ᠲᠦᠴᠢᠦᠸᠠᠨ ᠰᠢᠶᠠᠨ ᠤ ᠠᠷᠪᠠᠨ ᠨᠠᠶᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠬᠤᠷᠢᠨ ᠳᠥᠷᠪᠡᠳᠦᠭᠡᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/27
    3 ᠰᠠᠷ᠎ᠠ ᠶᠢᠨ 25 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠸᠠᠩ ᠶᠦᠩ ᠵᠢᠶᠠ ᠲᠦᠴᠢᠦᠸᠠᠨ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠬᠤᠷᠢᠨ ᠳᠥᠷᠪᠡᠳᠦᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ  ᠃ 《 ᠲᠦᠴᠢᠦᠸᠠᠨ ᠰᠢᠶᠠᠨ ᠤ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠵᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭᠠᠨ ᠤ ᠶᠡᠷᠦᠩᠬᠡᠢ ᠲᠥᠰᠦᠯ 》᠂ 《 ᠲᠦᠴᠢᠦᠸᠠᠨ ᠰᠢᠶᠠᠨ ᠤ ᠬᠠᠶᠢᠷ᠎ᠠ ᠬᠠᠯᠠᠮᠵᠢ  ᠶᠢᠨ ᠢᠨᠵᠧᠨᠧᠷᠢᠩ ᠤᠨ ᠬᠡᠷᠡᠭᠵᠢᠭᠦᠯᠬᠦ ᠲᠥᠰᠦᠯ 》᠂ 《 ᠲᠦᠴᠢᠦᠸᠠᠨ ᠰᠢᠶᠠᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠬᠡᠷᠡᠭᠵᠢᠭᠦᠯᠬᠦ ᠲᠥᠰᠦᠯ 》 ᠵᠡᠷᠭᠡ ᠪᠢᠴᠢᠭ ᠮᠠᠲ᠋ᠧᠷᠢᠶᠠᠯ ᠢ ᠰᠤᠳᠤᠯᠤᠨ ᠬᠢᠨᠠᠨ ᠵᠥᠪᠯᠡᠵᠦ᠂ 2024 ᠣᠨ ᠤ ᠭᠤᠷᠪᠠᠨ ᠤᠮᠠᠷᠠᠲᠤ ᠶᠢᠨ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ᠂ ᠬᠤᠷᠴᠢᠨ ᠤ ᠡᠯᠡᠰᠦᠷᠬᠡᠭ ᠭᠠᠵᠠᠷ ᠤᠨ ᠬᠤᠶᠢᠲᠤ ᠵᠠᠬ᠎ᠠ ᠶᠢᠨ ᠬᠢᠯᠢ ᠬᠢᠵᠠᠭᠠᠷ ᠢ ᠪᠢᠲᠡᠭᠦᠮᠵᠢᠯᠡᠬᠦ ᠳᠠᠶᠢᠯᠠᠯᠳᠤᠭᠠᠨ ᠤ ᠲᠦᠷᠦᠯ ᠵᠦᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠶᠢᠨ ᠬᠠᠮᠲᠤ ᠣᠳᠣᠬᠠᠨ ᠤ ᠭᠤᠣᠯᠳᠠᠯᠭ᠎ᠠ ᠲᠠᠢ ᠠᠵᠢᠯ  ᠢ ᠲᠤᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠠᠶᠢᠮᠠᠭ ᠤᠨ ᠬᠤᠯᠪᠣᠭᠳᠠᠯ ᠪᠦᠬᠦᠢ ᠠᠶᠤᠯᠭᠦᠢ ᠦᠢᠯᠡᠳᠪᠦᠷᠢᠯᠡᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠤᠷ ᠲᠦᠪᠰᠢᠨ ᠬᠥᠭᠵᠢᠯᠲᠡ ᠶᠢᠨ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠱᠠᠯᠠᠪᠳᠠᠭᠤᠯᠤᠨ ᠵᠢᠯᠣᠭᠤᠳᠴᠤ ᠪᠠᠶᠢᠴᠠᠭᠠᠬᠤ  ᠪᠠᠨ ᠴᠢᠩᠭᠠᠳᠬᠠᠵᠤ᠂ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃ ᠮᠠᠨ ᠤ ᠰᠢᠶᠠᠨ ᠤ ᠢᠯᠴᠢ ᠬᠠᠩᠭᠠᠬᠤ ᠬᠦᠷᠢᠶᠡᠨ ᠳᠤ ᠣᠷᠣᠰᠢᠵᠤ ᠪᠠᠶᠢᠭ᠎ᠠ ᠬᠠᠯᠠᠮᠰᠢᠯ᠂ ᠬᠦᠴᠢᠷ᠂ ᠠᠩᠬᠠᠷᠤᠯ ᠲᠥᠪᠯᠡᠷᠡᠭᠰᠡᠨ ᠠᠰᠠᠭᠤᠳᠠᠯ ᠢ ᠬᠦᠴᠦᠯᠡᠨ ᠰᠢᠶᠳᠪᠦᠷᠢᠯᠡᠵᠦ᠂ ᠬᠤᠭᠤᠯᠠᠶ ᠶᠢᠨ ᠲᠣᠤᠷ᠂ ᠢᠯᠴᠢ ᠰᠣᠯᠢᠬᠤ ᠥᠷᠲᠡᠭᠡ ᠶᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ  ᠶᠢᠨ ᠠᠬᠢᠴᠠ ᠶᠢ ᠲᠦᠷᠭᠡᠳᠬᠡᠵᠦ᠂ ᠮᠠᠨ ᠤ ᠰᠢᠶᠠᠨ ᠤ ᠢᠯᠴᠢ ᠬᠠᠩᠭᠠᠬᠤ ᠶᠠᠰᠤ ᠴᠢᠨᠠᠷ ᠪᠠ ᠦᠶᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠶ  ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠰᠠᠶᠢᠲᠤᠷ ᠠᠳᠬᠤᠵᠤ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠤᠬᠠᠭᠤᠯᠵᠤ ᠬᠥᠲᠥᠯᠥᠨ ᠵᠢᠯᠣᠭᠤᠳᠬᠤ  ᠪᠠᠨ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ ᠪᠠ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢ ᠦᠨᠡᠨ ᠬᠦ ᠴᠢᠩᠭᠠᠳᠬᠠᠬᠤ ᠬᠡᠷᠡᠭᠲᠡᠢ᠃ ᠬᠠᠷᠢᠭᠤᠴᠠᠯᠭ᠎ᠠ᠂ ᠡᠭᠦᠷᠭᠡ ᠪᠠ ᠴᠠᠭ ᠤᠨ ᠬᠢᠵᠠᠭᠠᠷ ᠢ ᠨᠠᠶᠢᠳᠠᠪᠤᠷᠢᠵᠢᠭᠤᠯᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠲᠠᠰ ᠳᠠᠷᠠᠭᠠᠯᠠᠯ ᠢ ᠴᠢᠩᠭ᠎ᠠ ᠭᠦᠶᠴᠡᠳᠬᠡᠵᠦ᠂ ᠲᠣᠬᠢᠷᠠᠭᠤᠯᠤᠨ ᠬᠢᠨᠠᠨ ᠵᠢᠯᠣᠭᠤᠳᠬᠤ ᠪᠠᠨ ᠴᠢᠩᠭᠠᠳᠬᠠᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠬᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠠᠬᠢᠭᠤᠯᠵᠤ᠂ ᠲᠦᠴᠢᠦᠸᠠᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠪᠠ ᠠᠮᠢ ᠠᠬᠤᠶ ᠶᠢ ᠵᠠᠰᠠᠬᠤ ᠥᠯᠢᠭᠡᠷ ᠳᠠᠭᠤᠷᠢᠶᠠᠯ ᠢᠨᠵᠧᠨᠧᠷᠢᠩ ᠢ ᠪᠠᠶᠢᠭᠤᠯᠬᠤ ᠬᠡᠷᠡᠭᠲᠡᠶ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃    ᠪᠠᠶᠢᠩᠭᠤ ᠶᠢᠨ ᠬᠤᠷᠠᠯ ᠲᠡᠭᠦᠰᠦᠭᠰᠡᠨ ᠤ ᠳᠠᠷᠠᠭ᠎ᠠ᠂ 2024 ᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠭᠤᠷᠪᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠦᠷᠭᠦᠯᠵᠢᠯᠡᠨ ᠬᠤᠷᠠᠯᠳᠤᠭᠤᠯᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号