ᠰᠢᠶᠠᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠵᠥᠪᠯᠡᠯ᠂ ᠠᠯᠪᠠᠨ ᠭᠡᠷ᠂ ᠲᠣᠪᠴᠢᠶ᠎ᠠ᠄ | ᠠᠵᠢᠯ ᠤᠨ ᠲᠣᠬᠢᠷᠠᠭᠤᠯᠤᠯᠲᠠ ᠶᠣᠰᠣᠭᠠᠷ᠂ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ | ᠪᠠᠷ ᠰᠢᠶᠠᠨ ᠢ ᠬᠦᠴᠦᠷᠬᠡᠭᠵᠢᠭᠦᠯᠬᠦ ᠲᠤᠷᠰᠢᠯᠲᠠ ᠶᠢᠨ ᠰᠢᠶᠠᠨ ᠢ ᠪᠠᠶᠢᠭᠤᠯᠬᠤ ᠠᠵᠢᠯ ᠢ ᠰᠠᠶᠢᠲᠤᠷ ᠬᠢᠬᠦ ᠶᠢᠨ | ᠲᠤᠰᠠᠳᠠ᠂ ᠡᠳᠦᠭᠡ《 ᠲᠦᠴᠢᠦᠸᠠᠨ ᠰᠢᠶᠠᠨ ᠤ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ | ᠪᠠᠷ ᠰᠢᠶᠠᠨ ᠢ ᠬᠦᠴᠦᠷᠬᠡᠭᠵᠢᠭᠦᠯᠬᠦ ᠲᠤᠷᠰᠢᠯᠲᠠ ᠶᠢᠨ ᠰᠢᠶᠠᠨ ᠢ ᠪᠠᠶᠢᠭᠤᠯᠬᠤ ᠠᠵᠢᠯ ᠢ ᠰᠠᠶᠢᠲᠤᠷ ᠬᠢᠬᠦ ᠲᠥᠰᠦᠯ | 》 ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠶ ᠃ | 2024 ᠣᠨ ᠤ 3 ᠰᠠᠷ᠎ᠠ ᠶᠢᠨ 25 ᠤ ᠡᠳᠦᠷ | | ᠲᠦᠴᠢᠦᠸᠠᠨ ᠰᠢᠶᠠᠨ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠰᠢᠶᠠᠨ | ᠤ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠰᠢᠶᠠᠨ ᠤ ᠠᠵᠢᠯ ᠤᠨ ᠲᠥᠰᠦᠯ | ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠰᠢᠶᠠᠨ ᠢ ᠬᠦᠴᠦᠷᠬᠡᠭᠵᠢᠭᠦᠯᠬᠦ | ᠲᠤᠷᠰᠢᠯᠲᠠ ᠶᠢᠨ ᠰᠢᠶᠠᠨ ᠢ ᠪᠥᠲᠥᠭᠡᠨ ᠪᠠᠶᠢᠭᠤᠯᠬᠤ ᠠᠵᠢᠯ ᠢ ᠰᠠᠶᠢᠲᠤᠷ ᠬᠢᠵᠦ᠂ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠪᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ | ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠤᠱᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ | ᠠᠭᠤᠰᠤᠯᠴᠠᠭᠤᠯᠵᠤ᠂ ᠪᠥᠬᠦ ᠨᠡᠶᠢᠭᠡᠮ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠨ᠂ | ᠲᠦᠴᠢᠦᠸᠠᠨ ᠰᠢᠶᠠᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠨ ᠪᠦᠲᠦᠭᠡᠬᠦ᠂ ᠬᠡᠷᠡᠭᠯᠡᠬᠦ | ᠂ ᠬᠠᠮᠠᠭᠠᠯᠠᠬᠤ᠂ ᠬᠠᠮᠢᠶᠠᠷᠬᠤ ᠪᠠ ᠦᠶᠯᠡᠴᠢᠯᠡᠬᠦ ᠠᠵᠢᠯ ᠢ ᠪᠥᠬᠦ ᠲᠠᠯ᠎ᠠ ᠪᠠᠷ ᠴᠢᠩᠭᠠᠳᠬᠠᠬᠤ ᠶᠢᠨ ᠲᠤᠰᠠᠳᠠ᠂ | ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠶᠢᠨ 《 ᠤᠯᠤᠰ ᠤᠨ ᠮᠡᠳᠡᠯᠭᠡ | ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠬᠤᠲᠠ ᠶᠢ ᠬᠦᠴᠦᠷᠬᠡᠭᠵᠢᠭᠦᠯᠬᠦ ᠲᠤᠷᠰᠢᠯᠲᠠ ᠶᠢᠨ ᠵᠢᠱᠢᠶ᠎ᠡ | ᠦᠵᠡᠭᠦᠯᠬᠦ ᠬᠤᠲᠠ᠂ ᠰᠢᠶᠠᠨ ᠢ ᠬᠦᠴᠦᠷᠬᠡᠭᠵᠢᠭᠦᠯᠬᠦ ᠲᠤᠷᠰᠢᠯᠲᠠ ᠶᠢᠨ ᠵᠢᠱᠢᠶ᠎ᠡ ᠦᠵᠡᠭᠦᠯᠬᠦ ᠰᠢᠶᠠᠨ ᠢ ᠪᠥᠲᠥᠭᠡᠨ | ᠪᠠᠶᠢᠭᠤᠯᠬᠤ ᠲᠤᠬᠠᠶ ᠮᠡᠳᠡᠭᠳᠡᠯ 》 ᠤᠨ ᠱᠠᠭᠠᠷᠳᠠᠯᠭ᠎ᠠ ᠶᠢ ᠦᠨᠳᠦᠰᠦᠯᠡᠨ᠂ ᠲᠦᠴᠢᠦᠸᠠᠨ ᠰᠢᠶᠠᠨ ᠤ ᠬᠥᠭᠵᠢᠯᠲᠡ | ᠶᠢᠨ ᠪᠣᠳᠠᠲᠠᠶ ᠲᠠᠢ ᠤᠶᠠᠯᠳᠤᠭᠤᠯᠵᠤ᠂ ᠲᠣᠰ ᠲᠥᠰᠦᠯ ᠢ ᠲᠣᠭᠲᠠᠭᠠᠪᠠ ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠤᠯᠤᠰ ᠤᠨ 《 ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠦᠴᠦᠷᠬᠡᠭ ᠤᠯᠤᠰ ᠤᠨ ᠪᠥᠲᠥᠭᠡᠨ ᠪᠠᠶᠢᠭᠤᠯᠤᠯᠲᠠ | ᠶᠢᠨ ᠬᠥᠲᠥᠯᠪᠦᠷᠢ ( 2021-2035 ᠣᠨ ) 》᠂ 《〈 ᠠᠷᠪᠠᠨ ᠳᠥᠷᠪᠡᠳᠦᠭᠡᠷ ᠲᠠᠪᠤᠨ ᠵᠢᠯ 〉 ᠤᠨ | ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠪᠠ ᠬᠡᠷᠡᠭᠯᠡᠬᠦ ᠲᠥᠯᠥᠪᠵᠢᠭᠦᠯᠭᠡ 》᠂ 《 | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 〈 ᠠᠷᠪᠠᠨ ᠳᠥᠷᠪᠡᠳᠦᠭᠡᠷ ᠲᠠᠪᠤᠨ ᠵᠢᠯ 〉 ᠤᠨ ᠮᠡᠳᠡᠯᠭᠡ | ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠪᠠ ᠬᠡᠷᠡᠭᠯᠡᠬᠦ ᠲᠥᠯᠥᠪᠵᠢᠭᠦᠯᠭᠡ 》 ᠪᠣᠯᠤᠨ ᠶᠡᠷᠦᠩᠬᠡᠶ ᠱᠦᠵᠢ ᠰᠢ | ᠶᠢᠨ ᠫᠢᠩ ᠤᠨ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ | ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠂ ᠠᠮᠢ ᠠᠬᠤᠶ ᠶᠢ ᠲᠡᠷᠢᠭᠦᠨ ᠳᠤ | ᠲᠠᠯᠪᠢᠬᠤ ᠶᠢ ᠭᠤᠶᠢᠪᠢᠰᠢ ᠦᠭᠡᠢ ᠪᠠᠷᠢᠮᠲᠠᠯᠠᠨ᠎ᠠ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ | ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠨ᠎ᠠ᠂ 《 ᠬᠤᠶᠠᠷ ᠬᠠᠯᠬᠠᠪᠴᠢ 》᠂ 《 ᠬᠤᠶᠠᠷ | ᠰᠠᠭᠤᠷᠢᠨ 》 ᠪᠠ 《 ᠨᠢᠭᠡ ᠪᠠᠬᠢᠯᠡᠯᠲᠡ 》 ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ | ᠲᠦᠷᠭᠡᠳᠬᠡᠬᠦ ᠶᠢᠨ ᠲᠣᠭᠤᠷᠢᠨ ᠳᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ | ᠪᠦᠬᠦ ᠲᠠᠯ᠎ᠠ ᠪᠠᠷ ᠴᠢᠩᠭᠠᠳᠬᠠᠨ᠎ᠠ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠬᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠲᠤᠭᠤᠰᠢᠯᠠᠭᠤᠯᠤᠶ᠎ᠠ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ᠎ᠠ᠂ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠪᠠᠶᠢᠷᠢᠯᠠᠭᠤᠯᠤᠯᠲᠠ ᠶᠢ | ᠬᠢᠨᠠᠮᠠᠭᠠᠶ ᠨᠠᠶᠢᠳᠠᠪᠤᠷᠢᠵᠢᠭᠤᠯᠤᠨ᠎ᠠ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠢ | ᠴᠢᠩᠭᠠᠳᠬᠠᠨ᠎ᠠ᠂ ᠪᠦᠬᠦ ᠨᠡᠶᠢᠭᠡᠮ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠨ᠎ᠡ᠂ ᠰᠢᠶᠠᠨ ᠤ | ᠬᠡᠪᠴᠢᠶᠡᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠨ ᠪᠦᠲᠦᠭᠡᠯᠲᠡ ᠶᠢ ᠪᠦᠬᠦ ᠲᠠᠯ᠎ᠠ | ᠪᠠᠷ ᠳᠡᠭᠡᠭᠰᠢᠯᠡᠭᠦᠯᠦᠨ᠎ᠡ᠂ ᠬᠡᠷᠡᠭᠯᠡᠬᠦ᠂ ᠬᠠᠮᠠᠭᠠᠯᠠᠬᠤ᠂ ᠬᠠᠮᠢᠶᠠᠷᠤᠯᠲᠠ ᠪᠠ ᠦᠢᠯᠡᠴᠢᠯᠡᠭᠡᠨ ᠤ ᠬᠢᠷᠢ ᠬᠡᠮᠵᠢᠶ᠎ᠡ᠂ ᠪᠦᠬᠦ | ᠰᠢᠶᠠᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠲᠡᠶ ᠲᠤᠯᠭᠠᠭᠤᠷᠢᠯᠠᠯ ᠬᠠᠩᠭᠠᠬᠤ | ᠬᠡᠷᠡᠭᠲᠡᠶ᠃ | ᠬᠤᠶᠠᠷ᠂ ᠶᠡᠷᠦᠩᠬᠡᠢ ᠰᠡᠳᠬᠢᠴᠡ ᠪᠠ ᠬᠠᠷᠠᠯᠲᠠ | ( ᠨᠢᠭᠡ ) ᠶᠡᠷᠦᠩᠬᠡᠶ ᠰᠡᠳᠬᠢᠴᠡ ᠃ 《 ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠶᠠᠰᠤ ᠴᠢᠨᠠᠷ ᠢ | ᠲᠡᠷᠢᠭᠦᠨ ᠳᠤ ᠲᠠᠯᠪᠢᠬᠤ᠂ ᠬᠠᠮᠠᠭᠠᠯᠠᠯᠲᠠ ᠶᠢ ᠴᠢᠩᠭᠠᠷᠠᠭᠤᠯᠬᠤ᠂ ᠰᠢᠰᠲ᠋ᠧᠮ ᠲᠠᠢ ᠵᠠᠰᠠᠬᠤ 》 ᠪᠠᠷ ᠵᠠᠷᠴᠢᠮ | ᠪᠣᠯᠭᠠᠬᠤ ᠶᠢ ᠪᠠᠷᠢᠮᠲᠠᠯᠠᠵᠤ᠂ ᠳᠦᠷᠢᠮ ᠢ ᠪᠦᠷᠢᠨᠰᠢᠭᠦᠯᠬᠦ᠂ ᠲᠣᠭᠲᠠᠴᠠ ᠶᠢ ᠲᠡᠭᠦᠯᠳᠡᠷᠵᠢᠭᠦᠯᠬᠦ᠂ ᠡᠭᠦᠳᠦᠨ ᠪᠦᠲᠦᠭᠡᠬᠦ | ᠶᠢ ᠠᠬᠢᠭᠤᠯᠬᠤ᠂ ᠤᠯᠠᠷᠢᠭᠤᠯᠬᠤ ᠶᠢ ᠠᠬᠢᠭᠤᠯᠬᠤ᠂ ᠬᠠᠮᠠᠭᠠᠯᠠᠬᠤ ᠶᠢ ᠴᠢᠩᠭᠠᠷᠠᠭᠤᠯᠬᠤ ᠵᠡᠷᠭᠡ ᠲᠠᠯ᠎ᠠ ᠠᠴᠠ ᠭᠠᠷᠳᠠᠵᠤ | ᠂ ᠰᠢᠶᠠᠨ ᠤ ᠬᠡᠪᠴᠢᠶᠡᠨ ᠤ ᠡᠬᠢ ᠪᠠᠶᠠᠯᠢᠭ ᠤᠨ ᠳᠠᠪᠠᠭᠤᠯᠢᠭ ᠢ ᠵᠠᠬ᠎ᠠ ᠳᠡᠯᠭᠡᠭᠦᠷ ᠤᠨ ᠥᠷᠢᠰᠥᠯᠳᠦᠭᠡᠨ ᠤ | ᠳᠠᠪᠠᠭᠤᠯᠢᠭ ᠪᠣᠯᠭᠠᠨ ᠬᠤᠪᠢᠷᠠᠭᠤᠯᠵᠤ᠂ ᠣᠷᠣᠨ ᠪᠦᠰᠡ ᠶᠢᠨ ᠨᠡᠷ᠎ᠡ ᠶᠢᠨ ᠬᠠᠭᠤᠳᠠᠰᠤ ᠶᠢ ᠪᠤᠢ ᠪᠣᠯᠭᠠᠨ᠎ᠠ ᠃ | ᠰᠢᠶᠠᠨ ᠤ ᠲᠤᠯᠭᠠᠭᠤᠷᠢ ᠠᠵᠤ ᠦᠶᠯᠡᠰ᠂ ᠣᠨᠴᠠᠯᠢᠭᠲᠤ ᠦᠶᠯᠡᠳᠬᠦᠨ ᠤ ᠳᠤᠮᠳᠠ ᠬᠥᠭᠵᠢᠯᠲᠡ ᠶᠢᠨ | ᠰᠠᠨᠠᠭᠠᠴᠢᠯᠠᠭᠠᠲᠤ ᠡᠷᠬᠡ ᠶᠢ ᠡᠵᠡᠮᠳᠡᠬᠦ ᠪᠠᠷ ᠴᠢᠷᠮᠠᠶᠢᠵᠤ᠂ ᠲᠦᠴᠢᠦᠸᠠᠨ ᠰᠢᠶᠠᠨ ᠤ ᠶᠡᠷᠦᠩᠬᠡᠶᠢᠯᠡᠭᠰᠡᠨ ᠥᠷᠢᠰᠦᠯᠳᠦᠬᠦ | ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ | ᠰᠢᠶᠠᠨ ᠢ ᠬᠦᠴᠦᠷᠬᠡᠭᠵᠢᠭᠦᠯᠬᠦ ᠬᠠᠷᠠᠯᠲᠠ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ ᠃ | ( ᠬᠤᠶᠠᠷ ) ᠶᠡᠷᠦᠩᠬᠡᠶ ᠬᠠᠷᠠᠯᠲᠠ ᠃ 2035 ᠣᠨ ᠪᠣᠯᠬᠤ ᠳᠤ᠂ ᠪᠥᠬᠦ ᠰᠢᠶᠠᠨ ᠤ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠷᠢᠶᠡᠨ ᠳᠠᠬᠢ ᠵᠠᠰᠠᠯᠲᠠ ᠶᠢᠨ ᠰᠢᠰᠲ᠋ᠧᠮᠵᠢ ᠪᠠ ᠵᠠᠰᠠᠯᠲᠠ ᠶᠢᠨ | ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠡᠭᠦᠳᠦᠨ ᠪᠦᠲᠦᠭᠡᠬᠦ ᠶᠠᠰᠤ ᠴᠢᠨᠠᠷ᠂ ᠬᠡᠷᠡᠭᠯᠡᠯᠲᠡ ᠶᠢᠨ ᠦᠷ᠎ᠡ ᠠᠰᠢᠭ᠂ ᠬᠠᠮᠠᠭᠠᠯᠠᠯᠲᠠ ᠶᠢᠨ ᠦᠷ᠎ᠡ ᠪᠦᠲᠦᠮᠵᠢ᠂ | ᠬᠠᠮᠢᠶᠠᠷᠤᠯᠲᠠ ᠶᠢᠨ ᠴᠢᠳᠠᠪᠤᠷᠢ ᠪᠠ ᠦᠶᠯᠡᠴᠢᠯᠡᠭᠡᠨ ᠤ ᠬᠠᠩᠭᠠᠯᠭ᠎ᠠ ᠶᠢᠨ ᠬᠢᠷᠢ ᠬᠡᠮᠵᠢᠶ᠎ᠡ ᠶᠢ ᠢᠯᠡᠳᠲᠡ | ᠳᠡᠭᠡᠭᠰᠢᠯᠡᠭᠦᠯᠵᠦ᠂ ᠰᠢᠨ᠎ᠡ ᠶᠢ ᠡᠭᠦᠳᠬᠦ ᠬᠦᠴᠦᠨ ᠵᠦᠶᠯ ᠢ ᠲᠥᠪᠯᠡᠷᠡᠭᠦᠯᠬᠦ᠂ ᠤᠯᠠᠷᠢᠭᠤᠯᠤᠨ ᠬᠡᠷᠡᠭᠯᠡᠬᠦ ᠶᠢ | ᠰᠢᠯᠤᠭᠤᠳᠬᠠᠬᠤ᠂ ᠬᠠᠮᠠᠭᠠᠯᠠᠯᠲᠠ ᠶᠢᠨ ᠲᠦᠷᠢᠮ ᠢ ᠲᠡᠭᠦᠯᠳᠡᠷᠵᠢᠭᠦᠯᠬᠦ᠂ ᠬᠠᠮᠢᠶᠠᠷᠤᠯᠲᠠ ᠶᠢᠨ ᠦᠶᠯᠡᠳᠦᠯ ᠢ | ᠳᠣᠪᠣᠶᠢᠯᠭᠠᠬᠤ᠂ ᠦᠶᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠬᠦᠯᠬᠦ᠂ ᠳᠡᠭᠡᠳᠦ ᠲᠠᠰ ᠤᠨ ᠴᠢᠳᠠᠪᠤᠷᠢᠲᠠᠨ ᠢ | ᠴᠤᠭᠯᠠᠷᠠᠭᠤᠯᠤᠨ᠎ᠠ ᠃ | 1. ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠯᠲᠡ ᠃ ᠰᠢᠨ᠎ᠡ ᠶᠢ ᠡᠭᠦᠳᠬᠦ ᠭᠤᠤᠯ | ᠴᠣᠭᠴᠠ ᠪᠠ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠡᠭᠦᠳᠦᠨ ᠪᠦᠲᠦᠭᠡᠬᠦ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠡᠭᠦᠳᠦᠨ ᠪᠦᠲᠦᠭᠡᠯᠲᠡ ᠶᠢ ᠲᠤᠭ᠎ᠠ ᠬᠡᠮᠵᠢᠶ᠎ᠡ ᠶᠢ ᠬᠥᠭᠡᠭᠡᠴᠡᠯᠳᠦᠵᠦ ᠪᠠᠶᠢᠭᠰᠠᠨ ᠠᠴᠠ ᠨᠢ | ᠶᠠᠰᠤ ᠴᠢᠨᠠᠷ ᠢ ᠳᠡᠭᠡᠭᠰᠢᠯᠡᠭᠦᠯᠬᠦ ᠳᠠᠰᠢ ᠬᠤᠪᠢᠷᠠᠭᠤᠯᠤᠨ᠂ ᠡᠭᠦᠳᠦᠨ ᠪᠦᠲᠦᠭᠡᠬᠦ ᠶᠠᠰᠤ ᠴᠢᠨᠠᠷ ᠢ ᠢᠯᠡᠳᠲᠡ | ᠳᠡᠭᠡᠭᠰᠢᠯᠡᠭᠦᠯᠵᠦ᠂ ᠲᠦᠴᠢᠦᠸᠠᠨ ᠤ ᠨᠠᠷᠢᠮᠤ ᠪᠤᠳᠠᠭ᠎ᠠ᠂ ᠲᠦᠴᠢᠦᠸᠠᠨ ᠤ ᠨᠣᠭᠤᠭᠠᠨ ᠪᠤᠷᠴᠠᠭ᠂ ᠲᠦᠴᠢᠦᠸᠠᠨ ᠤ ᠯᠦ | ᠬᠤᠸᠠ ᠲᠠᠬᠢᠶ᠎ᠠ᠂ ᠲᠦᠴᠢᠦᠸᠠᠨ ᠤ ᠬᠠᠭᠤᠷᠠᠶ ᠳ᠋ᠧᠦᠹᠦ᠋᠂ ᠲᠦᠴᠢᠦᠸᠠᠨ ᠤ ᠹᠧᠨᠲ᠋ᠢᠶᠤᠤᠷ ᠵᠡᠷᠭᠡ ᠭᠠᠵᠠᠷ ᠵᠦᠶ ᠶᠢᠨ | ᠲᠡᠮᠳᠡᠭ ᠲᠠᠢ ᠨᠠᠷᠠᠲᠤ ᠲᠥᠷᠥᠯ ᠲᠡᠮᠳᠡᠭᠲᠦ ᠪᠠ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ | ᠲᠡᠮᠳᠡᠭᠲᠦ ᠶᠢᠨ ᠬᠥᠲᠥᠯᠥᠨ ᠳᠠᠭᠠᠭᠤᠯᠬᠤ ᠦᠶᠯᠡᠳᠦᠯ ᠢ ᠭᠦᠶᠴᠡᠳ ᠪᠠᠳᠠᠷᠠᠭᠤᠯᠤᠨ᠂ ᠲᠦᠴᠢᠦᠸᠠᠨ ᠤ ᠬᠦᠷᠡᠩ | ᠰᠠᠷᠢᠮᠰᠠᠭ᠂ ᠲᠦᠴᠢᠦᠸᠠᠨ ᠤ ᠡᠯᠡᠰᠦᠨ ᠵᠢᠮᠢᠰ᠂ ᠲᠦᠴᠢᠦᠸᠠᠨ ᠤ ᠪᠤᠷᠴᠠᠭ ᠤᠨ ᠡᠭᠡᠳᠡᠩ ᠤᠨ ᠭᠠᠵᠠᠷ ᠵᠦᠶ ᠶᠢᠨ | ᠲᠡᠮᠳᠡᠭ ᠢᠶᠠᠷ︔ ᠤᠯᠤᠰ ᠤᠨ ᠠᠮᠢ ᠠᠬᠤᠶ ᠶᠢᠨ ᠤᠭ ᠭᠠᠷᠤᠯᠲᠠ ᠶᠢᠨ ᠣᠷᠣᠨ ᠤ ᠪᠦᠲᠦᠭᠡᠭᠳᠡᠬᠦᠨ ᠢ ᠬᠠᠮᠠᠭᠠᠯᠠᠬᠤ | ᠵᠢᠱᠢᠶ᠎ᠡ ᠦᠵᠡᠭᠦᠯᠬᠦ ᠰᠢᠶᠠᠨ ᠢ ᠢᠳᠡᠪᠬᠢᠲᠡᠶ ᠭᠤᠶᠤᠴᠢᠯᠠᠨ ᠮᠡᠳᠡᠭᠦᠯᠵᠦ᠂ ᠪᠦᠬᠦ ᠰᠢᠶᠠᠨ ᠤ ᠣᠨᠴᠠᠯᠢᠭᠲᠤ | ᠪᠦᠲᠦᠭᠡᠭᠳᠡᠬᠦᠨ ᠤ ᠡᠬᠢ ᠪᠠᠶᠠᠯᠢᠭ ᠤᠨ ᠳᠠᠪᠠᠭᠤᠯᠢᠭ ᠢ ᠪᠦᠲᠦᠭᠡᠭᠳᠡᠬᠦᠨ ᠤ ᠨᠡᠷᠡᠲᠦ ᠲᠥᠷᠥᠯ ᠲᠡᠮᠳᠡᠭᠲᠦ ᠶᠢᠨ | ᠳᠠᠪᠠᠭᠤᠯᠢᠭ ᠪᠠ ᠵᠠᠬ᠎ᠠ ᠳᠡᠯᠭᠡᠭᠦᠷ ᠤᠨ ᠥᠷᠢᠰᠥᠯᠳᠦᠭᠡᠨ ᠤ ᠳᠠᠪᠠᠭᠤᠯᠢᠭ ᠪᠣᠯᠭᠠᠨ ᠬᠤᠪᠢᠷᠠᠭᠤᠯᠬᠤ ᠶᠢ ᠠᠬᠢᠭᠤᠯᠵᠤ᠂ | ᠨᠢᠭᠡ ᠪᠦᠯᠦᠭ ᠴᠢᠨᠠᠷ ᠰᠠᠶᠢᠲᠠᠶ᠂ ᠥᠨᠳᠥᠷ ᠦᠨ᠎ᠡ ᠥᠷᠲᠡᠭ ᠲᠠᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢ ᠪᠣᠶᠢᠵᠢᠭᠤᠯᠤᠨ ᠪᠦᠷᠢᠯᠳᠦᠭᠦᠯᠵᠦ᠂ ᠪᠦᠬᠦ ᠰᠢᠶᠠᠨ ᠤ ᠲᠤᠰᠬᠠᠶ ᠠᠰᠢᠭ ᠨᠢᠭᠲᠠᠷᠬᠠᠰᠠᠨ ᠬᠡᠯᠪᠡᠷᠢ ᠶᠢᠨ ᠠᠵᠤ | ᠦᠢᠯᠡᠰ ᠤᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠬᠤ ᠬᠡᠷᠡᠭᠲᠡᠶ ᠃ | 2. ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠡᠷᠡᠭᠯᠡᠯᠲᠡ ᠃ ᠮᠡᠳᠡᠯᠭᠡ ᠶᠢᠨ ᠪᠦᠲᠦᠭᠡᠭᠳᠡᠬᠦᠨ | ᠤ ᠥᠮᠴᠢᠯᠡᠬᠦ ᠡᠷᠬᠡ ᠶᠢᠨ ᠪᠠᠶᠢᠷᠢᠰᠢᠭᠤᠯᠤᠯᠲᠠ ᠶᠢᠨ ᠲᠥᠯᠥᠪᠵᠢᠭᠦᠯᠭᠡ ᠶᠢ ᠨᠡᠪᠲᠡᠷᠡᠭᠦᠯᠦᠨ᠎ᠡ᠂ ᠪᠣᠶᠢᠵᠢᠭᠤᠯᠤᠨ | ᠨᠡᠪᠴᠢᠭᠦᠯᠬᠦ᠂ ᠠᠷᠠᠯᠵᠢᠶ᠎ᠠ ᠶᠢ ᠡᠷᠭᠢᠯᠳᠦᠭᠦᠯᠬᠦ ᠪᠠ ᠤᠯᠠᠷᠢᠭᠤᠯᠤᠨ ᠬᠡᠷᠡᠭᠵᠢᠭᠦᠯᠬᠦ ᠪᠥᠬᠦ ᠬᠡᠯᠬᠢᠶ᠎ᠡ᠂ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠬ᠎ᠠ ᠳᠡᠯᠭᠡᠭᠦᠷᠴᠢᠯᠡᠨ ᠡᠵᠡᠩᠨᠡᠬᠦ ᠲᠣᠭᠲᠠᠴᠠ ᠶᠢ ᠪᠦᠷᠢᠨᠰᠢᠭᠦᠯᠦᠨ᠎ᠡ᠂ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠡᠷᠡᠭᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠂ ᠵᠢᠷᠭᠤᠭᠠᠨ | ᠡᠷᠦᠬᠡ ᠭᠤᠷᠪᠠᠨ ᠡᠷᠳᠡᠨᠢ ᠢᠳᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢ ᠢᠳᠡᠪᠬᠢᠲᠡᠶ | ᠪᠣᠶᠢᠵᠢᠭᠤᠯᠤᠨ᠎ᠠ᠂ ᠮᠧᠩ ᠲᠧ ᠬᠤᠶ ᠠᠮᠢ ᠠᠬᠤᠶ ᠶᠢᠨ ᠲᠠᠷᠢᠶᠠᠯᠠᠩ ᠤᠨ ᠬᠢᠵᠠᠭᠠᠷᠲᠤ ᠺᠣᠮᠫᠠᠨᠢ ᠵᠡᠷᠭᠡ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠭᠤᠤᠯᠳᠠᠯᠭ᠎ᠠ ᠲᠠᠢ ᠠᠵᠤ ᠠᠬᠤᠶᠢᠯᠠᠯ᠂ ᠠᠵᠤ ᠠᠬᠤᠶᠢᠯᠠᠯ ᠤᠨ ᠰᠢᠨ᠎ᠡ ᠶᠢ | ᠡᠭᠦᠳᠬᠦ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠤᠨ᠎ᠠ᠂ ᠭᠠᠵᠠᠷ ᠵᠦᠶ ᠶᠢᠨ ᠲᠡᠮᠳᠡᠭ ᠢᠶᠠᠷ ᠭᠡᠷᠡᠴᠢᠯᠡᠭᠰᠡᠨ ᠲᠠᠸᠠᠷ | ᠤᠨ ᠲᠡᠮᠳᠡᠭ ᠤᠨ ᠨᠠᠷᠠᠲᠤ ᠲᠥᠷᠥᠯ ᠲᠡᠮᠳᠡᠭᠲᠦ ᠶᠢᠨ ᠳᠠᠶᠢᠴᠢᠯᠠᠬᠤ ᠦᠶᠯᠡᠳᠦᠯ ᠢ ᠪᠠᠳᠠᠷᠠᠭᠤᠯᠤᠨ᠎ᠠ᠂ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠠᠨᠵᠢᠯᠠᠭ᠎ᠠ ᠲᠠᠢ ᠪᠠᠯᠠ ᠲᠣᠬᠢᠷᠠᠭᠤᠯᠭ᠎ᠠ ᠶᠢ ᠠᠬᠢᠭᠤᠯᠤᠨ᠎ᠠ᠂ ᠠᠵᠤ | ᠠᠬᠤᠶᠢᠯᠠᠯ ᠤᠨ ᠪᠡᠯᠡ ᠲᠣᠬᠢᠷᠠᠭᠤᠯᠬᠤ ᠠᠷᠭ᠎ᠠ ᠵᠠᠮ ᠢ ᠥᠷᠭᠡᠳᠬᠡᠨ᠎ᠡ᠂ ᠪᠡᠯᠡ ᠲᠣᠬᠢᠷᠠᠭᠤᠯᠬᠤ ᠬᠦᠴᠢᠷ ᠠᠰᠠᠭᠤᠳᠠᠯ ᠢ | ᠰᠢᠶᠳᠪᠦᠷᠢᠯᠡᠬᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠥᠬᠦ ᠰᠢᠶᠠᠨ ᠤ ᠠᠵᠤ ᠠᠬᠤᠶ ᠶᠢᠨ | ᠴᠢᠨᠠᠷ ᠰᠠᠶᠢᠲᠠᠶ ᠬᠥᠭᠵᠢᠯᠲᠡ ᠳᠤ ᠦᠵᠡᠭᠦᠯᠬᠦ ᠬᠤᠪᠢ ᠨᠡᠮᠡᠷᠢ ᠶᠢᠨ ᠬᠡᠮᠵᠢᠶ᠎ᠡ ᠶᠢ ᠪᠡᠶᠡᠯᠡᠭᠦᠯᠦᠨ᠎ᠡ ᠃ | 3. ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠃ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠰᠢᠰᠲ᠋ᠧᠮᠵᠢ ᠶᠢ ᠨᠠᠩ ᠪᠦᠷᠢᠨᠰᠢᠬᠦᠯᠵᠦ᠂ ᠬᠠᠤᠯᠢ ᠪᠠᠷ ᠵᠠᠰᠠᠬᠤ | ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | 《 ᠲᠡᠮᠦᠷ ᠨᠢᠳᠤᠷᠭ᠎ᠠ 》᠂ 《 ᠬᠥᠬᠡ ᠣᠭᠲᠠᠷᠭᠤᠶ 》᠂ 《 ᠺᠦᠨᠯᠦ᠋ᠨ 》 ᠵᠡᠷᠭᠡ ᠲᠤᠰᠬᠠᠶ ᠠᠵᠢᠯᠯᠠᠭ᠎ᠠ ᠶᠢ | ᠭᠦᠨᠵᠡᠭᠡᠶ ᠥᠷᠨᠢᠭᠦᠯᠵᠦ᠂ ᠡᠷᠬᠡ ᠳᠤ ᠬᠠᠯᠳᠠᠭᠰᠠᠳ ᠢ ᠵᠠᠯᠬᠠᠭᠠᠨ ᠰᠢᠳᠬᠡᠬᠦ ᠴᠢᠨᠠᠷᠲᠠᠶ ᠲᠥᠯᠥᠪᠦᠷᠢ ᠶᠢᠨ ᠲᠦᠷᠢᠮ ᠢ | ᠨᠠᠶᠢᠳᠠᠪᠤᠷᠢᠵᠢᠭᠤᠯᠬᠤ ᠶᠢ ᠴᠢᠩᠭᠠᠷᠠᠭᠤᠯᠤᠨ᠂ ᠣᠯᠠᠨ ᠲᠦᠮᠡᠨ ᠤ ᠲᠤᠰᠬᠠᠯ ᠢᠶᠠᠷ ᠴᠢᠩᠭ᠎ᠠ᠂ ᠨᠡᠶᠢᠭᠡᠮ ᠤᠨ ᠶᠠᠷᠢᠶ᠎ᠠ | ᠬᠡᠯᠡᠯᠴᠡᠭᠡᠨ ᠢᠶᠠᠷ ᠠᠩᠬᠠᠷᠤᠨ ᠬᠠᠯᠠᠮᠵᠢᠯᠠᠵᠤ᠂ ᠡᠷᠬᠡ ᠳᠤ ᠬᠠᠯᠳᠠᠨ ᠬᠠᠭᠤᠷᠮᠠᠭ ᠮᠠᠭᠤ ᠲᠠᠸᠠᠷ ᠣᠯᠠᠨᠲᠠ ᠭᠠᠷᠳᠠᠭ | ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠣᠷᠣᠨ ᠪᠦᠰᠡ ᠳᠤ ᠬᠦᠴᠦᠲᠡᠶ ᠴᠣᠬᠢᠯᠲᠠ ᠥᠭᠴᠦ᠂ ᠡᠴᠦᠰ ᠲᠤᠨᠢ | ᠲᠤᠯᠲᠠᠯ᠎ᠠ ᠴᠡᠭᠴᠡᠯᠡᠨ ᠵᠠᠰᠠᠵᠤ᠂ ᠠᠶᠤᠯᠭᠠᠨ ᠰᠦᠷᠳᠡᠭᠦᠯᠬᠦ ᠶᠢ ᠪᠣᠳᠠᠲᠠᠶᠢᠵᠢᠭᠤᠯᠵᠤ᠂ ᠰᠢᠨ᠎ᠡ ᠶᠢ ᠡᠭᠦᠳᠬᠦ ᠨᠠᠩ | ᠰᠠᠶᠢᠨ ᠣᠷᠴᠢᠨ ᠲᠣᠭᠤᠷᠢᠨ ᠪᠠ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠪᠣᠶ ᠪᠣᠯᠭᠠᠨ᠂ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠨᠡᠶᠢᠭᠡᠮ ᠤᠨ ᠬᠠᠨᠤᠮᠵᠢ ᠶᠢᠨ ᠬᠡᠮᠵᠢᠶ᠎ᠡ ᠶᠢ ᠤᠯᠠᠮ ᠨᠢᠭᠡ | ᠠᠯᠬᠤᠮ ᠳᠡᠭᠡᠭᠰᠢᠯᠡᠭᠦᠯᠦᠨ᠎ᠡ ᠃ | 4. ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶᠠᠷᠤᠯᠲᠠ ᠃ ᠬᠠᠮᠢᠶ᠎ᠠ ᠪᠦᠬᠦᠢ ᠵᠣᠬᠢᠶᠠᠨ | ᠪᠠᠶᠢᠭᠤᠯᠤᠯᠲᠠ ᠵᠢᠴᠢ ᠭᠤᠣᠯᠳᠠᠯᠭ᠎ᠠ ᠲᠠᠢ ᠠᠵᠤ ᠠᠬᠤᠶᠢᠯᠠᠯ ᠢ ᠵᠣᠷᠢᠭᠵᠢᠭᠤᠯᠬᠤ ᠪᠠ ᠬᠥᠲᠥᠯᠥᠨ ᠵᠢᠯᠣᠭᠤᠳᠴᠤ | ᠪᠠᠶᠢᠭᠠᠳ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠵᠢᠷᠤᠮᠵᠢᠭᠰᠠᠨ ᠭᠡᠷᠡᠴᠢᠯᠡᠯ | ᠳᠤ ᠣᠷᠣᠯᠴᠠᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠬᠢᠷᠢ | ᠬᠡᠮᠵᠢᠶ᠎ᠡ ᠪᠠ ᠳᠡᠰ ᠳᠠᠪᠬᠤᠷᠭ᠎ᠠ ᠶᠢ ᠳᠡᠭᠡᠭᠰᠢᠯᠡᠭᠦᠯᠬᠦ ᠬᠡᠷᠡᠭᠲᠡᠶ ᠃ ᠲᠦᠴᠢᠦᠸᠠᠨ ᠰᠢᠶᠠᠨ ᠤ ᠭᠠᠵᠠᠷ ᠵᠦᠶ ᠶᠢᠨ | ᠲᠡᠮᠳᠡᠭ ᠵᠡᠷᠭᠡ ᠭᠤᠤᠯᠳᠠᠯᠭ᠎ᠠ ᠲᠠᠢ ᠠᠵᠤ ᠦᠶᠯᠡᠰ ᠤᠨ ᠬᠡᠯᠬᠢᠶ᠎ᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠠᠪᠠᠭᠤᠯᠢᠭ ᠠᠵᠤ ᠠᠬᠤᠶᠢᠯᠠᠯ ᠢ ᠪᠣᠶᠢᠵᠢᠭᠤᠯᠬᠤ | ᠬᠥᠮᠥᠷᠭᠡ ᠪᠠᠶᠢᠭᠤᠯᠵᠤ᠂ 《 ᠭᠤᠤᠯᠳᠠᠯᠭ᠎ᠠ ᠲᠠᠢ ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢ ᠬᠠᠮᠠᠭᠠᠯᠠᠬᠤ ᠰᠢᠭᠤᠳ ᠨᠡᠪᠲᠡᠷᠡᠬᠦ ᠲᠦᠷᠢᠮ 》 ᠢ ᠬᠡᠷᠡᠭᠵᠢᠭᠦᠯᠵᠦ᠂ ᠭᠤᠤᠯᠳᠠᠯᠭ᠎ᠠ ᠲᠠᠢ ᠠᠵᠤ | ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠴᠢᠳᠠᠪᠤᠷᠢ ᠶᠢ | ᠳᠡᠭᠡᠭᠰᠢᠯᠡᠭᠦᠯᠬᠦ ᠶᠢᠨ ᠬᠠᠮᠲᠤ᠂ ᠠᠵᠤ ᠠᠬᠤᠶᠢᠯᠠᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠬᠦ ᠶᠢ ᠠᠬᠢᠭᠤᠯᠤᠨ᠎ᠠ ᠃ | 5. ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠶᠯᠡᠴᠢᠯᠡᠭᠡᠨ ᠃ ᠰᠢᠨ᠎ᠡ ᠶᠢ ᠡᠭᠦᠳᠬᠦ ᠭᠤᠣᠯ | ᠴᠣᠭᠴᠠ ᠪᠣᠯᠤᠨ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠪᠦᠬᠦ ᠬᠡᠯᠬᠢᠶ᠎ᠡ ᠬᠠᠩᠭᠠᠨ᠎ᠠ᠂ ᠲᠤᠰᠬᠠᠶᠢᠵᠢᠭᠰᠠᠨ | ᠮᠡᠳᠡᠯᠭᠡ ᠶᠢᠨ ᠪᠦᠲᠦᠭᠡᠭᠳᠡᠬᠦᠨ ᠤ ᠡᠷᠬᠡ ᠶᠢᠨ ᠦᠢᠯᠡᠴᠢᠯᠡᠭᠡ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ | ᠶᠢᠨ ᠣᠯᠠᠨ ᠨᠡᠶᠢᠲᠡ ᠶᠢᠨ ᠦᠶᠯᠡᠴᠢᠯᠡᠭᠡᠨ ᠤ ᠵᠦᠶᠯᠡᠰ ᠤᠨ ᠨᠠᠷᠢᠨ ᠬᠠᠭᠤᠳᠠᠰᠤ ᠶᠢ ᠲᠣᠭᠲᠠᠭᠠᠨ ᠨᠡᠶᠢᠲᠡᠯᠡᠬᠦ | ᠬᠡᠷᠡᠭᠲᠡᠶ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠣᠯᠠᠨ ᠨᠡᠶᠢᠲᠡ ᠶᠢᠨ ᠦᠶᠯᠡᠴᠢᠯᠡᠭᠡᠨ ᠤ | ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠬᠦ ᠬᠡᠷᠡᠭᠲᠡᠶ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ | ᠠᠰᠢᠭᠯᠠᠨ ᠡᠷᠬᠡ ᠠᠰᠢᠭ ᠢᠶᠠᠨ ᠬᠠᠮᠠᠭᠠᠯᠠᠬᠤ ᠠᠵᠢᠯ ᠤᠨ ᠥᠷᠲᠡᠭᠡ ᠵᠢᠴᠢ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠶᠯᠡᠴᠢᠯᠡᠭᠡᠨ ᠤ ᠥᠷᠲᠡᠭᠡ᠂ ᠪᠦᠬᠦ ᠰᠢᠶᠠᠨ ᠤ | ᠠᠵᠤ ᠠᠬᠤᠶᠢᠯᠠᠯ ᠪᠠ ᠨᠡᠢᠭᠡᠮ ᠨᠡᠶᠢᠲᠡ ᠳᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠷᠬᠡ ᠠᠰᠢᠭ | ᠢ ᠬᠠᠮᠠᠭᠠᠯᠠᠨ᠎ᠠ᠂ ᠵᠠᠭᠠᠯᠳᠤᠬᠤ᠂ ᠵᠢᠭᠤᠷᠠᠯᠳᠤᠭᠠᠨ ᠢ ᠨᠢᠭᠡ ᠯᠡ ᠳᠡᠭᠡᠷ᠎ᠡ ᠬᠦᠯᠢᠶᠡᠨ ᠠᠪᠴᠤ ᠰᠢᠶᠳᠪᠦᠷᠢᠯᠡᠬᠦ᠂ ᠮᠡᠳᠡᠯᠭᠡ | ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠭᠠᠯᠳᠤᠵᠤ ᠢᠯᠡᠴᠢᠯᠡᠨ ᠮᠡᠳᠡᠭᠦᠯᠬᠦ ᠵᠠᠮ ᠮᠥᠷ ᠢ ᠰᠢᠯᠤᠭᠤᠳᠬᠠᠨ᠎ᠠ | ᠂ ᠠᠵᠤ ᠠᠬᠤᠶᠢᠯᠠᠯ ᠤᠨ ᠭᠤᠤᠯ ᠴᠣᠭᠴᠠ ᠪᠣᠯᠤᠨ ᠨᠡᠶᠢᠭᠡᠮ ᠤᠨ ᠣᠯᠠᠨ ᠨᠡᠶᠢᠲᠡ ᠳᠤ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠶᠢ ᠬᠠᠩᠭᠠᠬᠤ ᠬᠡᠷᠡᠭᠲᠡᠶ᠂ ᠡᠷᠢᠬᠦ᠂ | ᠠᠰᠠᠭᠤᠨ ᠯᠠᠪᠯᠠᠬᠤ ᠵᠡᠷᠭᠡ ᠦᠢᠯᠡᠴᠢᠯᠡᠭᠡ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠶᠡᠷᠦᠩᠬᠡᠶᠢᠯᠡᠭᠰᠡᠨ ᠬᠡᠷᠡᠭᠯᠡᠭᠡᠨ ᠤ ᠪᠣᠳᠠᠲᠤ ᠬᠦᠴᠦᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠂ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠣᠯᠠᠨ ᠨᠡᠶᠢᠲᠡ ᠶᠢᠨ ᠦᠶᠯᠡᠴᠢᠯᠡᠭᠡ ᠶᠢ ᠠᠷᠠᠳ ᠲᠤ ᠨᠠᠩ ᠳᠥᠭᠦᠮ | ᠠᠷᠠᠳ ᠲᠤ ᠠᠰᠢᠭᠲᠠᠶ ᠪᠣᠯᠭᠠᠨ᠎ᠠ᠂ ᠦᠶᠯᠡᠴᠢᠯᠡᠭᠡᠨ ᠤ ᠬᠢᠷᠢ ᠲᠦᠪᠰᠢᠨ ᠨᠠᠩ ᠴᠢᠨᠠᠷ ᠰᠠᠶᠢᠲᠠᠶ ᠳᠥᠭᠦᠮ ᠳᠥᠲᠡ | ᠪᠣᠯᠪᠠ ᠃ | ᠭᠤᠷᠪᠠ᠂ ᠭᠤᠣᠯᠳᠠᠯᠭ᠎ᠠ ᠲᠠᠢ ᠠᠵᠢᠯ | ( ᠨᠢᠭᠡ ) ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠤᠨ ᠰᠢᠰᠲ᠋ᠧᠮᠵᠢ ᠶᠢ ᠪᠦᠷᠢᠨᠰᠢᠭᠦᠯᠬᠦ | ᠬᠡᠷᠡᠭᠲᠡᠶ᠃ ᠪᠥᠬᠦ ᠰᠢᠶᠠᠨ ᠤ ᠣᠨᠴᠠᠯᠢᠭᠲᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ᠂ ᠠᠷᠠᠳ | ᠤᠨ ᠵᠠᠩ ᠦᠢᠯᠡ ᠶᠢᠨ ᠭᠠᠷ ᠤᠷᠠᠯᠠᠯ ᠤᠨ ᠪᠦᠲᠦᠭᠡᠭᠳᠡᠬᠦᠨ᠂ ᠮᠧᠬᠠᠨᠢᠭ ᠦᠶᠯᠡᠳᠬᠦ᠂ ᠰᠣᠶᠣᠯ ᠵᠢᠭᠤᠯᠴᠢᠯᠠᠯ ᠵᠡᠷᠭᠡ | ᠬᠦᠷᠢᠶ᠎ᠡ ᠴᠠᠷᠠᠭ᠎ᠠ ᠶᠢᠨ ᠲᠣᠭᠤᠷᠢᠨ ᠳᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠢᠱᠢᠶ᠎ᠡ | ᠦᠵᠡᠭᠦᠯᠬᠦ ᠠᠵᠢᠯ ᠢ ᠥᠷᠨᠢᠭᠦᠯᠦᠨ᠎ᠡ ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠡᠳᠡᠭᠡ ᠵᠠᠩᠭᠢ | ᠶᠢᠨ ᠦᠶᠯᠡᠴᠢᠯᠡᠭᠡᠨ ᠤ ᠲᠠᠪᠴᠠᠩ ᠢ ᠪᠠᠶᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠶᠢ ᠪᠡᠶᠡᠯᠡᠭᠦᠯᠦᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ | ᠶᠢᠨ ᠬᠠᠮᠢᠶᠠᠷᠤᠯᠲᠠ᠂ ᠵᠠᠭᠠᠯᠳᠤᠯᠭ᠎ᠠ᠂ ᠡᠷᠬᠡ ᠪᠠᠨ ᠬᠠᠮᠠᠭᠠᠯᠠᠵᠤ ᠬᠠᠮᠠᠭᠠᠯᠠᠬᠤ ᠵᠡᠷᠭᠡ ᠦᠶᠯᠡᠴᠢᠯᠡᠭᠡᠨ ᠤ ᠠᠵᠢᠯ ᠤᠨ | ᠥᠷᠨᠢᠯᠲᠡ ᠶᠢ ᠠᠬᠢᠭᠤᠯᠵᠤ᠂ ᠲᠤᠰᠬᠠᠶ ᠠᠰᠢᠭ ᠤᠨ ᠲᠤᠯᠭᠤᠷ ᠪᠢᠴᠢᠭ ᠤᠨ ᠮᠡᠳᠡᠭᠡ ᠵᠠᠩᠭᠢ ᠶᠢ ᠪᠠᠶᠢᠴᠠᠭᠠᠨ | ᠠᠰᠠᠭᠤᠵᠤ ᠡᠷᠢᠬᠦ ᠦᠶᠯᠡᠴᠢᠯᠡᠭᠡᠨ ᠢ ᠬᠠᠩᠭᠠᠵᠤ᠂ ᠲᠤᠰᠬᠠᠶ ᠠᠰᠢᠭ ᠤᠨ ᠮᠡᠳᠡᠭᠡ ᠵᠠᠩᠭᠢ ᠶᠢᠨ ᠦᠶᠯᠡᠴᠢᠯᠡᠭᠡᠨ ᠤ | ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ ᠃ [ ᠬᠠᠷᠢᠭᠤᠴᠠᠯᠭᠠᠲᠤ ᠨᠢᠭᠡᠴᠡ᠄ ᠠᠵᠤ ᠦᠶᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ( ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ )᠂ ᠲᠠᠷᠢᠶᠠᠯᠠᠩ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ] | ( ᠬᠤᠶᠠᠷ ) ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠯᠠᠷᠢᠭᠤᠯᠬᠤ ᠪᠠ ᠠᠵᠤ | ᠦᠢᠯᠡᠰᠵᠢᠭᠦᠯᠬᠦ ᠶᠢ ᠠᠬᠢᠭᠤᠯᠬᠤ ᠬᠡᠷᠡᠭᠲᠡᠢ ᠃ ᠵᠠᠰᠠᠭ ᠤᠨ ᠣᠷᠳᠣᠨ ᠤ ᠲᠡᠳᠬᠦᠨ ᠳᠡᠮᠵᠢᠬᠦ ᠡᠷᠴᠢᠮ ᠢ | ᠴᠢᠩᠭᠠᠷᠠᠭᠤᠯᠵᠤ᠂ ᠲᠤᠰᠬᠠᠢ ᠠᠰᠢᠭ ᠤᠨ ᠬᠡᠷᠡᠭᠵᠢᠭᠦᠯᠦᠯᠲᠡ ᠶᠢ ᠲᠤᠰᠠᠯᠠᠬᠤ ᠢᠨᠵᠧᠨᠧᠷᠢᠩ ᠢ ᠥᠷᠨᠢᠭᠦᠯᠦᠨ᠂ | ᠲᠤᠰᠬᠠᠢ ᠠᠰᠢᠭ ᠤᠨ ᠡᠷᠬᠡ ᠶᠢ ᠪᠣᠳᠠᠲᠠᠢ ᠭᠠᠵᠠᠷ ᠲᠤᠨᠢ ᠨᠠᠶᠢᠳᠠᠪᠤᠷᠢᠵᠢᠭᠤᠯᠤᠨ ᠬᠤᠪᠢᠷᠠᠭᠤᠯᠬᠤ ᠶᠢ ᠠᠬᠢᠭᠤᠯᠤᠨ᠎ᠠ᠃ | ᠠᠷᠠᠳ ᠤᠨ ᠬᠥᠷᠥᠩᠭᠡ ᠵᠡᠷᠭᠡ ᠡᠯ᠎ᠡ ᠲᠥᠷᠥᠯ ᠤᠨ ᠪᠡᠯᠡ ᠮᠥᠩᠭᠦ ᠶᠢᠨ ᠲᠤᠰᠬᠠᠶ ᠠᠰᠢᠭ ᠤᠨ ᠮᠡᠷᠭᠡᠵᠢᠯ ᠤᠨ ᠠᠵᠤ | ᠦᠶᠯᠡᠰᠴᠢᠯᠡᠯᠲᠡ ᠳᠠᠬᠢ ᠣᠷᠣᠭᠤᠯᠤᠯᠲᠠ ᠶᠢ ᠬᠥᠲᠥᠯᠥᠨ ᠵᠢᠯᠣᠭᠤᠳᠴᠤ᠂ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠮᠡᠷᠭᠡᠵᠢᠯ ᠢ ᠦᠢᠯᠡᠳᠪᠦᠷᠢᠯᠡᠯ ᠤᠨ ᠴᠢᠬᠤᠯᠠ ᠬᠦᠴᠦᠨ ᠵᠦᠢᠯ ᠪᠣᠯᠭᠠᠨ ᠬᠤᠪᠢᠶᠠᠷᠢᠯᠠᠯᠲᠠ ᠳᠤ | ᠣᠷᠣᠯᠴᠠᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠨᠢᠭᠡᠴᠡ ᠬᠢᠭᠡᠳ ᠬᠤᠪᠢ ᠬᠥᠮᠦᠨ ᠤ | ᠥᠮᠴᠢᠯᠡᠵᠦ ᠪᠠᠶᠢᠭ᠎ᠠ ᠪᠤᠶᠤ ᠡᠵᠡᠮᠰᠢᠵᠦ ᠪᠠᠶᠢᠭ᠎ᠠ ᠲᠤᠰᠬᠠᠶ ᠠᠰᠢᠭ ᠤᠨ ᠡᠷᠬᠡ᠂ ᠲᠠᠸᠠᠷ ᠤᠨ ᠲᠡᠮᠳᠡᠭ ᠤᠨ ᠡᠷᠬᠡ | ᠪᠠᠨ ᠬᠤᠪᠢ ᠣᠷᠣᠭᠤᠯᠤᠨ ᠠᠰᠢᠭ ᠬᠤᠪᠢᠶᠠᠬᠤ ᠶᠢ ᠳᠡᠮᠵᠢᠵᠦ᠂ ᠪᠣᠯᠪᠠᠰᠤᠷᠠᠩᠭᠤᠶ ᠪᠣᠯᠤᠭᠰᠠᠨ ᠲᠤᠰᠬᠠᠶ ᠠᠰᠢᠭ ᠤᠨ | ᠮᠡᠷᠭᠡᠵᠢᠯ ᠤᠨ ᠬᠡᠷᠡᠭᠵᠢᠭᠦᠯᠦᠯᠲᠡ ᠬᠤᠪᠢᠷᠠᠭᠤᠯᠤᠯᠲᠠ ᠶᠢ ᠲᠦᠷᠭᠡᠳᠬᠡᠬᠦ ᠬᠡᠷᠡᠭᠲᠡᠶ ᠃ ᠮᠡᠳᠡᠯᠭᠡ ᠶᠢᠨ ᠪᠦᠲᠦᠭᠡᠭᠳᠡᠬᠦᠨ | ᠤ ᠥᠮᠴᠢᠯᠡᠬᠦ ᠡᠷᠬᠡ ᠶᠢᠨ ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠬᠠᠮᠢᠶᠠᠷᠤᠯᠲᠠ᠂ ᠬᠠᠮᠠᠭᠠᠯᠠᠯᠲᠠ᠂ ᠤᠷᠮᠠᠰᠢᠭᠤᠯᠤᠯ ᠵᠡᠷᠭᠡ ᠦᠨᠳᠦᠰᠦᠨ ᠳᠦᠷᠢᠮ ᠪᠠᠶᠢᠭᠤᠯᠬᠤ ᠶᠢ ᠳᠡᠮᠵᠢᠬᠦ ᠬᠡᠷᠡᠭᠲᠡᠢ ᠃ | ᠲᠠᠸᠠᠷ ᠤᠨ ᠲᠡᠮᠳᠡᠭ ᠢ ᠳᠠᠩᠰᠠᠯᠠᠭᠤᠯᠬᠤ᠂ ᠬᠡᠪᠯᠡᠯ ᠤᠨ ᠡᠷᠬᠡ ᠶᠢ ᠭᠤᠶᠤᠴᠢᠯᠠᠨ ᠮᠡᠳᠡᠭᠦᠯᠬᠦ ᠶᠢ ᠵᠣᠷᠢᠭᠵᠢᠭᠤᠯᠵᠤ᠂ | ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠨᠡᠷᠡᠲᠦ ᠲᠡᠮᠳᠡᠭᠲᠦ ᠶᠢᠨ ᠡᠵᠡᠩᠨᠡᠯᠲᠡ ᠬᠢᠯᠭᠡᠵᠦ᠂ ᠠᠵᠤ | ᠠᠬᠤᠶᠢᠯᠠᠯ ᠤᠨ ᠨᠡᠷᠡᠲᠦ ᠲᠠᠸᠠᠷ ᠤᠨ ᠲᠡᠮᠳᠡᠭ ᠢ ᠴᠢᠷᠮᠠᠶᠢᠨ ᠡᠭᠦᠳᠬᠦ ᠠᠵᠢᠯᠯᠠᠭ᠎ᠠ ᠥᠷᠨᠢᠭᠦᠯᠬᠦ ᠶᠢ ᠲᠦᠯᠬᠢᠨ | ᠠᠬᠢᠭᠤᠯᠵᠤ᠂ ᠠᠵᠤ ᠠᠬᠤᠶᠢᠯᠠᠯ ᠤᠨ ᠦᠢᠯᠡᠳᠬᠦᠨ ᠤ ᠥᠷᠢᠰᠥᠯᠳᠦᠬᠦ ᠬᠦᠴᠦᠨ ᠪᠣᠯᠤᠨ ᠵᠠᠬ᠎ᠠ ᠳᠡᠯᠭᠡᠭᠦᠷ ᠡᠵᠡᠯᠡᠬᠦ | ᠨᠣᠷᠮ᠎ᠠ ᠶᠢ ᠨᠡᠮᠡᠭᠳᠡᠭᠦᠯᠵᠦ᠂ ᠪᠦᠬᠦ ᠰᠢᠶᠠᠨ ᠳᠤ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ | ᠰᠢᠮ᠎ᠡ᠂ ᠠᠷᠠᠳ ᠤᠨ ᠵᠠᠩ ᠦᠢᠯᠡ ᠶᠢᠨ ᠭᠠᠷ ᠤᠷᠠᠯᠠᠯ ᠤᠨ ᠪᠦᠲᠦᠭᠡᠭᠳᠡᠬᠦᠨ᠂ ᠮᠠᠰᠢᠨ ᠦᠢᠯᠡᠳᠬᠦ᠂ ᠰᠣᠶᠣᠯ ᠤᠨ | ᠵᠢᠭᠤᠯᠴᠢᠯᠠᠯ ᠵᠡᠷᠭᠡ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠡᠷᠭᠡᠵᠢᠯ | ᠪᠣᠯᠤᠨ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠲᠠᠢ ᠨᠢᠭᠡ ᠪᠦᠯᠦᠭ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠳᠠᠪᠠᠭᠤᠯᠢᠭ ᠠᠵᠤ ᠠᠬᠤᠶᠢᠯᠠᠯ ᠤᠨ ᠪᠦᠯᠦᠭᠯᠡᠯ ᠢ ᠠᠯᠬᠤᠮ ᠠᠯᠬᠤᠮ ᠢᠶᠠᠷ ᠪᠣᠶ ᠪᠣᠯᠭᠠᠬᠤ | ᠬᠡᠷᠡᠭᠲᠡᠶ ᠃ [ ᠬᠠᠷᠢᠭᠤᠴᠠᠯᠭᠠᠲᠤ ᠨᠢᠭᠡᠴᠡ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ( | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ )᠂ ᠰᠣᠶᠣᠯ ᠵᠢᠭᠤᠯᠴᠢᠯᠠᠯ ᠤᠨ ᠲᠣᠪᠴᠢᠶ᠎ᠠ᠂ | ᠠᠵᠤ ᠦᠶᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠲᠠᠷᠢᠶᠠᠯᠠᠩ ᠰᠢᠨᠵᠢᠯᠡᠬᠦ ᠤᠬᠠᠭᠠᠨ ᠤ ᠲᠣᠪᠴᠢᠶ᠎ᠠ᠂ | ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ] ᠃ | ( ᠭᠤᠷᠪᠠ ) ᠥᠨᠳᠥᠷ ᠥᠷᠲᠡᠭ ᠲᠠᠢ ᠲᠠᠸᠠᠷ ᠤᠨ ᠲᠡᠮᠳᠡᠭ ᠤᠨ ᠨᠠᠷᠠᠲᠤ ᠲᠥᠷᠥᠯ ᠲᠡᠮᠳᠡᠭᠲᠦ ᠶᠢ | ᠪᠣᠶᠢᠵᠢᠭᠤᠯᠬᠤ ᠡᠷᠴᠢᠮ ᠢ ᠴᠢᠩᠭᠠᠷᠠᠭᠤᠯᠤᠨ᠎ᠠ᠃ ᠨᠡᠷ᠎ᠡ ᠠᠯᠳᠠᠷᠰᠢᠭᠰᠠᠨ ᠲᠠᠸᠠᠷ ᠤᠨ ᠲᠡᠮᠳᠡᠭ᠂ ᠭᠠᠵᠠᠷ ᠵᠦᠶ ᠶᠢᠨ | ᠲᠡᠮᠳᠡᠭ ᠢᠶᠠᠷ ᠭᠡᠷᠡᠴᠢᠯᠡᠭᠰᠡᠨ ᠲᠠᠸᠠᠷ ᠤᠨ ᠲᠡᠮᠳᠡᠭ᠂ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠶ ᠶᠢᠨ ᠲᠡᠮᠳᠡᠭ | ᠂ ᠭᠠᠵᠠᠷ ᠵᠦᠶ ᠶᠢᠨ ᠲᠡᠮᠳᠡᠭ ᠢ ᠬᠠᠮᠠᠭᠠᠯᠠᠬᠤ ᠦᠶᠯᠡᠳᠬᠦᠨ ᠵᠢᠴᠢ ᠵᠣᠬᠢᠬᠤ ᠨᠥᠯᠥᠭᠡᠯᠡᠬᠦ ᠬᠦᠴᠦᠨ ᠲᠠᠢ ᠣᠷᠣᠨ | ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ᠂ ᠨᠠᠷᠠᠲᠠᠶ ᠲᠠᠸᠠᠷ ᠤᠨ ᠲᠡᠮᠳᠡᠭ ᠢᠶᠠᠷ ᠭᠤᠤᠯ | ᠪᠣᠯᠭᠠᠭᠰᠠᠨ ᠲᠠᠸᠠᠷ ᠤᠨ ᠲᠡᠮᠳᠡᠭ ᠤᠨ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠰᠢᠰᠲ᠋ᠧᠮᠵᠢ ᠶᠢ | ᠪᠣᠶᠢᠵᠢᠭᠤᠯᠤᠨ ᠪᠠᠶᠢᠭᠤᠯᠤᠨ᠎ᠠ ᠃ ᠲᠦᠴᠢᠦᠸᠠᠨ ᠰᠢᠶᠠᠨ ᠤ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ | ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠵᠤ ᠭᠠᠳᠠᠭᠰᠢ ᠭᠠᠷᠭᠠᠬᠤ ᠰᠠᠭᠤᠷᠢᠨ ᠤ ᠪᠦᠳᠦᠭᠡᠨ | ᠪᠠᠶᠢᠭᠤᠯᠤᠯᠲᠠ ᠪᠠ ᠪᠣᠬᠢᠷᠲᠤᠯ ᠦᠭᠡᠢ ᠤᠨᠴᠠᠯᠢᠬᠳᠤ ᠳᠠᠪᠠᠭᠤᠯᠢᠭ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ | ᠤᠨ ᠪᠦᠳᠦᠭᠡᠨ ᠪᠠᠶᠢᠭᠤᠯᠤᠯᠲᠠ ᠲᠠᠢ ᠤᠶᠠᠯᠳᠤᠭᠤᠯᠵᠤ᠂ ᠠᠮᠢ ᠠᠬᠤᠢ ᠶᠢᠨ ᠳᠠᠪᠠᠭᠤᠯᠢᠭ᠂ ᠡᠬᠢ ᠪᠠᠶᠠᠯᠢᠭ ᠤᠨ | ᠳᠠᠪᠠᠭᠤᠯᠢᠭ᠂ ᠠᠵᠤ ᠦᠢᠯᠡᠰ ᠤᠨ ᠳᠠᠪᠠᠭᠤᠯᠢᠭ᠂ ᠶᠠᠰᠤ ᠴᠢᠨᠠᠷ ᠤᠨ ᠳᠠᠪᠠᠭᠤᠯᠢᠭ ᠢ ᠲᠦᠷᠦᠯ ᠲᠡᠮᠳᠡᠭ ᠤᠨ | ᠳᠠᠪᠠᠭᠤᠯᠢᠭ ᠪᠣᠯᠭᠠᠨ ᠬᠤᠪᠢᠷᠠᠭᠤᠯᠬᠤ ᠶᠢ ᠠᠬᠢᠭᠤᠯᠵᠤ᠂ ᠤᠳᠤ ᠦᠶ᠎ᠡ ᠶᠢᠨ ᠠᠵᠤ ᠦᠢᠯᠡᠰ ᠤᠨ ᠲᠦᠷᠦᠯ ᠲᠡᠮᠳᠡᠭ | ᠤᠨ ᠦᠷᠳᠡᠭ ᠤᠨ ᠰᠢᠰᠲ᠋ᠧᠮ ᠢ ᠪᠠᠶᠢᠭᠤᠯᠤᠨ᠎ᠠ ᠃ ᠭᠠᠵᠠᠷ ᠵᠦᠶ ᠶᠢᠨ ᠪᠡᠯᠭᠡ ᠲᠡᠮᠳᠡᠭ ᠢᠶᠠᠷ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠠᠵᠢᠯᠯᠠᠭ᠎ᠠ ᠶᠢ ᠬᠡᠷᠡᠭᠵᠢᠭᠦᠯᠵᠦ᠂ ᠲᠦᠴᠢᠦᠸᠠᠨ ᠤ ᠨᠠᠷᠢᠮᠤ᠂ | ᠲᠦᠴᠢᠦᠸᠠᠨ ᠤ ᠨᠣᠭᠤᠭᠠᠨ ᠪᠤᠷᠴᠠᠭ᠂ ᠲᠦᠴᠢᠦᠸᠠᠨ ᠤ ᠯᠦ ᠬᠤᠸᠠ ᠲᠠᠬᠢᠶ᠎ᠠ ᠵᠡᠷᠭᠡ ᠭᠠᠵᠠᠷ ᠵᠦᠶ ᠶᠢᠨ ᠪᠡᠯᠭᠡ | ᠲᠡᠮᠳᠡᠭ ᠢᠶᠠᠷ ᠭᠠᠷᠳᠠᠴᠠ ᠪᠣᠯᠭᠠᠵᠤ᠂ ᠪᠥᠬᠦ ᠠᠵᠤ ᠦᠶᠯᠡᠰ ᠤᠨ ᠬᠡᠯᠬᠢᠶ᠎ᠡ ᠶᠢᠨ ᠬᠡᠯᠬᠢᠶ᠎ᠡ ᠶᠢ ᠬᠦᠴᠦᠷᠬᠡᠭᠵᠢᠭᠦᠯᠵᠦ | ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠤᠷᠲᠤᠳᠬᠠᠬᠤ ᠶᠢ ᠪᠡᠶᠡᠯᠡᠭᠦᠯᠵᠦ᠂ ᠮᠠᠯᠴᠢᠨ ᠲᠠᠷᠢᠶᠠᠴᠢᠨ ᠢ ᠳᠠᠶᠢᠴᠢᠯᠠᠨ | ᠪᠠᠶᠠᠵᠢᠭᠤᠯᠬᠤ ᠶᠢᠨ ᠬᠠᠮᠲᠤ᠂ ᠣᠨᠴᠠᠯᠢᠭᠲᠤ ᠠᠵᠤ ᠦᠶᠯᠡᠰ ᠤᠨ ᠬᠥᠭᠵᠢᠯᠲᠡ ᠶᠢ ᠬᠥᠲᠥᠯᠥᠨ ᠳᠠᠭᠠᠭᠤᠯᠵᠤ᠂ | ᠭᠠᠵᠠᠷ ᠵᠦᠶ ᠶᠢᠨ ᠪᠡᠯᠭᠡ ᠲᠡᠮᠳᠡᠭ ᠢᠶᠠᠷ ᠲᠠᠷᠢᠶᠠᠯᠠᠩ ᠢ ᠬᠥᠭᠵᠢᠭᠦᠯᠵᠦ ᠲᠠᠷᠢᠶᠠᠴᠢᠳ ᠢ ᠬᠦᠴᠦᠷᠬᠡᠭᠵᠢᠭᠦᠯᠦᠨ᠎ᠡ ᠃ | ᠠᠵᠤ ᠠᠬᠤᠶᠢᠯᠠᠯ ᠤᠨ 《 ᠥᠨᠳᠥᠷ ᠪᠠᠷᠢᠮᠵᠢᠶ᠎ᠠ + ᠴᠢᠩᠭ᠎ᠠ ᠭᠡᠷᠡᠴᠢᠯᠡᠯ + ᠴᠢᠩᠭ᠎ᠠ ᠬᠢᠨᠠᠯᠲᠠ ᠬᠠᠮᠢᠶᠠᠷᠤᠯᠲᠠ ᠶᠢᠨ | ᠠᠷᠪᠠᠨ ᠮᠥᠷᠳᠡᠵᠦ ᠪᠣᠯᠬᠤ ᠠᠷᠪᠠᠨ ᠰᠢᠯᠢᠳᠡᠭ ᠦᠢᠯᠡᠴᠢᠯᠡᠭᠡᠨ 》 ᠤ ᠬᠠᠮᠢᠶᠠᠷᠤᠨ ᠡᠵᠡᠮᠳᠡᠬᠦ ᠰᠢᠰᠲ᠋ᠧᠮᠵᠢ ᠶᠢ | ᠬᠡᠷᠡᠭᠵᠢᠭᠦᠯᠬᠦ ᠶᠢ ᠳᠠᠮᠵᠢᠵᠤ᠂ 《 ᠥᠪᠥᠷ ᠮᠣᠩᠭᠤᠯ 》 ᠦᠰᠦᠭᠲᠦ ᠲᠡᠮᠳᠡᠭ ᠣᠨ ᠭᠡᠷᠡᠴᠢᠯᠡᠯ ᠳᠤ ᠣᠷᠣᠯᠴᠠᠨ᠂ | ᠴᠢᠨᠠᠷ ᠰᠠᠶᠢᠲᠠᠢ ᠥᠨᠳᠥᠷ ᠥᠷᠲᠡᠭ ᠲᠠᠢ ᠦᠢᠯᠡᠳᠬᠦᠨ ᠢ ᠪᠤᠢ ᠪᠣᠯᠭᠠᠨ᠎ᠠ ᠃ [ ᠬᠠᠷᠢᠭᠤᠴᠠᠯᠭᠠᠲᠤ ᠨᠢᠭᠡᠴᠡ᠄ | ᠲᠠᠷᠢᠶᠠᠯᠠᠩ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ( ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ )᠂ ᠣᠶ ᠰᠢᠭᠤᠶ ᠨᠤᠲᠤᠭ | ᠪᠡᠯᠴᠢᠭᠡᠷ ᠤᠨ ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ᠂ ᠠᠵᠤ ᠦᠶᠯᠡᠳᠪᠦᠷᠢ ᠮᠡᠳᠡᠭᠡ ᠵᠠᠩᠭᠢᠵᠢᠯᠲᠠ | ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ] | ( ᠳᠥᠷᠪᠡ ) ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠰᠠᠶᠢᠨ ᠰᠠᠶᠢᠬᠠᠨ ᠠᠭᠤᠷ | ᠠᠮᠢᠰᠬᠤᠯ ᠢ ᠪᠣᠶ ᠪᠣᠯᠭᠠᠬᠤ ᠬᠡᠷᠡᠭᠲᠡᠶ ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ | ᠰᠢᠨ᠎ᠡ ᠲᠣᠭᠲᠠᠴᠠ ᠶᠢ ᠢᠳᠡᠪᠬᠢᠲᠡᠶ ᠪᠠᠷ ᠰᠦᠪᠡᠭᠴᠢᠯᠡᠨ ᠪᠠᠶᠢᠭᠤᠯᠵᠤ᠂ ᠤᠯᠠᠮᠵᠢᠯᠠᠯᠲᠤ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠬᠤ | ᠬᠡᠷᠡᠭᠲᠡᠶ ᠃ ᠡᠷᠬᠡ ᠳᠤ ᠬᠠᠯᠳᠠᠨ ᠲᠤᠰᠬᠠᠢ ᠠᠰᠢᠭ᠂ ᠲᠠᠸᠠᠷ ᠤᠨ ᠲᠡᠮᠳᠡᠭ᠂ ᠬᠡᠪᠯᠡᠯ ᠤᠨ ᠡᠷᠬᠡ ᠶᠢ ᠬᠠᠭᠤᠷᠮᠠᠭᠯᠠᠨ | ᠬᠡᠷᠡᠭᠯᠡᠭᠰᠡᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠮᠠᠭᠤ ᠰᠠᠨᠠᠭ᠎ᠠ ᠲᠠᠢ | ᠪᠠᠷ ᠡᠷᠬᠡ ᠳᠤ ᠬᠠᠯᠳᠠᠭᠰᠠᠨ᠂ ᠳᠠᠪᠬᠤᠷᠳᠠᠭᠤᠯᠤᠨ ᠡᠷᠬᠡ ᠳᠤ ᠬᠠᠯᠳᠠᠭᠰᠠᠨ ᠵᠡᠷᠭᠡ ᠬᠡᠷᠡᠭ ᠲᠤ ᠴᠣᠬᠢᠯᠲᠠ ᠥᠭᠬᠦ | ᠡᠷᠴᠢᠮ ᠢᠶᠠᠨ ᠴᠢᠩᠭᠠᠷᠠᠭᠤᠯᠤᠨ᠎ᠠ ᠃ ᠡᠯ᠎ᠡ ᠵᠦᠶᠯ ᠤᠨ ᠲᠤᠰᠬᠠᠶ ᠠᠵᠢᠯᠯᠠᠭ᠎ᠠ ᠲᠠᠢ ᠤᠶᠠᠯᠳᠤᠭᠤᠯᠤᠨ᠂ ᠠᠷᠠᠳ ᠤᠨ | ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠭᠠᠵᠠᠷ ᠵᠦᠶ ᠶᠢᠨ ᠲᠡᠮᠳᠡᠭ᠂ ᠲᠠᠸᠠᠷ ᠤᠨ ᠲᠡᠮᠳᠡᠭ ᠤᠨ ᠡᠷᠬᠡ ᠳᠤ | ᠬᠠᠯᠳᠠᠭᠰᠠᠨ ᠪᠠ ᠲᠤᠰᠬᠠᠶ ᠠᠰᠢᠭ ᠤᠨ ᠬᠤᠳᠠᠯ ᠬᠠᠭᠤᠷᠮᠠᠭ ᠦᠶᠯᠡ ᠠᠵᠢᠯᠯᠠᠭ᠎ᠠ ᠳᠤ ᠭᠤᠤᠯᠳᠠᠯᠭ᠎ᠠ ᠲᠠᠢ ᠴᠢᠩᠭ᠎ᠠ | ᠴᠣᠬᠢᠯᠲᠠ ᠥᠭᠭᠦᠨ᠎ᠡ ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠬᠡᠷᠡᠭᠵᠢᠭᠦᠯᠬᠦ ᠮᠡᠳᠡᠭᠡ | ᠵᠠᠩᠭᠢ ᠶᠢ ᠢᠯᠡ ᠪᠣᠯᠭᠠᠬᠤ ᠶᠢ ᠬᠡᠷᠡᠭᠵᠢᠭᠦᠯᠵᠦ᠂ ᠬᠡᠷᠡᠭ ᠢ ᠵᠠᠭᠠᠯᠳᠤᠭᠰᠠᠨ ᠪᠠ ᠰᠢᠶᠳᠪᠦᠷᠢᠯᠡᠭᠰᠡᠨ ᠪᠠᠶᠢᠳᠠᠯ ᠢ ᠴᠠᠭ | ᠲᠤᠬᠠᠶ ᠳᠤᠨᠢ ᠨᠡᠶᠢᠭᠡᠮ ᠳᠤ ᠨᠡᠶᠢᠲᠡᠯᠡᠬᠦ ᠬᠡᠷᠡᠭᠲᠡᠶ ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ | ᠶᠢᠨ ᠨᠡᠪᠲᠡᠷᠡᠯᠴᠡᠭᠡ ᠬᠢᠭᠡᠳ ᠬᠠᠮᠲᠤᠷᠠᠯᠴᠠᠭ᠎ᠠ ᠶᠢ ᠴᠢᠩᠭᠠᠳᠬᠠᠵᠤ᠂ ᠬᠠᠤᠯᠢ ᠬᠡᠷᠡᠭᠵᠢᠭᠦᠯᠬᠦ ᠶᠢᠨ ᠬᠠᠮᠲᠤᠷᠠᠨ | ᠵᠣᠬᠢᠴᠠᠭᠤᠯᠬᠤ ᠲᠣᠭᠲᠠᠴᠠ ᠶᠢ ᠪᠣᠶ ᠪᠣᠯᠭᠠᠨ᠂ ᠡᠷᠬᠡ ᠳᠤ ᠬᠠᠯᠳᠠᠭᠰᠠᠨ ᠬᠡᠷᠡᠭ ᠢ ᠪᠠᠶᠢᠴᠠᠭᠠᠨ ᠰᠢᠶᠳᠪᠦᠷᠢᠯᠡᠵᠦ | ᠴᠣᠬᠢᠯᠲᠠ ᠥᠭᠬᠦ ᠡᠷᠴᠢᠮ ᠢᠶᠠᠨ ᠬᠠᠤᠯᠢ ᠶᠣᠰᠣᠭᠠᠷ ᠴᠢᠩᠭᠠᠷᠠᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠪᠠ ᠬᠠᠤᠯᠢ ᠴᠠᠭᠠᠵᠠ ᠶᠢᠨ ᠬᠠᠮᠠᠭᠠᠯᠠᠯᠲᠠ ᠶᠢ ᠵᠣᠯᠭᠠᠭᠤᠯᠬᠤ ᠶᠢ ᠠᠬᠢᠭᠤᠯᠤᠨ᠂ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢ ᠬᠠᠮᠠᠭᠠᠯᠠᠬᠤ ᠨᠡᠶᠢᠯᠡᠮᠡᠯ ᠬᠦᠴᠦᠨ ᠢ ᠪᠣᠶ ᠪᠣᠯᠭᠠᠬᠤ ᠬᠡᠷᠡᠭᠲᠡᠶ ᠃ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠠᠴᠠ ᠵᠥᠷᠢᠴᠡᠭᠰᠡᠨ ᠶᠠᠯᠠᠲᠤ ᠬᠡᠷᠡᠭ ᠢ ᠴᠠᠭ ᠲᠤᠬᠠᠶ ᠳᠤᠨᠢ | ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠲᠤᠰᠢᠶᠠᠵᠤ ᠰᠢᠶᠳᠪᠦᠷᠢᠯᠡᠭᠦᠯᠦᠨ᠂ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠵᠤ ᠬᠠᠮᠵᠢᠯᠴᠠᠬᠤ ᠲᠣᠭᠲᠠᠴᠠ ᠶᠢ ᠠᠯᠬᠤᠮ ᠠᠯᠬᠤᠮ ᠢᠶᠠᠷ | ᠪᠠᠶᠢᠭᠤᠯᠬᠤ ᠬᠡᠷᠡᠭᠲᠡᠶ ᠃ [ ᠬᠠᠷᠢᠭᠤᠴᠠᠯᠭᠠᠲᠤ ᠨᠢᠭᠡᠴᠡ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ( ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ )᠂ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ | ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ ] | ( ᠲᠠᠪᠤ ) ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠥᠨᠳᠥᠷ ᠬᠢᠷᠢ ᠲᠦᠪᠰᠢᠨ ᠪᠥᠬᠦᠶ | ᠦᠶᠯᠡᠴᠢᠯᠡᠭᠡ ᠬᠠᠩᠭᠠᠨ᠎ᠠ ᠃ ᠣᠯᠠᠨ ᠨᠡᠶᠢᠲᠡ ᠶᠢᠨ ᠦᠢᠯᠡᠴᠢᠯᠡᠭᠡᠨ ᠤ ᠠᠭᠤᠯᠭ᠎ᠠ ᠶᠢ ᠣᠯᠠᠨ ᠶᠠᠩᠵᠤᠵᠢᠭᠤᠯᠬᠤ᠂ | ᠠᠷᠭ᠎ᠠ ᠵᠠᠮ ᠢ ᠣᠯᠠᠨ ᠡᠰᠢᠵᠢᠭᠦᠯᠬᠦ᠂ ᠬᠦᠴᠦᠨ ᠴᠢᠳᠠᠪᠤᠷᠢ ᠶᠢ ᠬᠠᠮᠤᠭ ᠤᠨ ᠶᠡᠭᠡ ᠪᠣᠯᠭᠠᠬᠤ ᠶᠢ ᠪᠡᠶᠡᠯᠡᠭᠦᠯᠦᠨ᠎ᠡ ᠃ | ᠣᠯᠠᠨ ᠨᠡᠶᠢᠲᠡ ᠶᠢᠨ ᠦᠶᠯᠡᠴᠢᠯᠡᠭᠡᠨ ᠤ ᠵᠦᠶᠯᠡᠰ ᠤᠨ ᠨᠠᠷᠢᠨ ᠬᠠᠭᠤᠳᠠᠰᠤ ᠶᠢ ᠪᠠᠶᠢᠭᠤᠯᠵᠤ᠂ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠣᠯᠠᠨ ᠨᠡᠶᠢᠲᠡ ᠶᠢᠨ ᠦᠶᠯᠡᠴᠢᠯᠡᠭᠡᠨ ᠤ ᠵᠦᠶᠯᠡᠰ ᠤᠨ ᠪᠠᠷᠢᠮᠵᠢᠶ᠎ᠠ ᠶᠢᠨ | ᠠᠵᠢᠯ ᠤᠨ ᠴᠤᠪᠤᠷᠠᠯ ᠪᠠ ᠠᠵᠢᠯ ᠬᠡᠷᠡᠭ ᠭᠦᠶᠴᠡᠳᠬᠡᠬᠦ ᠵᠦᠭᠯᠡᠭᠦᠷ ᠢ ᠨᠡᠶᠢᠭᠡᠮ ᠳᠤ ᠬᠠᠨᠳᠤᠭᠤᠯᠤᠨ ᠢᠯᠡ ᠪᠣᠯᠭᠠᠵᠤ᠂ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠶᠯᠡᠴᠢᠯᠡᠭᠡᠨ ᠤ ᠰᠠᠶᠢᠨ ᠳᠤᠷᠠᠴᠤᠳ ᠤᠨ ᠡᠩᠨᠡᠭᠡ ᠶᠢ | ᠪᠠᠶᠢᠭᠤᠯᠤᠨ᠂ ᠭᠤᠤᠯᠳᠠᠯᠭ᠎ᠠ ᠲᠠᠢ ᠬᠦᠷᠢᠶᠡᠯᠡᠩ ᠲᠣᠭᠤᠷᠢᠭ ᠤᠨ ᠬᠥᠲᠥᠴᠢ ᠠᠵᠤ ᠠᠬᠤᠶᠢᠯᠠᠯ ᠳᠤ ᠭᠦᠨᠵᠡᠭᠡᠶᠢᠷᠡᠨ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠠᠶᠢᠨ ᠳᠤᠷ᠎ᠠ ᠶᠢᠨ ᠦᠶᠯᠡᠴᠢᠯᠡᠭᠡᠨ ᠤ ᠠᠵᠢᠯᠯᠠᠭ᠎ᠠ ᠶᠢ | ᠥᠷᠨᠢᠭᠦᠯᠬᠦ ᠬᠡᠷᠡᠭᠲᠡᠶ ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠶᠯᠡᠴᠢᠯᠡᠭᠡᠨ ᠤ ᠬᠡᠯᠬᠢᠶᠡᠰᠦ | ᠶᠢ ᠲᠡᠭᠦᠯᠳᠡᠷᠵᠢᠭᠦᠯᠵᠦ᠂ ᠰᠢᠨ᠎ᠡ ᠶᠢ ᠡᠭᠦᠳᠬᠦ ᠭᠤᠤᠯ ᠴᠣᠭᠴᠠ ᠳᠤ ᠲᠤᠰᠬᠠᠶ ᠠᠰᠢᠭ᠂ ᠲᠠᠸᠠᠷ ᠤᠨ ᠲᠡᠮᠳᠡᠭ᠂ | ᠭᠠᠵᠠᠷ ᠵᠦᠶ ᠶᠢᠨ ᠲᠡᠮᠳᠡᠭ ᠤᠨ ᠮᠡᠳᠡᠭᠡ ᠵᠠᠩᠭᠢ ᠶᠢᠨ ᠬᠡᠯᠬᠢᠶᠡᠰᠦ᠂ ᠯᠠᠪᠯᠠᠯᠭ᠎ᠠ᠂ ᠵᠠᠳᠠᠯᠤᠯᠲᠠ ᠪᠠ ᠪᠣᠯᠪᠠᠰᠤᠷᠠᠭᠤᠯᠤᠯ | ᠵᠡᠷᠭᠡ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠡᠳᠡᠭᠡ ᠵᠠᠩᠭᠢ ᠶᠢᠨ ᠦᠶᠯᠡᠴᠢᠯᠡᠭᠡᠨ ᠢ ᠬᠠᠩᠭᠠᠬᠤ | ᠬᠡᠷᠡᠭᠲᠡᠶ ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠣᠯᠠᠨ ᠨᠡᠶᠢᠲᠡ ᠶᠢᠨ ᠮᠡᠳᠡᠭᠡ ᠵᠠᠩᠭᠢ ᠶᠢᠨ | ᠦᠶᠯᠡᠴᠢᠯᠡᠭᠡᠨ ᠤ ᠠᠵᠢᠯ ᠤᠨ ᠥᠷᠲᠡᠭᠡ ᠶᠢ ᠠᠰᠢᠭᠯᠠ᠂ ᠵᠠᠰᠠᠭ ᠣᠨ ᠣᠷᠳᠣᠨ ᠤ ᠪᠠᠶᠢᠭᠤᠯᠤᠮᠵᠢ᠂ ᠨᠡᠶᠢᠭᠡᠮ ᠤᠨ | ᠣᠯᠠᠨ ᠨᠡᠶᠢᠲᠡ ᠪᠠ ᠰᠢᠨ᠎ᠡ ᠶᠢ ᠡᠭᠦᠳᠬᠦ ᠭᠤᠤᠯ ᠴᠣᠭᠴᠠ ᠳᠤ ᠳᠥᠭᠦᠮᠴᠢᠯᠡᠭᠰᠡᠨ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠦᠶᠯᠡᠴᠢᠯᠡᠭᠡᠨ ᠢ ᠬᠠᠩᠭᠠᠬᠤ ᠬᠡᠷᠡᠭᠲᠡᠶ ᠃ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠷᠬᠡ ᠠᠰᠢᠭ ᠢᠶᠠᠨ ᠬᠠᠮᠠᠭᠠᠯᠠᠬᠤ ᠳᠤ ᠲᠤᠰᠠᠯᠠᠬᠤ ᠲᠥᠪ | ᠤᠨ ᠡᠭᠦᠷᠭᠡ ᠴᠢᠳᠠᠪᠤᠷᠢ ᠶᠢ ᠭᠦᠶᠴᠡᠳ ᠪᠠᠳᠠᠷᠠᠭᠤᠯᠵᠤ᠂ ᠲᠤᠰᠬᠠᠶ ᠠᠰᠢᠭ᠂ ᠲᠠᠸᠠᠷ ᠤᠨ ᠲᠡᠮᠳᠡᠭ᠂ ᠭᠠᠵᠠᠷ ᠵᠦᠶ | ᠶᠢᠨ ᠲᠡᠮᠳᠡᠭ᠂ ᠬᠡᠪᠯᠡᠯ ᠤᠨ ᠡᠷᠬᠡ ᠵᠡᠷᠭᠡ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠶᠯᠡᠴᠢᠯᠡᠭᠡᠨ | ᠤ ᠵᠢᠯᠣᠭᠤᠳᠣᠯᠭ᠎ᠠ ᠶᠢ ᠴᠢᠩᠭᠠᠳᠬᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠣᠯᠠᠨ ᠨᠡᠶᠢᠲᠡ | ᠶᠢᠨ ᠦᠶᠯᠡᠴᠢᠯᠡᠭᠡᠨ ᠤ ᠡᠬᠢ ᠪᠠᠶᠠᠯᠢᠭ ᠢ ᠬᠠᠮᠵᠢᠯᠴᠠᠨ ᠬᠠᠮᠲᠤᠪᠠᠷ ᠭᠥᠷᠳᠡᠬᠦ ᠶᠢ ᠠᠬᠢᠭᠤᠯᠬᠤ ᠬᠡᠷᠡᠭᠲᠡᠶ ᠃ ᠮᠡᠳᠡᠯᠭᠡ | ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶᠠᠷᠤᠯᠲᠠ ᠬᠢᠭᠡᠳ ᠰᠢᠨᠵᠢᠯᠡᠬᠦ ᠤᠬᠠᠭᠠᠨ ᠮᠡᠷᠭᠡᠵᠢᠯ᠂ ᠠᠵᠤ | ᠦᠶᠯᠡᠳᠪᠦᠷᠢ ᠪᠠ ᠮᠡᠳᠡᠭᠡ ᠵᠠᠩᠭᠢᠵᠢᠯᠲᠠ᠂ ᠰᠤᠷᠭᠠᠨ ᠬᠥᠮᠦᠵᠢᠯ᠂ ᠳᠣᠲᠣᠭᠠᠳᠤ ᠶᠢ ᠬᠠᠮᠠᠭᠠᠯᠠᠬᠤ᠂ ᠰᠢᠭᠦᠬᠦ ᠬᠤᠷᠢᠶ᠎ᠠ | ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠯᠦᠭᠡ ᠬᠥᠨᠳᠡᠯᠡᠨ ᠢᠶᠠᠷ ᠬᠤᠯᠪᠣᠭᠠᠯᠠᠨ | ᠬᠥᠳᠡᠯᠦᠯᠴᠡᠵᠦ ᠬᠠᠮᠲᠤᠪᠠᠷ ᠭᠥᠷᠳᠡᠬᠦ ᠶᠢ ᠴᠢᠩᠭᠠᠳᠬᠠᠵᠤ᠂ ᠵᠣᠬᠢᠴᠠᠩᠭᠤᠶ ᠪᠥᠭᠡᠳ ᠬᠦᠴᠦᠨ ᠲᠡᠭᠦᠯᠳᠡᠷ᠂ | ᠠᠵᠢᠯᠯᠠᠭᠠᠨ ᠨᠢ ᠥᠨᠳᠥᠷ ᠦᠷ᠎ᠡ ᠪᠦᠲᠦᠮᠵᠢᠲᠡᠶ ᠮᠡᠳᠡᠭᠡ ᠵᠠᠩᠭᠢ ᠶᠢᠨ ᠬᠠᠷᠢᠯᠴᠠᠨ ᠬᠤᠯᠪᠣᠭᠠᠯᠠᠵᠤ ᠬᠠᠮᠲᠤᠪᠠᠷ | ᠭᠥᠷᠳᠡᠬᠦ ᠠᠵᠢᠯ ᠤᠨ ᠪᠠᠶᠢᠷᠢᠰᠢᠯ ᠢ ᠪᠦᠷᠢᠯᠳᠦᠭᠦᠯᠦᠨ᠎ᠡ ᠃ [ ᠬᠠᠷᠢᠭᠤᠴᠠᠯᠭᠠᠲᠤ ᠨᠢᠭᠡᠴᠡ᠄ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ( ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ) | ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠠᠵᠤ ᠦᠶᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ | ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠰᠣᠶᠣᠯ ᠵᠢᠭᠤᠯᠴᠢᠯᠠᠯ ᠤᠨ | ᠲᠣᠪᠴᠢᠶ᠎ᠠ ] ᠃ | ( ᠵᠢᠷᠭᠤᠭ᠎ᠠ ) ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠭᠤᠯᠤᠨ ᠲᠦᠭᠡᠮᠡᠯᠵᠢᠭᠦᠯᠬᠦ ᠪᠠ | ᠴᠢᠳᠠᠪᠤᠷᠢᠲᠠᠨ ᠬᠥᠮᠦᠵᠢᠭᠦᠯᠬᠦ ᠶᠢ ᠴᠢᠩᠭᠠᠳᠬᠠᠬᠤ ᠬᠡᠷᠡᠭᠲᠡᠶ ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ | ᠶᠢᠨ ᠴᠢᠳᠠᠪᠤᠷᠢᠲᠠᠨ ᠢ ᠬᠥᠮᠦᠵᠢᠭᠦᠯᠵᠦ᠂ ᠲᠤᠰᠬᠠᠶ ᠠᠰᠢᠭ ᠤᠨ ᠠᠶᠠᠯᠠᠯ ᠵᠠᠯᠠᠬᠤ ᠴᠢᠳᠠᠪᠤᠷᠢᠲᠠᠨ ᠢ ᠬᠥᠮᠦᠵᠢᠭᠦᠯᠬᠦ ᠶᠢ | ᠴᠢᠩᠭᠠᠷᠠᠭᠤᠯᠤᠨ᠂ ᠲᠤᠰᠬᠠᠶ ᠠᠰᠢᠭ ᠤᠨ ᠠᠶᠠᠯᠠᠯ ᠵᠠᠯᠠᠬᠤ ᠴᠢᠳᠠᠪᠤᠷᠢᠲᠠᠨ ᠤ ᠠᠵᠢᠯ ᠤᠨ ᠬᠢᠷᠢ ᠬᠡᠮᠵᠢᠶ᠎ᠡ ᠶᠢ | ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠲᠤᠰᠬᠠᠶ ᠠᠰᠢᠭ ᠤᠨ ᠠᠶᠠᠯᠠᠯ ᠵᠠᠯᠠᠬᠤ ᠠᠵᠤ ᠦᠶᠯᠡᠰ ᠤᠨ ᠰᠢᠨ᠎ᠡ ᠶᠢ | ᠡᠭᠦᠳᠦᠨ ᠬᠥᠭᠵᠢᠭᠦᠯᠬᠦ ᠴᠢᠬᠤᠯᠠ ᠦᠶᠯᠡᠳᠦᠯ ᠢ ᠪᠦᠲᠦᠮᠵᠢᠲᠡᠶ ᠪᠠᠳᠠᠷᠠᠭᠤᠯᠤᠨ᠎ᠠ ᠃ ᠭᠠᠵᠠᠷ ᠵᠦᠶ ᠶᠢᠨ ᠲᠡᠮᠳᠡᠭ ᠢ | ᠬᠡᠷᠡᠭᠯᠡᠬᠦ᠂ ᠲᠠᠸᠠᠷ ᠤᠨ ᠲᠡᠮᠳᠡᠭ ᠤᠨ ᠨᠠᠷᠠᠲᠤ ᠲᠥᠷᠥᠯ ᠲᠡᠮᠳᠡᠭᠲᠦ ᠶᠢ ᠪᠣᠶᠢᠵᠢᠭᠤᠯᠬᠤ ᠵᠡᠷᠭᠡ ᠣᠨᠴᠠᠯᠢᠭᠲᠤ | ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠭᠠᠵᠠᠷ ᠵᠦᠶ ᠶᠢᠨ ᠲᠡᠮᠳᠡᠭ᠂ ᠲᠠᠸᠠᠷ ᠤᠨ ᠲᠡᠮᠳᠡᠭ ᠤᠨ | ᠨᠠᠷᠠᠲᠤ ᠲᠥᠷᠥᠯ ᠲᠡᠮᠳᠡᠭᠲᠦ ᠶᠢᠨ ᠶᠡᠷᠦᠩᠬᠡᠶᠢᠯᠡᠨ ᠬᠡᠷᠡᠭᠯᠡᠬᠦ ᠴᠢᠳᠠᠪᠤᠷᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠨᠠᠷᠠᠲᠤ ᠲᠥᠷᠥᠯ ᠲᠡᠮᠳᠡᠭᠲᠦ ᠶᠢᠨ ᠠᠵᠤ ᠠᠬᠤᠶ ᠶᠢᠨ | ᠬᠥᠭᠵᠢᠯᠲᠡ ᠳᠤ ᠬᠦᠴᠦᠨ ᠨᠡᠮᠡᠷᠢᠯᠡᠨ᠎ᠡ ᠃ 《 ᠪᠥᠬᠦ ᠬᠡᠯᠬᠢᠶᠡᠨ ᠤ ᠦᠶᠯᠡᠴᠢᠯᠡᠭᠡ᠂ ᠦᠶᠯᠡᠴᠢᠯᠡᠭᠡᠨ ᠤ ᠪᠥᠬᠦ | ᠬᠡᠯᠬᠢᠶ᠎ᠡ 》 ᠪᠠᠷ ᠣᠨᠣᠯᠵᠢᠬᠤᠨ ᠪᠣᠯᠭᠠᠵᠤ᠂ ᠨᠡᠶᠢᠭᠡᠮ ᠨᠡᠶᠢᠲᠡ ᠳᠤ ᠪᠦᠲᠦᠮᠵᠢᠲᠡᠶ ᠦᠶᠯᠡᠴᠢᠯᠡᠬᠦ ᠪᠠ ᠰᠢᠨ᠎ᠡ ᠶᠢ | ᠡᠭᠦᠳᠬᠦ ᠭᠤᠤᠯ ᠴᠣᠭᠴᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠳᠡᠶᠢᠯᠬᠦ ᠨᠢᠭᠡ ᠪᠦᠯᠦᠭ ᠣᠯᠠᠨ ᠲᠠᠰ | ᠳᠠᠪᠬᠤᠷᠭ᠎ᠠ ᠶᠢᠨ᠂ ᠴᠢᠨᠠᠷ ᠰᠠᠶᠢᠲᠠᠶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠣᠯᠠᠨ ᠨᠡᠶᠢᠲᠡ ᠶᠢᠨ | ᠦᠶᠯᠡᠴᠢᠯᠡᠭᠡᠨ ᠤ ᠴᠢᠳᠠᠪᠤᠷᠢᠲᠠᠨ ᠢ ᠬᠥᠮᠦᠵᠢᠭᠦᠯᠦᠨ᠎ᠡ ᠃ ᠳᠡᠯᠡᠬᠡᠶ ᠶᠢᠨ ᠮᠡᠳᠡᠯᠭᠡ ᠶᠢᠨ ᠪᠦᠲᠦᠭᠡᠭᠳᠡᠬᠦᠨ ᠤ ᠡᠷᠬᠡ | ᠶᠢᠨ ᠡᠳᠦᠷ᠂ ᠪᠥᠬᠦ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠡᠷᠬᠡ ᠶᠢᠨ ᠤᠬᠠᠭᠤᠯᠭ᠎ᠠ ᠶᠢᠨ ᠭᠠᠷᠠᠭ᠂ | ᠳᠤᠮᠳᠠᠳᠤ ᠤᠯᠤᠰ ᠤᠨ ᠲᠤᠰᠬᠠᠶ ᠠᠰᠢᠭ ᠤᠨ ᠭᠠᠷᠠᠭ᠂ ᠳᠤᠮᠳᠠᠳᠤ ᠤᠯᠤᠰ ᠤᠨ ᠨᠠᠷᠠᠲᠤ ᠲᠡᠮᠳᠡᠭ ᠤᠨ ᠡᠳᠦᠷ᠂ | ᠰᠢᠨᠵᠢᠯᠡᠬᠦ ᠤᠬᠠᠭᠠᠨ ᠮᠡᠷᠭᠡᠵᠢᠯ ᠤᠨ ᠭᠠᠷᠠᠭ ᠵᠡᠷᠭᠡ ᠴᠢᠬᠤᠯᠠ ᠵᠠᠩᠭᠢᠯᠠᠭ᠎ᠠ ᠶᠢᠨ ᠴᠡᠭ ᠲᠤ ᠤᠬᠠᠭᠤᠯᠭ᠎ᠠ ᠶᠢᠨ | ᠠᠵᠢᠯᠯᠠᠭ᠎ᠠ ᠥᠷᠨᠢᠭᠦᠯᠦᠨ᠎ᠡ᠂ ᠲᠠᠸᠠᠷ ᠤᠨ ᠲᠡᠮᠳᠡᠭ ᠤᠨ ᠬᠥᠭᠵᠢᠯᠲᠡ ᠶᠢ ᠳᠡᠯᠭᠡᠷᠡᠭᠦᠯᠦᠨ ᠲᠦᠭᠡᠮᠡᠯᠵᠢᠭᠦᠯᠦᠨ᠎ᠡ᠂ | ᠪᠣᠶᠢᠵᠢᠭᠤᠯᠬᠤ ᠪᠠ ᠬᠠᠮᠠᠭᠠᠯᠠᠬᠤ ᠵᠡᠷᠭᠡ ᠬᠠᠮᠢᠶ᠎ᠠ ᠪᠦᠬᠦᠢ ᠮᠡᠳᠡᠯᠭᠡ᠂ ᠪᠦᠬᠦ ᠨᠡᠶᠢᠭᠡᠮ ᠤᠨ ᠲᠠᠸᠠᠷ ᠤᠨ ᠲᠡᠮᠳᠡᠭ ᠤᠨ | ᠨᠠᠷᠠᠲᠤ ᠲᠥᠷᠥᠯ ᠲᠡᠮᠳᠡᠭᠲᠦ ᠶᠢᠨ ᠦᠵᠡᠯ ᠤᠬᠠᠮᠰᠠᠷ ᠢ ᠴᠢᠩᠭᠠᠷᠠᠭᠤᠯᠤᠨ᠎ᠠ᠂ ᠰᠦᠯᠵᠢᠶᠡᠨ ᠳᠡᠭᠡᠷᠡᠬᠢ ᠪᠠ ᠰᠦᠯᠵᠢᠶᠡᠨ | ᠭᠠᠳᠠᠨᠠᠬᠢ ᠶᠢ ᠨᠢᠭᠡ ᠴᠣᠭᠴᠠᠵᠢᠭᠤᠯᠤᠨ ᠠᠬᠢᠭᠤᠯᠬᠤ ᠵᠠᠭᠪᠤᠷ ᠢ ᠪᠠᠶᠢᠭᠤᠯᠤᠨ᠎ᠠ᠂ ᠪᠡᠭᠡᠵᠢᠩ ᠥᠪᠥᠷ ᠮᠣᠩᠭᠤᠯ ᠤᠨ | ᠬᠠᠮᠲᠤᠷᠠᠯᠴᠠᠭ᠎ᠠ ᠶᠢ ᠭᠦᠶᠴᠡᠳ ᠠᠰᠢᠭᠯᠠᠬᠤ ᠬᠡᠷᠡᠭᠲᠡᠶ᠂ ᠡᠯᠧᠺᠲᠷᠣᠨ ᠬᠤᠳᠠᠯᠳᠤᠭᠠᠨ ᠤ ᠰᠢᠰᠲ᠋ᠧᠮ ᠢᠶᠠᠷ ᠢᠶᠠᠨ | ᠬᠠᠪᠰᠤᠷᠤᠨ ᠲᠡᠳᠬᠦᠬᠦ᠂ ᠳᠤᠮᠳᠠᠳᠤ ᠤᠯᠤᠰ ᠤᠨ ᠨᠠᠷᠠᠲᠤ ᠲᠡᠮᠳᠡᠭ ᠤᠨ ᠡᠳᠦᠷ᠂ ᠲᠠᠸᠠᠷ ᠤᠨ ᠲᠡᠮᠳᠡᠭ ᠤᠨ ᠪᠠᠶᠠᠷ᠂ | ᠦᠵᠡᠰᠬᠦᠯᠡᠩ ᠵᠡᠷᠭᠡ ᠬᠥᠳᠡᠯᠭᠡᠭᠡᠨ᠂ ᠰᠢᠶᠠᠨ ᠤ ᠬᠡᠪᠴᠢᠶᠡᠨ ᠤ ᠨᠠᠷᠠᠲᠤ ᠲᠥᠷᠥᠯ ᠲᠡᠮᠳᠡᠭᠲᠦ ᠶᠢ ᠪᠥᠬᠦ ᠲᠠᠯ᠎ᠠ ᠪᠠᠷ | ᠲᠠᠨᠢᠯᠴᠠᠭᠤᠯᠬᠤ ᠶᠢ ᠥᠷᠨᠢᠭᠦᠯᠦᠨ᠎ᠡ᠂ ᠲᠠᠸᠠᠷ ᠤᠨ ᠲᠡᠮᠳᠡᠭ ᠤᠨ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ | ᠶᠢᠨ ᠨᠡᠶᠢᠲᠡᠯᠢᠭ ᠲᠤᠷᠰᠢᠯᠭ᠎ᠠ ᠶᠢᠨ ᠤᠬᠠᠭᠤᠯᠭ᠎ᠠ᠂ ᠲᠦᠴᠢᠦᠸᠠᠨ ᠰᠢᠶᠠᠨ ᠤ ᠲᠠᠸᠠᠷ ᠤᠨ ᠲᠡᠮᠳᠡᠭ ᠤᠨ ᠨᠠᠷᠠᠲᠤ | ᠲᠥᠷᠥᠯ ᠲᠡᠮᠳᠡᠭᠲᠦ ᠶᠢᠨ ᠠᠯᠳᠠᠷᠰᠢᠯ ᠪᠠ ᠨᠥᠯᠥᠭᠡᠯᠡᠬᠦ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ ᠃ | ᠡᠭᠦᠨ ᠤ ᠬᠠᠮᠲᠤ 《 ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠶᠯᠡᠴᠢᠯᠡᠭᠡᠨ ᠤ ᠲᠦᠮᠡᠨ ᠭᠠᠵᠠᠷ | ᠤᠨ ᠠᠶᠠᠯᠠᠯ 》᠂ 《 ᠬᠦᠷᠢᠶᠡᠯᠡᠩ ᠳᠤ ᠣᠷᠣᠵᠤ ᠠᠵᠤ ᠠᠬᠤᠶᠢᠯᠠᠯ ᠳᠤ ᠠᠰᠢᠭ ᠬᠦᠷᠲᠡᠭᠡᠬᠦ 》 ᠵᠡᠷᠭᠡ ᠮᠡᠳᠡᠯᠭᠡ | ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠶᠯᠡᠴᠢᠯᠡᠭᠡᠨ ᠤ ᠠᠵᠢᠯᠯᠠᠭ᠎ᠠ ᠲᠠᠢ ᠤᠶᠠᠯᠳᠤᠭᠤᠯᠤᠨ᠂ ᠳᠤᠮᠳᠠ | ᠵᠢᠵᠢᠭ ᠪᠢᠴᠢᠯ ᠠᠵᠤ ᠠᠬᠤᠶᠢᠯᠠᠯ ᠳᠤ ᠬᠠᠤᠯᠢ ᠴᠠᠭᠠᠵᠠ ᠶᠢᠨ ᠶᠢᠨ᠂ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ᠂ | ᠡᠷᠬᠡ ᠪᠠᠨ ᠬᠠᠮᠠᠭᠠᠯᠠᠬᠤ ᠬᠠᠷᠢᠭᠤᠯᠲᠠ ᠵᠡᠷᠭᠡ ᠥᠪᠡᠷ ᠤᠨ ᠥᠷᠲᠡᠭ ᠢᠶᠠᠷ ᠳᠣᠤᠷ᠎ᠠ᠂ ᠣᠨᠴᠠᠯᠢᠠᠠᠳᠦ ᠦᠶᠯᠡᠴᠢᠯᠡᠭᠡ | ᠬᠠᠩᠭᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠬᠦᠴᠢᠷᠳᠡᠯ ᠢ ᠣᠶᠢᠯᠠᠭᠠᠨ᠎ᠠ ᠃ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠣᠯᠠᠨ ᠨᠡᠶᠢᠲᠡ ᠶᠢᠨ ᠦᠶᠯᠡᠴᠢᠯᠡᠭᠡᠨ ᠢ ᠪᠠᠶᠢᠭᠤᠯᠭ᠎ᠠ ᠳᠤ ᠣᠷᠣᠭᠤᠯᠬᠤ᠂ | ᠰᠤᠷᠭᠠᠭᠤᠯᠢ ᠶᠢᠨ ᠬᠦᠷᠢᠶ᠎ᠡ᠂ ᠨᠡᠶᠢᠭᠡᠮ ᠲᠣᠭᠤᠷᠢᠭ᠂ ᠠᠵᠤ ᠠᠬᠤᠶᠢᠯᠠᠯ᠂ ᠲᠣᠤᠷ ᠰᠦᠯᠵᠢᠶ᠎ᠡ ᠳᠤ ᠣᠷᠣᠭᠤᠯᠬᠤ | ᠵᠡᠷᠭᠡ ᠠᠵᠢᠯᠯᠠᠭ᠎ᠠ ᠶᠢ ᠡᠷᠭᠢᠯᠡᠵᠦ᠂ ᠲᠤᠰᠬᠠᠶ ᠠᠰᠢᠭ᠂ ᠲᠠᠸᠠᠷ ᠤᠨ ᠲᠡᠮᠳᠡᠭ᠂ ᠵᠣᠬᠢᠶᠠᠯ ᠪᠦᠲᠦᠭᠡᠯ ᠤᠨ ᠡᠷᠬᠡ᠂ | ᠭᠠᠵᠠᠷ ᠵᠦᠶ ᠶᠢᠨ ᠲᠡᠮᠳᠡᠭ᠂ ᠤᠷᠭᠤᠮᠠᠯ ᠤᠨ ᠰᠢᠨ᠎ᠡ ᠲᠥᠷᠥᠯ ᠵᠦᠶᠯ᠂ ᠬᠤᠳᠠᠯᠳᠤᠭᠠᠨ ᠤ ᠨᠢᠭᠤᠴᠠ ᠶᠢᠨ ᠬᠠᠮᠢᠶ᠎ᠠ | ᠪᠥᠬᠦᠶ ᠮᠡᠳᠡᠯᠭᠡ ᠶᠢ ᠲᠦᠭᠡᠮᠡᠯᠵᠢᠭᠦᠯᠦᠨ᠂ ᠪᠥᠬᠦ ᠨᠡᠶᠢᠭᠡᠮ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ | ᠶᠢ ᠬᠠᠮᠠᠭᠠᠯᠠᠬᠤ ᠦᠵᠡᠯ ᠤᠬᠠᠮᠰᠠᠷ ᠢ ᠴᠢᠩᠭᠠᠷᠠᠭᠤᠯᠵᠤ᠂ ᠮᠡᠳᠡᠯᠭᠡ ᠶᠢ ᠬᠦᠨᠳᠦᠳᠬᠡᠬᠦ᠂ ᠰᠢᠨ᠎ᠡ ᠶᠢ ᠡᠭᠦᠳᠬᠦ ᠶᠢ | ᠡᠷᠬᠢᠮᠯᠡᠬᠦ᠂ ᠦᠨᠡᠨᠴᠢ ᠢᠲᠡᠭᠡᠮᠵᠢᠲᠡᠶ ᠪᠠᠷ ᠬᠠᠤᠯᠢ ᠶᠢ ᠰᠠᠬᠢᠬᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ | ᠶᠢᠨ ᠰᠣᠶᠣᠯ ᠤᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ ᠃ [ ᠬᠠᠷᠢᠭᠤᠴᠠᠯᠭᠠᠲᠤ | ᠨᠢᠭᠡᠴᠡ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ( ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠲᠣᠪᠴᠢᠶ᠎ᠠ )᠂ ᠤᠬᠠᠭᠤᠯᠬᠤ ᠬᠡᠯᠲᠡᠰ᠂ ᠰᠤᠷᠭᠠᠨ ᠬᠥᠮᠦᠵᠢᠯ ᠤᠨ ᠲᠣᠪᠴᠢᠶ᠎ᠠ᠂ ᠰᠢᠭᠦᠬᠦ | ᠬᠤᠷᠢᠶ᠎ᠠ᠂ ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ | ᠤᠬᠠᠭᠠᠨ ᠤ ᠲᠣᠪᠴᠢᠶ᠎ᠠ ] ᠃ | ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ( ᠨᠢᠭᠡ ) ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ ᠃ ᠤᠯᠤᠰ ᠤᠨ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠰᠢᠶᠠᠨ ᠢ ᠬᠦᠴᠦᠷᠬᠡᠭᠵᠢᠭᠦᠯᠬᠦ ᠲᠤᠷᠰᠢᠯᠲᠠ ᠶᠢᠨ ᠰᠢᠶᠠᠨ ᠢ | ᠪᠠᠶᠢᠭᠤᠯᠬᠤ ᠠᠵᠢᠯ ᠢ ᠲᠦᠯᠬᠢᠨ ᠠᠬᠢᠭᠤᠯᠬᠤ ᠶᠢᠨ ᠲᠥᠯᠥᠭᠡ᠂ ᠰᠢᠶᠠᠨ ᠤ ᠵᠠᠰᠠᠭ ᠤᠨ ᠣᠷᠳᠣᠨ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠷᠰᠢᠯᠲᠠ ᠶᠢᠨ ᠰᠢᠶᠠᠨ ᠤ ᠠᠵᠢᠯ ᠤᠨ ᠤᠳᠤᠷᠢᠳᠬᠤ ᠳᠤᠭᠤᠶᠢᠯᠠᠩ ᠢ | ᠪᠠᠶᠢᠭᠤᠯᠵᠤ᠂ ᠪᠦᠬᠦ ᠰᠢᠶᠠᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠰᠢᠶᠠᠨ ᠢ | ᠬᠦᠴᠦᠷᠬᠡᠭᠵᠢᠭᠦᠯᠬᠦ ᠲᠤᠷᠰᠢᠯᠲᠠ ᠶᠢᠨ ᠰᠢᠶᠠᠨ ᠢ ᠪᠠᠶᠢᠭᠤᠯᠬᠤ ᠠᠵᠢᠯ ᠢ ᠬᠠᠷᠢᠭᠤᠴᠠᠨ ᠤᠳᠤᠷᠢᠳᠴᠤ᠂ ᠪᠦᠬᠦ ᠰᠢᠶᠠᠨ | ᠤ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠰᠢᠶᠠᠨ ᠢ ᠬᠦᠴᠦᠷᠬᠡᠭᠵᠢᠭᠦᠯᠬᠦ ᠲᠤᠷᠰᠢᠯᠲᠠ | ᠶᠢᠨ ᠰᠢᠶᠠᠨ ᠢ ᠪᠠᠶᠢᠭᠤᠯᠬᠤ ᠠᠵᠢᠯ ᠤᠨ ᠳᠤᠮᠳᠠᠬᠢ ᠬᠦᠴᠢᠷᠳᠡᠯ ᠪᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ | ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ( ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ) ᠳᠤ ᠲᠣᠬᠢᠷᠠᠭᠤᠯᠵᠤ᠂ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠰᠢᠶᠠᠨ ᠢ ᠬᠦᠴᠦᠷᠬᠡᠭᠵᠢᠭᠦᠯᠬᠦ ᠲᠤᠷᠰᠢᠯᠲᠠ ᠶᠢᠨ ᠴᠢᠭ ᠤᠨ ᠰᠢᠶᠠᠨ ᠤ | ᠪᠦᠲᠦᠭᠡᠨ ᠪᠠᠶᠢᠭᠤᠯᠤᠯᠲᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ ᠃ ᠤᠳᠤᠷᠢᠳᠬᠤ ᠳᠤᠭᠤᠶᠢᠯᠠᠩ ᠤᠨ | ᠠᠯᠪᠠᠨ ᠭᠡᠷ ᠨᠢ ᠲᠤᠷᠰᠢᠯᠲᠠ ᠶᠢᠨ ᠴᠢᠭ ᠤᠨ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠶᠢᠨ ᠡᠭᠦᠷᠭᠡ ᠶᠢ ᠵᠠᠳᠠᠯᠵᠤ | ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠢ ᠵᠠᠰᠠᠭ ᠤᠨ ᠣᠷᠳᠣᠨ ᠤ ᠭᠤᠣᠯᠳᠠᠯᠭ᠎ᠠ ᠲᠠᠢ | ᠠᠵᠢᠯ ᠵᠢᠴᠢ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠠᠭᠤᠯᠭ᠎ᠠ ᠳᠤ ᠣᠷᠣᠭᠤᠯᠵᠤ᠂ ᠬᠠᠷᠠᠯᠲᠠ ᠪᠠᠨ | ᠨᠠᠷᠢᠯᠢᠭᠵᠢᠭᠤᠯᠤᠨ᠂ ᠡᠭᠦᠷᠭᠡ ᠪᠠᠨ ᠲᠣᠳᠣᠷᠬᠠᠶᠢᠯᠠᠵᠤ᠂ ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ᠂ ᠬᠠᠷᠢᠭᠤᠴᠠᠯᠭ᠎ᠠ | ᠪᠠᠨ ᠨᠠᠶᠢᠳᠠᠪᠤᠷᠢᠵᠢᠭᠤᠯᠵᠤ᠂ ᠬᠡᠷᠡᠭᠵᠢᠭᠦᠯᠬᠦ ᠨᠠᠷᠢᠨ ᠳᠦᠷᠢᠮ᠂ ᠬᠡᠷᠡᠭᠵᠢᠭᠦᠯᠬᠦ ᠲᠥᠯᠥᠪᠯᠡᠭᠡ ᠪᠠ ᠣᠨ ᠤ ᠠᠵᠢᠯ ᠤᠨ | ᠬᠠᠷᠠᠯᠲᠠ ᠪᠠᠨ ᠲᠣᠭᠲᠠᠭᠠᠬᠤ ᠬᠡᠷᠡᠭᠲᠡᠶ ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ᠨᠢ ᠡᠯ᠎ᠡ ᠨᠢᠭᠡᠴᠡ᠂ ᠡᠯ᠎ᠡ | ᠰᠠᠯᠠᠭ᠎ᠠ ᠮᠥᠴᠢᠷ ᠤᠨ ᠲᠦᠯᠬᠢᠨ ᠠᠬᠢᠭᠤᠯᠤᠭᠰᠠᠨ ᠪᠠᠢᠳᠠᠯ ᠳᠤ ᠲᠣᠭᠲᠠᠮᠠᠯ ᠬᠤᠭᠤᠴᠠᠭ᠎ᠠ ᠲᠠᠢ ᠪᠠᠷ ᠬᠢᠨᠠᠯᠲᠠ | ᠲᠠᠯᠪᠢᠨ ᠪᠠᠶᠢᠴᠠᠭᠠᠨ᠎ᠠ ᠃ | ( ᠬᠤᠶᠠᠷ ) ᠤᠬᠠᠭᠤᠯᠭ᠎ᠠ ᠬᠥᠮᠦᠵᠢᠯ ᠢ ᠴᠢᠩᠭᠠᠳᠬᠠᠬᠤ ᠬᠡᠷᠡᠭᠲᠡᠶ ᠃ ᠡᠯ᠎ᠡ ᠨᠢᠭᠡᠴᠡ᠂ ᠰᠠᠯᠠᠭ᠎ᠠ ᠮᠥᠴᠢᠷ ᠤᠳ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠭᠤᠯᠭ᠎ᠠ ᠶᠢᠨ ᠰᠠᠷ᠎ᠠ᠂ ᠤᠬᠠᠭᠤᠯᠭ᠎ᠠ ᠶᠢᠨ ᠭᠠᠷᠠᠭ᠂ | ᠤᠬᠠᠭᠤᠯᠭ᠎ᠠ ᠶᠢᠨ ᠡᠳᠦᠷ᠂ ᠳᠤᠮᠳᠠᠳᠤ ᠤᠯᠤᠰ ᠠᠴᠠ ᠨᠡᠷᠡᠲᠦ ᠲᠥᠷᠥᠯ ᠲᠡᠮᠳᠡᠭᠲᠦ ᠶᠢᠨ ᠡᠳᠦᠷ᠂ ᠲᠠᠸᠠᠷ ᠤᠨ | ᠲᠡᠮᠳᠡᠭ ᠣᠨ ᠪᠠᠶᠠᠷ᠂ ᠦᠵᠡᠰᠬᠦᠯᠡᠩ ᠵᠡᠷᠭᠡ ᠠᠵᠢᠯᠯᠠᠭ᠎ᠠ ᠶᠢ ᠠᠰᠢᠭᠯᠠ᠂ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ᠂ ᠭᠠᠵᠠᠷ ᠵᠦᠶ ᠶᠢᠨ | ᠲᠡᠮᠳᠡᠭ ᠵᠢᠴᠢ ᠣᠨᠴᠠᠯᠢᠭᠲᠤ ᠦᠶᠯᠡᠳᠬᠦᠨ ᠤ ᠨᠡᠷᠡᠲᠦ ᠲᠥᠷᠥᠯ ᠲᠡᠮᠳᠡᠭᠲᠦ ᠶᠢᠨ ᠤᠬᠠᠭᠤᠯᠭ᠎ᠠ ᠬᠥᠮᠦᠵᠢᠯ ᠢ | ᠲᠥᠪᠯᠡᠷᠡᠭᠦᠯᠦᠨ ᠬᠢᠬᠦ ᠬᠡᠷᠡᠭᠲᠡᠶ ᠃ ᠮᠡᠳᠡᠯᠭᠡ ᠶᠢᠨ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠲᠡᠷᠢᠭᠦᠨ ᠤ | ᠨᠡᠶᠢᠲᠡᠯᠢᠭ ᠵᠢᠱᠢᠶ᠎ᠡ ᠶᠢ ᠶᠡᠬᠡᠪᠡᠷ ᠬᠥᠬᠢᠭᠦᠯᠦᠨ ᠰᠠᠶᠢᠰᠢᠶᠠᠵᠤ᠂ ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠦᠢᠯᠡ | ᠠᠵᠢᠯᠯᠠᠭ᠎ᠠ ᠶᠢ ᠥᠷᠭᠡᠨ ᠳᠡᠯᠭᠡᠷ᠂ ᠭᠦᠨᠵᠡᠭᠡᠶ ᠤᠬᠠᠭᠤᠯᠵᠤ᠂ ᠪᠦᠬᠦ ᠨᠡᠶᠢᠭᠡᠮ ᠳᠤ ᠨᠡᠶᠢᠲᠡᠯᠢᠭ ᠵᠢᠱᠢᠶ᠎ᠡ ᠶᠢ | ᠬᠦᠨᠳᠦᠳᠬᠡᠬᠦ᠂ ᠨᠡᠶᠢᠲᠡᠯᠢᠭ ᠵᠢᠱᠢᠶ᠎ᠡ ᠶᠢ ᠰᠤᠷᠤᠯᠴᠠᠬᠤ᠂ ᠨᠡᠶᠢᠲᠡᠯᠢᠭ ᠵᠢᠱᠢᠶ᠎ᠡ ᠪᠣᠯᠬᠤ ᠪᠠᠷ ᠴᠢᠷᠮᠠᠶᠢᠬᠤ᠂ | ᠦᠨᠳᠦᠰᠦᠲᠡᠨ ᠤ ᠤᠯᠠᠮᠵᠢᠯᠠᠯᠲᠤ ᠮᠡᠳᠡᠯᠭᠡ ᠶᠢᠨ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠤᠬᠠᠮᠰᠠᠷ ᠠᠴᠠ ᠪᠠᠨ | ᠬᠠᠮᠠᠭᠠᠯᠠᠬᠤ ᠰᠠᠶᠢᠨ ᠰᠠᠶᠢᠬᠠᠨ ᠣᠷᠴᠢᠨ ᠠᠬᠤᠶ ᠶᠢ ᠪᠣᠶ ᠪᠣᠯᠭᠠᠬᠤ ᠬᠡᠷᠡᠭᠲᠡᠶ ᠃ | ( ᠭᠤᠷᠪᠠ ) ᠵᠠᠷᠤᠳᠠᠯ ᠤᠨ ᠪᠠᠲᠤᠯᠠᠭ᠎ᠠ ᠶᠢ ᠴᠢᠩᠭᠠᠳᠬᠠᠨ᠎ᠠ ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠪᠠᠷ ᠰᠢᠶᠠᠨ ᠢ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠰᠢᠶᠠᠨ ᠢ ᠡᠭᠦᠳᠦᠨ | ᠪᠠᠶᠢᠭᠤᠯᠬᠤ ᠠᠵᠢᠯ ᠪᠣᠯ ᠨᠢᠭᠡ ᠵᠦᠢᠯ ᠤᠨ ᠤᠷᠲᠤ ᠬᠤᠭᠤᠴᠠᠭᠠᠨ ᠤ᠂ ᠪᠠᠶᠢᠩᠭᠤ ᠶᠢᠨ ᠴᠢᠨᠠᠷᠲᠠᠶ ᠠᠵᠢᠯ ᠪᠣᠯᠬᠤᠷ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠤᠨ ᠲᠣᠣᠷ ᠰᠦᠯᠵᠢᠶ᠎ᠡ ᠶᠢ ᠪᠠᠶᠢᠭᠤᠯᠤᠨ | ᠲᠡᠭᠦᠯᠳᠡᠷᠵᠢᠭᠦᠯᠬᠦ ᠬᠡᠷᠡᠭᠲᠡᠶ ᠃ ᠮᠡᠳᠡᠯᠭᠡ ᠶᠢᠨ ᠥᠮᠴᠢᠯᠡᠬᠦ ᠡᠷᠬᠡ ᠶᠢᠨ ᠠᠵᠢᠯ ᠤᠨ ᠵᠠᠷᠤᠳᠠᠯ ᠤᠨ ᠣᠷᠣᠭᠤᠯᠤᠯᠲᠠ | ᠪᠠᠨ ᠨᠡᠮᠡᠭᠳᠡᠭᠦᠯᠵᠦ᠂ ᠠᠵᠢᠯ ᠤᠨ ᠨᠥᠬᠦᠴᠡᠯ ᠢᠶᠠᠨ ᠲᠠᠰᠤᠷᠠᠯᠲᠠ ᠤᠢᠭᠡᠢ ᠰᠠᠶᠢᠵᠢᠷᠠᠭᠤᠯᠤᠨ᠂ ᠡᠯ᠎ᠡ ᠵᠦᠢᠯ ᠤᠨ | ᠠᠵᠢᠯ ᠢ ᠥᠨᠳᠥᠷ ᠦᠷ᠎ᠡ ᠪᠦᠲᠦᠮᠵᠢᠲᠡᠶ ᠪᠥᠭᠡᠳ ᠡᠮᠬᠢ ᠵᠢᠷᠤᠮ ᠲᠠᠢ ᠲᠦᠯᠬᠢᠨ ᠠᠬᠢᠭᠤᠯᠬᠤ ᠶᠢ ᠦᠨᠡᠨᠬᠦ ᠪᠠᠲᠤᠯᠠᠬᠤ | ᠬᠡᠷᠡᠭᠲᠡᠶ ᠃ | ᠲᠦᠴᠢᠦᠸᠠᠨ ᠰᠢᠶᠠᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠰᠢᠶᠠᠨ ᠤ | ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠰᠢᠶᠠᠨ ᠤ ᠤᠳᠤᠷᠢᠳᠬᠤ ᠳᠤᠭᠤᠶᠢᠯᠠᠩ ᠃ | ᠳᠤᠭᠤᠶᠢᠯᠠᠩ ᠤᠨ ᠳᠠᠷᠤᠭ᠎ᠠ᠄ ᠸᠠᠩ ᠶᠦᠩ ᠵᠢᠶᠠ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ | ᠤ ᠳᠠᠷᠤᠭ᠎ᠠ | ᠪᠠᠶᠢᠩᠭᠤ ᠶᠢᠨ ᠳᠠᠳ ᠳᠤᠭᠤᠶᠢᠯᠠᠩ ᠤᠨ ᠳᠠᠷᠤᠭ᠎ᠠ᠄ ᠬᠦ ᠴᠦᠨ ᠯᠢᠨ ᠰᠢᠶᠠᠨ ᠤ ᠵᠠᠰᠠᠭ ᠤᠨ ᠣᠷᠳᠣᠨ ᠤ ᠳᠠᠳ | ᠰᠢᠶᠠᠨ ᠤ ᠳᠠᠷᠤᠭ᠎ᠠ ᠃ᠪᠦᠷᠢᠯᠳᠦᠬᠦᠨ᠄ ᠸᠠᠩ ᠬᠤᠢ ᠵᠧᠨ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ | ᠶᠢᠨ ᠲᠣᠪᠴᠢᠶ᠎ᠠ ( ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ) ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠃ ᠸᠠᠩ ᠬᠤᠤ ᠷᠠᠨ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ | ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ ᠃ᠵᠠᠩ ᠶᠠᠨ ᠯᠢᠩ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠤᠨ ᠡᠷᠬᠢᠯᠡᠭᠴᠢ ᠃ᠰᠢᠤᠢ ᠳ᠋ᠦᠩ ᠾᠤᠢ ᠰᠢᠶᠠᠨ ᠤ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ ᠃ᠹᠦ᠋ | ᠴᠠᠩ ᠬᠤᠸᠠ ᠰᠢᠶᠠᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶᠠᠨ ᠤ ᠳᠠᠷᠤᠭ᠎ᠠ ᠃ᠯᠢᠦ ᠰᠢᠩ ᠲᠢᠶᠠᠨ | ᠰᠢᠶᠠᠨ ᠤ ᠰᠤᠷᠭᠠᠨ ᠬᠥᠮᠦᠵᠢᠯ ᠤᠨ ᠲᠣᠪᠴᠢᠶᠠᠨ ᠤ ᠳᠠᠷᠤᠭ᠎ᠠ ᠃ᠸᠠᠩ ᠶᠠᠨ ᠾᠤᠢ ᠰᠢᠶᠠᠨ ᠤ ᠠᠵᠤ ᠦᠢᠯᠡᠳᠪᠦᠷᠢ | ᠪᠠ ᠮᠡᠳᠡᠭᠡ ᠵᠠᠩᠭᠢᠵᠢᠯᠲᠠ ᠶᠢᠨ ᠲᠣᠪᠴᠢᠶᠠᠨ ᠤ ᠳᠠᠷᠤᠭ᠎ᠠ᠃ ᠵᠠᠩ ᠶᠦᠩ ᠰᠢᠨ ᠰᠢᠶᠠᠨ ᠤ ᠬᠠᠤᠯᠢ ᠴᠠᠭᠠᠵᠠ ᠶᠢᠨ | ᠲᠣᠪᠴᠢᠶᠠᠨ ᠤ ᠳᠠᠷᠤᠭ᠎ᠠ ᠃ᠵᠠᠩ ᠶᠢᠩ ᠬᠤᠶ ᠰᠢᠶᠠᠨ ᠤ ᠰᠣᠶᠣᠯ ᠵᠢᠭᠤᠯᠴᠢᠯᠠᠯ ᠪᠡᠶ᠎ᠡ ᠲᠠᠮᠢᠷ ᠤᠨ ᠲᠣᠪᠴᠢᠶᠠᠨ ᠤ | ᠳᠠᠷᠤᠭ᠎ᠠ | ᠱᠢ ᠰᠢᠶᠤᠤ ᠢᠦ᠋ᠶ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ ᠃ᠯᠢ | ᠭᠤᠸᠠᠩ ᠶᠦᠨ ᠰᠢᠶᠠᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠳᠠᠷᠤᠭ᠎ᠠ ᠃ᠵᠠᠩ ᠯᠢ ᠯᠢ ᠰᠢᠶᠠᠨ ᠤ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠲᠡᠷᠢᠭᠦᠯᠡᠭᠴᠢ᠃ ᠵᠠᠩ ᠺᠦᠨ ᠠᠶᠢᠮᠠᠭ ᠤᠨ ᠠᠮᠢ ᠠᠬᠤᠶ | ᠣᠷᠴᠢᠨ ᠲᠣᠭᠤᠷᠢᠨ ᠤ ᠲᠣᠪᠴᠢᠶ᠎ᠠ ᠶᠢᠨ ᠲᠦᠴᠢᠦᠸᠠᠨ ᠰᠢᠶᠠᠨ ᠤ ᠬᠤᠪᠢᠶᠠᠷᠢ ᠲᠣᠪᠴᠢᠶ᠎ᠠ ᠶᠢᠨ ᠳᠠᠷᠤᠭ᠎ᠠ | ᠺᠦᠩ ᠴᠢᠩ ᠴᠢᠤᠸᠠᠨ ᠰᠢᠶᠠᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶᠠᠨ ᠤ ᠨᠢᠭᠡᠳᠦᠭᠡᠷ ᠳᠡᠰ ᠤᠨ | ᠡᠷᠬᠢᠯᠡᠭᠴᠢ ᠭᠡᠰᠢᠭᠦᠴᠢ ᠃ᠯᠢᠦ ᠰᠢᠩ ᠰᠢᠶᠠᠨ ᠤ ᠠᠷᠠᠳ ᠤᠨ ᠰᠢᠭᠦᠬᠦ ᠬᠤᠷᠢᠶᠠᠨ ᠤ ᠳᠡᠳ᠋ ᠳᠠᠷᠤᠭ᠎ᠠ ᠃ ᠯᠢᠦᠶ ᠶᠠᠨ | ᠵᠧᠦ ᠰᠢᠶᠠᠨ ᠤ ᠠᠷᠠᠳ ᠤᠨ ᠪᠠᠶᠢᠴᠠᠭᠠᠬᠤ ᠬᠤᠷᠢᠶᠠᠨ ᠤ ᠳᠡᠳ᠋ ᠪᠠᠶᠢᠴᠠᠭᠠᠬᠤ ᠳᠠᠷᠤᠭ᠎ᠠ᠃ ᠯᠢᠦ ᠰᠢᠨ ᠢᠦ᠋ᠶ ᠰᠢᠶᠠᠨ | ᠤ ᠰᠦᠯᠵᠢᠶᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠲᠥᠪ ᠤᠨ ᠡᠷᠬᠢᠯᠡᠭᠴᠢ | ᠱᠧᠨ ᠢ ᠬᠤᠩ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ( ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ) ᠶᠢᠨ ᠬᠤᠶᠠᠳᠤᠭᠠᠷ ᠳᠡᠰ ᠤᠨ ᠡᠷᠬᠢᠯᠡᠭᠴᠢ ᠭᠡᠰᠢᠭᠦᠴᠢ᠃ | ᠡᠦ ᠺᠦᠨᠫᠧᠩ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠠᠵᠤ ᠠᠬᠤᠶ ᠶᠢᠨ ᠲᠤᠷᠰᠢᠨ ᠪᠠᠶᠢᠴᠠᠭᠠᠬᠤ | ᠶᠡᠭᠡ ᠠᠩᠭᠢ ᠶᠢᠨ ᠳᠠᠷᠤᠭ᠎ᠠ᠃ ᠤᠳᠤᠷᠢᠳᠬᠤ ᠳᠤᠭᠤᠶᠢᠯᠠᠩ ᠨᠢ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ( ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ) ᠶᠢᠨ | ᠳᠣᠣᠷ᠎ᠠ ᠠᠯᠪᠠᠨ ᠭᠡᠷ ᠪᠠᠶᠢᠭᠤᠯᠵᠤ᠂ ᠡᠳᠦᠷ ᠲᠤᠲᠤᠮ ᠤᠨ ᠠᠵᠢᠯ ᠢ ᠬᠠᠷᠢᠭᠤᠴᠠᠬᠤ ᠪᠠ ᠡᠯ᠎ᠡ ᠬᠠᠮᠢᠶ᠎ᠠ ᠪᠦᠬᠦᠢ | ᠰᠠᠯᠠᠭ᠎ᠠ ᠮᠥᠴᠢᠷ ᠢ ᠵᠣᠬᠢᠴᠠᠭᠤᠯᠵᠤ ᠪᠠᠶᠢᠭᠠᠳ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠬᠦᠴᠦᠷᠬᠡᠭ ᠰᠢᠶᠠᠨ ᠤ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠰᠢᠶᠠᠨ ᠢ ᠡᠭᠦᠳᠦᠨ ᠪᠠᠶᠢᠭᠤᠯᠬᠤ ᠠᠵᠢᠯ | ᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ( | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ) ᠶᠢᠨ ᠨᠠᠮ ᠤᠨ ᠤᠳᠤᠷᠢᠳᠬᠤ ᠳᠤᠭᠤᠶᠢᠯᠠᠩ | ᠤᠨ ᠱᠦᠵᠢ ᠸᠠᠩ ᠬᠤᠶ ᠵᠧᠨ ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ ᠢ ᠬᠠᠪᠰᠤᠷᠭᠠᠨ ᠡᠭᠦᠷᠭᠡᠯᠡᠵᠦ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ( ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ | ᠶᠢᠨ ᠲᠣᠪᠴᠢᠶ᠎ᠠ ) ᠶᠢᠨ ᠳᠠᠷᠤᠭ᠎ᠠ ᠸᠠᠩ ᠳ᠋ᠠ ᠮᠢᠩ ᠠᠯᠪᠠᠨ ᠬᠡᠷ ᠤᠨ ᠳᠡᠳ᠋ ᠡᠷᠬᠢᠯᠡᠭᠴᠢ ᠶᠢᠨ ᠲᠤᠰᠢᠶᠠᠯ ᠢ | ᠡᠭᠦᠷᠭᠡᠯᠡᠨ᠎ᠡ᠂ ᠬᠠᠷᠢᠯᠴᠠᠬᠤ ᠬᠥᠮᠦᠨ᠄ ᠳᠣᠲᠣᠨᠣᠰᠤᠭ ᠤᠲᠠᠰᠤ 18304865876 ᠃ ᠡᠯ᠎ᠡ ᠪᠦᠷᠢᠯᠳᠦᠬᠦᠨ | ᠨᠢᠭᠡᠴᠡ ᠨᠢ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠣᠰᠣᠭᠠᠷ᠂ ᠢᠳᠡᠪᠬᠢᠲᠡᠶ ᠪᠠᠷ ᠬᠠᠮᠵᠢᠯᠴᠠᠵᠤ᠂ | ᠡᠭᠦᠳᠦᠨ ᠪᠠᠶᠢᠭᠤᠯᠬᠤ ᠠᠵᠢᠯ ᠢ ᠬᠠᠮᠲᠤᠪᠠᠷ ᠰᠠᠶᠢᠲᠤᠷ ᠬᠢᠬᠦ ᠬᠡᠷᠡᠭᠲᠡᠶ ᠃ | |