭᠠᠵᠠᠷ ᠤᠨ ᠤᠰᠤ᠂ ᠴᠠᠬᠢᠯᠭᠠᠨ | ᠵᠡᠷᠭᠡ ᠴᠢᠳᠠᠮᠵᠢᠲᠤ ᠪᠡᠯᠡᠳᠬᠡᠮᠵᠢ ᠶᠢᠨ ᠢᠵᠢ ᠪᠦᠷᠢᠳᠦᠭᠦᠯᠬᠦ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠢ᠃ ᠵᠤᠯᠵᠠᠭ᠎ᠠ | ᠮᠣᠳᠣᠨ ᠤ ᠬᠦᠷᠢᠶᠡᠯᠡᠩ ᠤᠨ ᠬᠡᠪᠴᠢᠶ᠎ᠡ ᠪᠠ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠲᠠᠷᠢᠶᠠᠯᠠᠩ ᠤᠨ | ᠮᠠᠰᠢᠨ ᠢᠶᠠᠷ ᠪᠣᠷᠳᠣᠭᠤᠷ ᠣᠷᠣᠭᠤᠯᠬᠤ ᠵᠡᠷᠭᠡ ᠠᠷᠭ᠎ᠠ ᠬᠡᠮᠵᠢᠶ᠎ᠡ ᠠᠪᠴᠤ ᠪᠠᠶᠢᠭᠠᠳ ᠬᠦᠷᠢᠶᠡᠯᠡᠩ ᠤᠨ ᠬᠥᠷᠥᠰᠥ | ᠰᠢᠷᠣᠢ ᠶᠢ ᠰᠠᠶᠢᠵᠢᠷᠠᠭᠤᠯᠵᠤ᠂ ᠳᠠᠯᠠᠩ ᠭᠠᠷᠭᠠᠬᠤ ᠮᠠᠰᠢᠨ᠂ ᠴᠢᠬᠢ ᠭᠠᠷᠭᠠᠬᠤ ᠮᠠᠰᠢᠨ᠂ ᠡᠮ ᠰᠦᠷᠴᠢᠬᠦ ᠲᠤᠰᠬᠠᠢ | ᠲᠡᠷᠭᠡ ᠵᠡᠷᠭᠡ ᠬᠡᠷᠡᠭᠵᠢᠭᠦᠯᠬᠦ ᠲᠥᠬᠦᠭᠡᠷᠦᠮᠵᠢ ᠬᠤᠳᠠᠯᠳᠤᠨ ᠠᠪᠴᠤ᠂ ᠵᠣᠬᠢᠬᠤ ᠲᠤᠭ᠎ᠠ ᠬᠡᠮᠵᠢᠶᠡᠨ ᠤ ᠲᠤᠰᠬᠠᠢ | ᠮᠡᠷᠭᠡᠵᠢᠯ ᠤᠨ ᠠᠵᠢᠯᠲᠠᠨ ᠤ ᠡᠩᠨᠡᠭᠡ ᠶᠢ ᠰᠣᠩᠭᠤᠨ ᠤᠷᠢᠵᠤ ᠵᠣᠬᠢᠶᠠᠨ ᠪᠠᠶᠢᠭᠤᠯᠵᠤ᠂ ᠵᠤᠯᠵᠠᠭ᠎ᠠ ᠮᠣᠳᠣᠨ ᠤ | ᠦᠢᠯᠡᠳᠪᠦᠷᠢᠯᠡᠯ ᠤᠨ ᠬᠠᠮᠢᠶᠠᠷᠤᠯᠲᠠ ᠪᠠ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠠᠵᠢᠯ ᠢ | ᠰᠠᠶᠢᠲᠤᠷ ᠬᠢᠵᠦ᠂ ᠵᠤᠯᠵᠠᠭ᠎ᠠ ᠮᠣᠳᠣᠨ ᠤ ᠤᠷᠭᠤᠯᠲᠠ ᠶᠢᠨ ᠬᠤᠭᠤᠴᠠᠭᠠᠨ ᠳᠠᠬᠢ ᠡᠳᠡᠭᠡᠷᠡᠯᠲᠡ ᠶᠢᠨ ᠨᠣᠷᠮ᠎ᠠ ᠶᠢ | ᠵᠠᠷᠴᠢᠮ ᠳᠡᠭᠡᠷ᠎ᠡ ᠪᠠᠨ 95% ᠠᠴᠠ ᠳᠣᠣᠷ᠎ᠠ ᠪᠠᠶᠢᠯᠭᠠᠬᠤ ᠦᠭᠡᠢ᠃ | ︵ᠭᠤᠷᠪᠠ︶ ᠵᠠᠬ᠎ᠠ ᠳᠡᠯᠭᠡᠭᠦᠷ ᠢ ᠢᠳᠡᠪᠬᠢᠲᠡᠢ ᠪᠠᠷ ᠥᠷᠭᠡᠳᠬᠡᠨ᠎ᠡ᠃ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠶ | ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠳ ᠵᠣᠬᠢᠴᠠᠭᠤᠯᠤᠨ ᠵᠣᠯᠭᠠᠭᠤᠯᠬᠤ ᠶᠢ | ᠰᠠᠶᠢᠲᠤᠷ ᠬᠢᠵᠦ᠂ ᠬᠠᠮᠢᠶ᠎ᠠ ᠪᠦᠬᠦᠢ ᠴᠢᠬᠢ ᠮᠣᠳᠣ ᠶᠢ ᠬᠤᠲᠠ ᠶᠢᠨ ᠰᠢᠨᠡᠳᠬᠡᠯ᠂ ᠤᠯᠤᠰ ᠤᠨ ᠭᠠᠵᠠᠷ ᠰᠢᠷᠣᠢ ᠶᠢᠨ | ᠨᠣᠭᠤᠭᠠᠷᠠᠭᠤᠯᠤᠯᠲᠠ᠂ ᠵᠠᠮ ᠤᠨ ᠢᠨᠵᠧᠨᠧᠷᠢᠩ ᠤᠨ ᠨᠣᠭᠤᠭᠠᠷᠠᠭᠤᠯᠤᠯᠲᠠ ᠵᠡᠷᠭᠡ ᠲᠠᠯ᠎ᠠ ᠳᠤ ᠬᠡᠷᠡᠭᠯᠡᠬᠦ ᠬᠡᠷᠡᠭᠲᠡᠢ᠃ | ᠡᠭᠦᠨ ᠤ ᠰᠠᠭᠤᠷᠢᠨ ᠳᠡᠭᠡᠷ᠎ᠡ᠂ ᠰᠢᠶᠠᠨ ᠤ ᠳᠣᠲᠣᠷ᠎ᠠ ᠭᠠᠳᠠᠨᠠᠬᠢ ᠭᠤᠣᠯᠳᠠᠯᠭ᠎ᠠ ᠲᠠᠢ ᠤᠢ ᠰᠢᠭᠤᠢ ᠶᠢᠨ ᠠᠵᠤ | ᠠᠬᠤᠶᠢᠯᠠᠯ᠂ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠵᠡᠷᠭᠡ ᠯᠦᠭᠡ ᠶᠢᠨ ᠬᠤᠷᠰᠢᠯᠴᠠᠬᠤ ᠡᠷᠴᠢᠮ ᠢᠶᠠᠨ | ᠨᠡᠮᠡᠭᠳᠡᠭᠦᠯᠦᠨ᠂ ᠵᠤᠯᠵᠠᠭ᠎ᠠ ᠮᠣᠳᠣ ᠶᠢ ᠵᠠᠬ᠎ᠠ ᠳᠡᠯᠭᠡᠭᠦᠷᠴᠢᠯᠡᠨ ᠬᠠᠩᠭᠠᠬᠤ ᠪᠠᠷ ᠴᠢᠷᠮᠠᠶᠢᠵᠤ᠂ ᠵᠤᠯᠵᠠᠭ᠎ᠠ ᠮᠣᠳᠣᠨ ᠤ | ᠬᠦᠷᠢᠶᠡᠯᠡᠩ ᠤᠨ ᠠᠵᠤ ᠠᠬᠤᠢ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠲᠣᠬᠢᠷᠠᠭᠤᠯᠤᠯᠲᠠ ᠶᠢ ᠴᠢᠩᠭᠠᠳᠬᠠᠨ᠎ᠠ᠃ ᠰᠢᠶᠠᠨ ᠤ ᠵᠠᠰᠠᠭ ᠤᠨ | ᠣᠷᠳᠣᠨ ᠲᠤᠬᠠᠢ ᠶᠢᠨ ᠭᠠᠵᠠᠷ ᠲᠤᠨᠢ ᠬᠦᠷᠴᠦ ᠪᠠᠶᠢᠴᠠᠭᠠᠯᠲᠠ ᠬᠢᠬᠦ᠂ ᠬᠠᠷᠢᠭᠤ ᠮᠡᠳᠡᠭᠦᠯᠦᠯᠲᠡ ᠶᠢ ᠰᠣᠨᠣᠰᠬᠤ ᠵᠡᠷᠭᠡ | ᠠᠷᠭ᠎ᠠ ᠮᠠᠶ᠋ᠢᠭ ᠢᠶᠠᠷ ᠳᠠᠮᠵᠢᠭᠤᠯᠤᠨ ᠠᠵᠢᠯ ᠤᠨ ᠠᠬᠢᠴᠠ ᠶᠢ ᠲᠣᠭᠲᠠᠮᠠᠯ ᠬᠤᠭᠤᠴᠠᠭ᠎ᠠ ᠲᠠᠢ ᠪᠠᠷ ᠲᠦᠯᠬᠢᠨ | ᠠᠬᠢᠭᠤᠯᠬᠤ ᠶᠢᠨ ᠬᠠᠮᠲᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠳᠤᠮᠳᠠ ᠢᠯᠡᠷᠡᠭᠰᠡᠨ ᠡᠯ᠎ᠡ | ᠲᠥᠷᠥᠯ ᠤᠨ ᠠᠰᠠᠭᠤᠳᠠᠯ ᠢ ᠰᠤᠳᠤᠯᠤᠨ ᠰᠢᠢᠳᠪᠦᠷᠢᠯᠡᠨ᠎ᠡ᠃ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ︵ᠴᠡᠴᠡᠷᠯᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠲᠥᠪ | ︶ ᠨᠢ ᠠᠵᠢᠯ ᠤᠨ ᠠᠬᠢᠴᠠ ᠪᠠ ᠠᠵᠢᠯ ᠤᠨ ᠳ᠋ᠦᠩᠨᠡᠯᠲᠡ ᠪᠠᠨ ᠴᠠᠭ ᠲᠤᠬᠠᠢ ᠳᠤᠨᠢ ᠮᠡᠳᠡᠭᠦᠯᠵᠦ᠂ ᠣᠨ ᠤ ᠠᠵᠢᠯ ᠤᠨ | ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ | ︵ᠬᠤᠶᠠᠷ︶ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠲᠣᠳᠣᠷᠬᠠᠢ ᠪᠣᠯᠭᠠᠨ᠎ᠠ᠃ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠶ ᠰᠢᠭᠤᠢ ᠡᠪᠡᠰᠦ | ᠪᠡᠯᠴᠢᠭᠡᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠳ ᠬᠤᠲᠠ ᠶᠢᠨ ᠵᠤᠯᠵᠠᠭ᠎ᠠ ᠮᠣᠳᠣᠨ ᠤ ᠬᠦᠷᠢᠶᠡᠯᠡᠩ ᠯᠦᠭᠡ | ᠬᠤᠯᠪᠣᠭᠳᠠᠬᠤ ᠲᠥᠷᠥ ᠶᠢᠨ ᠪᠣᠳᠣᠯᠭ᠎ᠠ ᠪᠠ ᠲᠥᠷᠥᠯ ᠵᠦᠢᠯ ᠢ ᠬᠢᠨᠠᠮᠠᠭᠠᠢ ᠡᠮᠬᠢᠯᠡᠨ ᠳᠢᠭᠯᠡᠵᠦ᠂ ᠬᠤᠲᠠ ᠶᠢᠨ | ᠵᠤᠯᠵᠠᠭ᠎ᠠ ᠮᠣᠳᠣᠨ ᠤ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠳᠤ ᠳᠡᠮᠵᠢᠯᠭᠡ ᠦᠵᠡᠭᠦᠯᠬᠦ ᠬᠠᠷᠠᠭᠠᠯᠵᠠᠯ | ᠦᠵᠡᠭᠦᠯᠬᠦ ᠬᠡᠷᠡᠭᠲᠡᠢ᠃ ᠲᠤᠰᠬᠠᠢ ᠮᠡᠷᠭᠡᠵᠢᠯ ᠤᠨ ᠠᠵᠢᠯᠲᠠᠳ ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ | ᠬᠤᠳᠠ ᠶᠢᠨ ᠵᠤᠯᠵᠠᠭ᠎ᠠ ᠮᠣᠳᠣᠨ ᠤ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠮᠡᠷᠭᠡᠵᠢᠯ ᠤᠨ | ᠵᠢᠯᠣᠭᠤᠳᠤᠯᠭ᠎ᠠ ᠪᠠᠨ ᠴᠢᠩᠭᠠᠳᠬᠠᠬᠤ ᠬᠡᠷᠡᠭᠲᠡᠢ᠃ ᠤᠢ ᠰᠢᠭᠤᠢ ᠡᠪᠡᠰᠦ ᠪᠡᠯᠴᠢᠭᠡᠷᠣᠨ ᠰᠠᠯᠠᠭ᠎ᠠ | ᠮᠥᠴᠢᠷᠣᠳ ᠦᠢᠯᠡᠳᠪᠦᠷᠢᠯᠡᠯ ᠡᠵᠡᠩᠨᠡᠯᠲᠡ ᠶᠢᠨ ᠨᠥᠬᠦᠴᠡᠯ ᠢᠶᠠᠷ ᠨᠡᠯᠢᠶᠡᠳ ᠰᠠᠶᠢᠨ᠂ ᠵᠤᠯᠵᠠᠭ᠎ᠠ ᠮᠣᠳᠣ | ᠦᠷᠡᠵᠢᠭᠦᠯᠦᠨ ᠪᠣᠶᠢᠵᠢᠭᠤᠯᠬᠤ ᠴᠢᠳᠠᠪᠤᠷᠢ ᠪᠠᠷ ᠨᠡᠯᠢᠶᠡᠳ ᠴᠢᠩᠭ᠎ᠠ ᠵᠤᠯᠵᠠᠭ᠎ᠠ ᠮᠣᠳᠣᠨ ᠤ ᠬᠦᠷᠢᠶᠡᠯᠡᠩᠢ | ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠶᠢᠨ ᠪᠠᠲᠤᠯᠠᠭ᠎ᠠ ᠶᠢᠨ ᠴᠢᠨᠠᠷᠲᠠᠢ ᠵᠤᠯᠵᠠᠭ᠎ᠠ ᠮᠣᠳᠣᠨᠣ | ᠬᠦᠷᠢᠶᠡᠯᠡᠩ ᠲᠤ ᠮᠡᠳᠡᠭᠦᠯᠬᠦ ᠶᠢ ᠲᠡᠮᠵᠢᠵᠤ᠂ ᠵᠤᠯᠵᠠᠭ᠎ᠠ ᠮᠣᠳᠣᠨ ᠤ ᠬᠦᠷᠢᠶᠡᠯᠡᠩᠢ ᠪᠠᠷᠢᠮᠵᠢᠶᠠᠵᠢᠭᠤᠯᠬᠤ | ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ | ︵ᠭᠤᠷᠪᠠ︶ ᠪᠡᠯᠡ ᠮᠥᠩᠭᠦ ᠶᠢᠨ ᠣᠷᠣᠭᠤᠯᠤᠯᠲᠠ ᠶᠢ ᠨᠡᠮᠡᠭᠳᠡᠭᠦᠯᠦᠨ᠎ᠡ᠃ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ︵ᠴᠡᠴᠡᠷᠯᠢᠭ ᠤᠨ ᠣᠷᠴᠢᠨ ᠲᠣᠭᠤᠷᠢᠨ ᠤ ᠠᠷᠢᠭᠤᠨ | ᠴᠡᠪᠡᠷ ᠤᠨ ᠲᠥᠪ︶ ᠨᠢ ᠪᠣᠳᠠᠲᠠᠢ ᠬᠡᠷᠡᠭᠴᠡᠭᠡ᠂ ᠦᠨᠡᠨ ᠠᠴᠠ ᠵᠥᠪ ᠢ ᠡᠷᠢᠬᠦ ᠵᠠᠷᠴᠢᠮ ᠶᠣᠰᠣᠭᠠᠷ᠂ ᠪᠡᠯᠡ | ᠮᠥᠩᠭᠦ ᠶᠢᠨ ᠲᠥᠰᠥᠪ ᠢᠶᠠᠨ ᠪᠣᠳᠠᠲᠠᠶᠢᠵᠢᠭᠤᠯᠬᠤ ᠬᠡᠷᠡᠭᠲᠡᠢ᠃ ᠣᠯᠠᠨ ᠠᠷᠭ᠎ᠠ ᠵᠠᠮ ᠢᠶᠠᠷ ᠪᠡᠯᠡ ᠮᠥᠩᠭᠦ | ᠴᠤᠭᠯᠠᠭᠤᠯᠬᠤ ᠶᠢ ᠪᠠᠷᠢᠮᠲᠠᠯᠠᠵᠤ᠂ ᠤᠯᠤᠰ ᠤᠨ ᠲᠥᠷᠥ ᠶᠢᠨ ᠪᠣᠳᠣᠯᠭ᠎ᠠ ᠪᠠ ᠲᠥᠪ᠂ ᠥᠪᠡᠷᠲᠡᠭᠡᠨ ᠵᠠᠰᠠᠬᠤ | ᠣᠷᠣᠨ ᠤ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠵᠢᠴᠢ ᠪᠤᠰᠤᠳ ᠲᠤᠰᠬᠠᠢ ᠵᠦᠢᠯ ᠤᠨ ᠪᠡᠯᠡ | ᠮᠥᠩᠭᠦ ᠪᠠᠷ ᠬᠤᠲᠠ ᠶᠢᠨ ᠵᠤᠯᠵᠠᠭ᠎ᠠ ᠮᠣᠳᠣᠨ ᠤ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ | ᠳᠡᠮᠵᠢᠭᠦᠯᠬᠦ ᠪᠠᠷ ᠢᠳᠡᠪᠬᠢᠲᠡᠢ ᠴᠢᠷᠮᠠᠶᠢᠬᠤ ᠬᠡᠷᠡᠭᠲᠡᠢ᠃ ᠡᠳ᠋ ᠤᠨ ᠵᠠᠰᠠᠭ ᠤᠨ ᠲᠣᠪᠴᠢᠶ᠎ᠠ ᠨᠢ ᠬᠤᠲᠠ ᠶᠢᠨ ᠵᠤᠯᠵᠠᠭ᠎ᠠ | ᠮᠣᠳᠣᠨ ᠤ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠲᠣᠰ ᠱᠠᠲᠤᠨ ᠤ ᠡᠳ᠋ ᠤᠨ ᠵᠠᠰᠠᠭ ᠤᠨ ᠲᠥᠰᠥᠪ ᠲᠡᠭᠡᠨ | ᠣᠷᠣᠭᠤᠯᠵᠤ᠂ ᠠᠵᠢᠯ ᠤᠨ ᠥᠨᠳᠥᠷ ᠪᠦᠲᠦᠮᠵᠢᠲᠡᠶ ᠥᠷᠨᠢᠬᠦ ᠶᠢ ᠪᠠᠲᠤᠯᠠᠨ᠎ᠠ᠃ | ︵ᠳᠥᠷᠪᠡ︶ ᠰᠢᠯᠭᠠᠨ ᠬᠢᠨᠠᠵᠤ ᠦᠨᠡᠯᠡᠬᠦ ᠶᠢ ᠴᠢᠩᠭᠠᠷᠠᠭᠤᠯᠤᠨ᠎ᠠ᠃ ᠣᠷᠣᠨ ᠰᠠᠭᠤᠴᠠ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ ︵ᠴᠡᠴᠡᠷᠯᠢᠭ ᠣᠷᠴᠢᠨ ᠲᠣᠭᠤᠷᠢᠨ ᠤ ᠠᠷᠢᠭᠤᠨ ᠴᠡᠪᠡᠷ ᠤᠨ ᠲᠥᠪ︶ ᠬᠤᠲᠠ ᠶᠢᠨ | ᠵᠤᠯᠵᠠᠭ᠎ᠠ ᠮᠣᠳᠣᠨ ᠤ ᠬᠦᠷᠢᠶᠡᠯᠡᠩ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠡᠭᠦᠨ ᠢ ᠴᠢᠬᠤᠯᠠ | ᠠᠵᠢᠯ ᠤᠨ ᠡᠳᠦᠷ ᠤᠨ ᠳᠠᠷᠠᠭᠠᠯᠠᠯ ᠳᠠᠭᠠᠨ ᠣᠷᠣᠭᠤᠯᠵᠤ᠂ ᠠᠶᠢᠮᠠᠭ ᠤᠨ ᠱᠠᠲᠤᠨ ᠤ ᠬᠤᠲᠠ ᠶᠢᠨ ᠵᠤᠯᠵᠠᠭ᠎ᠠ | ᠮᠣᠳᠣᠨ ᠤ ᠬᠦᠷᠢᠶᠡᠯᠡᠩ ᠤᠨ ᠦᠢᠯᠡᠳᠪᠦᠷᠢᠯᠡᠯ ᠡᠵᠡᠩᠨᠡᠯᠲᠡ ᠶᠢᠨ ᠲᠠᠩᠰᠠ ᠡᠪᠬᠡᠮᠡᠯ ᠤᠨ ᠦᠨᠳᠦᠰᠦᠨ ᠠᠭᠤᠯᠭ᠎ᠠ ︵ | ᠳᠠᠭᠠᠯᠳᠤᠭᠤᠯᠤᠯ 2︶ ᠶᠣᠰᠣᠭᠠᠷ᠂ ᠮᠠᠨ ᠤ ᠰᠢᠶᠠᠨ ᠤ ᠡᠵᠡᠩᠨᠡᠯᠲᠡ ᠬᠠᠮᠢᠶᠠᠷᠤᠯᠲᠠ ᠶᠢᠨ ᠲᠠᠩᠰᠠ ᠡᠪᠬᠡᠮᠡᠯ ᠢ | ᠲᠡᠭᠦᠯᠳᠡᠷᠵᠢᠭᠦᠯᠵᠦ᠂ ᠰᠢᠶᠠᠨ ᠤ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠲᠠᠰᠤᠭ ᠠᠴᠠ ᠠᠵᠢᠯ | ᠥᠷᠨᠢᠭᠦᠯᠦᠭᠰᠡᠨ ᠪᠠᠶᠢᠳᠠᠯ ᠢ ᠰᠢᠮᠳᠠᠭᠤᠯᠤᠨ ᠵᠢᠯᠤᠭᠤᠳᠴᠤ ᠬᠢᠨᠠᠨ ᠰᠢᠯᠭᠠᠬᠤ ᠪᠠᠨ ᠴᠢᠩᠭᠠᠳᠬᠠᠵᠤ᠂ ᠠᠵᠢᠯ ᠤᠨ | ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠬᠤᠲᠠ ᠶᠢᠨ ᠵᠤᠯᠵᠠᠭ᠎ᠠ ᠮᠣᠳᠣᠨ ᠤ | ᠬᠦᠷᠢᠶᠡᠯᠡᠩ ᠤᠨ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | | | | |