ᠬᠤᠲᠠ ᠪᠠᠯᠭᠠᠰᠤᠨ ᠤ 1200 ᠲᠦᠮᠡ ᠠᠴᠠ ᠳᠡᠭᠡᠭᠰᠢ ᠬᠥᠮᠥᠨ ᠳᠤ ᠠᠵᠢᠯ ᠣᠯᠭᠤᠵᠤ᠂ ᠬᠤᠲᠠ | ᠪᠠᠯᠭᠠᠰᠤᠨ ᠤ ᠪᠠᠶᠢᠴᠠᠭᠠᠯᠲᠠ ᠶᠢᠨ ᠠᠵᠢᠯ ᠠᠯᠳᠠᠯᠲᠠ ᠶᠢᠨ ᠨᠣᠷᠮ᠎ᠠ ᠶᠢ 5.5% ᠣᠷᠴᠢᠮ ᠪᠣᠯᠭᠠᠨ᠎ᠠ — ᠡᠨᠡ ᠪᠣᠯ | 5 ᠤ ᠡᠳᠦᠷ ᠤᠨ ᠬᠢᠨᠠᠨ ᠵᠦᠪᠯᠡᠭᠦᠯᠬᠦ ᠪᠠᠷ ᠳᠡᠪᠰᠢᠭᠦᠯᠦᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ | ᠲᠣᠬᠢᠷᠠᠭᠤᠯᠤᠭᠰᠠᠨ 2024 ᠣᠨ ᠤ ᠠᠵᠢᠯ ᠣᠯᠭᠤᠯᠲᠠ ᠶᠢᠨ ᠵᠢᠱᠢᠭᠰᠡᠨ ᠬᠠᠷᠠᠯᠲᠠ ᠪᠣᠯᠣᠨ᠎ᠠ᠃ | ᠬᠤᠲᠠ ᠪᠠᠯᠭᠠᠰᠤᠨ ᠤ ᠰᠢᠨ᠎ᠡ ᠪᠠᠷ ᠨᠡᠮᠡᠭᠳᠡᠭᠰᠡᠨ ᠠᠵᠢᠯ ᠣᠯᠭᠤᠯᠲᠠ ᠶᠢᠨ ᠬᠡᠪᠴᠢᠶ᠎ᠡ ᠶᠢ ᠨᠢᠳᠤᠨᠤᠨ ᠤ ︽ | 1200 ᠲᠦᠮᠡ ᠣᠷᠴᠢᠮ ︾ ᠪᠠᠶᠢᠭᠰᠠᠨ ᠠᠴᠠ ᠡᠨᠡ ᠵᠢᠯ ᠤᠨ ︽1200 ᠲᠦᠮᠡ ᠠᠴᠠ ᠳᠡᠭᠡᠭᠰᠢ ︾ ᠪᠣᠯᠭᠠᠨ | ᠲᠣᠬᠢᠷᠠᠭᠤᠯᠵᠤ᠂ ᠨᠡᠩ ᠢᠳᠡᠪᠬᠢᠲᠡᠢ ᠠᠵᠢᠯ ᠣᠯᠭᠤᠯᠲᠠ ᠶᠢᠨ ᠬᠠᠷᠠᠯᠲᠠ ᠶᠢ ᠳᠤᠷᠠᠳᠤᠨ ᠭᠠᠷᠭᠠᠭᠰᠠᠨ ᠨᠢ ᠠᠵᠢᠯ | ᠣᠯᠭᠤᠯᠲᠠ ᠶᠢ ᠲᠣᠭᠲᠠᠪᠤᠷᠢᠵᠢᠭᠤᠯᠬᠤ᠂ ᠢᠲᠡᠭᠡᠯ ᠵᠣᠷᠢᠭ ᠢ ᠬᠦᠪᠴᠢᠯᠡᠬᠦ ᠨᠡᠩ ᠶᠡᠭᠡ ᠡᠷᠴᠢᠮ ᠲᠠᠢ ᠳᠣᠬᠢᠶ᠎ᠠ ᠶᠢ | ᠳᠠᠮᠵᠢᠭᠤᠯᠪᠠ᠃ | ᠠᠵᠢᠯ ᠣᠯᠭᠤᠯᠲᠠ ᠪᠣᠯ ᠬᠠᠮᠤᠭ ᠤᠨ ᠶᠡᠭᠡ ᠠᠷᠠᠳ ᠤᠨ ᠠᠮᠢᠳᠤᠷᠠᠯ ᠮᠥᠨ᠂ ᠪᠠᠰᠠ ᠴᠤ ᠠᠵᠤ ᠠᠬᠤᠢ ᠶᠢᠨ | ᠬᠥᠭᠵᠢᠯᠲᠡ ᠶᠢᠨ ᠬᠠᠮᠤᠭ ᠤᠨ ᠦᠨᠳᠦᠰᠦᠨ ᠲᠤᠯᠭᠠᠭᠤᠷᠢ ᠪᠣᠯᠣᠨ᠎ᠠ᠃ ᠡᠨᠡ ᠵᠢᠯ ᠤᠨ ᠬᠠᠷᠠᠯᠲᠠ ᠪᠠᠨ ᠶᠠᠭᠤᠨ ᠳᠤ | ᠢᠩᠭᠢᠵᠦ ᠲᠣᠭᠲᠠᠭᠠᠭᠰᠠᠨ ᠪᠤᠢ︖ | ︽ᠡᠨᠡ ᠨᠢ ᠠᠷᠠᠳ ᠤᠨ ᠠᠮᠢᠳᠤᠷᠠᠯ ᠢ ᠳᠡᠭᠡᠳᠦ ᠬᠡᠮᠵᠢᠶ᠎ᠡ ᠪᠠᠷ ᠠᠩᠬᠠᠷᠴᠤ ᠪᠠᠶᠢᠭ᠎ᠠ ᠶᠢ ᠬᠠᠷᠠᠭᠤᠯᠬᠤ ᠪᠥᠭᠡᠳ | ᠪᠣᠳᠠᠲᠤ ᠪᠠᠶᠢᠳᠠᠯ ᠳᠤ ᠰᠠᠭᠤᠷᠢᠯᠠᠨ ᠪᠣᠳᠣᠯᠬᠢᠯᠠᠭᠰᠠᠨ ᠶᠠᠪᠤᠳᠠᠯ ᠮᠥᠨ᠃ ︾ ᠪᠥᠬᠦ ᠤᠯᠤᠰ ᠤᠨ ᠤᠯᠤᠰ | ᠲᠥᠷᠥ ᠶᠢᠨ ᠵᠥᠪᠯᠡᠯᠭᠡᠨ ᠤ ᠭᠡᠰᠢᠭᠦᠨ᠂ ᠳᠤᠮᠳᠠᠳᠤ ᠤᠯᠤᠰ ᠤᠨ ᠬᠥᠳᠡᠯᠮᠦᠷᠢ ᠪᠠ ᠨᠡᠶᠢᠭᠡᠮ ᠤᠨ ᠪᠠᠲᠤᠯᠠᠭ᠎ᠠ ᠶᠢᠨ | ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠮᠦᠸᠧ ᠷᠦᠩ ᠢᠯᠡᠷᠬᠡᠶᠢᠯᠡᠬᠦ ᠳᠤ ᠪᠠᠨ᠂ | 2024 ᠣᠨ ᠤ ᠠᠵᠤ ᠠᠬᠤᠢ ᠶᠢᠨ ᠠᠵᠢᠯᠯᠠᠭᠠᠨ ᠤ ᠲᠦᠭᠰᠢᠭᠦᠷᠢ ᠪᠠ ᠥᠷᠢᠰᠦᠯᠳᠦᠭᠡᠨ ᠨᠡᠮᠡᠭᠳᠡᠵᠦ᠂ | ᠭᠤᠣᠯᠳᠠᠯᠭ᠎ᠠ ᠲᠠᠢ ᠬᠥᠮᠥᠰ ᠤᠨ ᠠᠵᠢᠯ ᠣᠯᠬᠤ ᠳᠠᠷᠤᠭᠠᠰᠤ ᠨᠡᠯᠢᠶᠡᠳ ᠶᠡᠭᠡ ᠪᠠᠶᠢᠭ᠎ᠠ ᠪᠠᠶᠢᠳᠠᠯ ᠳᠣᠣᠷ᠎ᠠ᠂ ᠡᠷᠬᠡᠪᠰᠢ | ᠣᠯᠠᠨ ᠲᠦᠮᠡᠨ ᠤ ᠠᠵᠢᠯ ᠣᠯᠬᠤ ᠠᠰᠠᠭᠤᠳᠠᠯ ᠢ ᠰᠢᠢᠳᠪᠦᠷᠢᠯᠡᠬᠦ ᠶᠢ ᠨᠠᠩ ᠲᠣᠪᠤᠶᠢᠮ᠎ᠠ ᠪᠠᠶᠢᠷᠢᠨ ᠳᠤ ᠲᠠᠯᠪᠢᠵᠤ᠂ | ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠢᠯᠡᠷᠡᠭᠦᠯᠬᠦ | ᠬᠡᠷᠡᠭᠲᠡᠢ ᠭᠡᠵᠡᠢ᠃ | ᠡᠨᠡ ᠵᠢᠯ ᠬᠤᠳᠠ ᠪᠠᠯᠭᠠᠰᠤᠨ ᠳᠤ ᠠᠵᠢᠯ ᠣᠯᠬᠤ ᠴᠢᠬᠤᠯᠠᠲᠠᠢ ᠰᠢᠨ᠎ᠡ ᠪᠠᠷ ᠦᠰᠦᠨ ᠪᠤᠶᠢᠵᠢᠭᠰᠠᠨ ᠬᠥᠳᠡᠯᠮᠦᠷᠢ | ᠬᠦᠴᠦᠨ ᠦᠷᠭᠦᠯᠵᠢᠯᠡᠨ ᠥᠨᠳᠥᠷ ᠪᠠᠶᠢᠷᠢᠨ ᠳᠤ ᠪᠠᠶᠢᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ | ᠬᠡᠪᠴᠢᠶ᠎ᠡ ᠵᠢᠱᠢᠯᠲᠡ ᠪᠠᠷ ᠳᠠᠬᠢᠨᠲᠠ ᠰᠢᠨ᠎ᠡ ᠲᠡᠮᠳᠡᠭᠯᠡᠯ ᠢ ᠡᠭᠦᠳᠴᠦ᠂ 1170 ᠲᠦᠮᠡᠨ ᠬᠥᠮᠥᠨ ᠢ ᠳᠠᠪᠠᠭ᠋ᠤ ᠶᠢᠨ | ᠬᠠᠮᠲᠤ ᠪᠠᠰᠠ ᠦᠯᠡᠮᠵᠢ ᠤᠯᠠᠨ ᠲᠠᠷᠢᠶᠠᠴᠢᠨ ᠬᠦᠴᠦ ᠶᠠᠪᠤᠭᠰᠠᠳ ᠤᠨ ᠠᠵᠢᠯ ᠣᠯᠬᠤ ᠠᠰᠠᠭᠤᠳᠠᠯ ᠢ ᠰᠢᠢᠳᠪᠦᠷᠢᠯᠡᠬᠦ | ᠴᠢᠬᠤᠯᠠᠲᠠᠢ ᠪᠠᠶᠢᠨ᠎ᠠ᠃ ᠡᠶᠢᠮᠦ ᠠᠴᠠ ᠠᠵᠢᠯ ᠣᠯᠭᠤᠯᠲᠠ ᠶᠢᠨ ᠶᠡᠭᠡ ᠲᠠᠯ᠎ᠠ ᠶᠢ ᠲᠣᠭᠲᠠᠪᠤᠷᠢᠵᠢᠭᠤᠯᠬᠤ ᠨᠢ | ᠲᠦᠢᠯ ᠤᠨ ᠵᠠᠩᠭᠢᠯᠠᠭ᠎ᠠ ᠪᠣᠯᠣᠨ᠎ᠠ᠃ | ᠡᠨᠡ ᠬᠦ ᠬᠠᠷᠠᠯᠲᠠ ᠶᠢ ᠪᠡᠶᠡᠯᠡᠭᠦᠯᠵᠦ ᠴᠢᠳᠠᠨ᠎ᠠ ᠤᠤ︖ | ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ ᠠᠵᠤ ᠠᠬᠤᠢ ᠶᠢᠨ ᠨᠡᠮᠡᠭᠳᠡᠯ ᠤᠨ ᠵᠢᠱᠢᠯᠲᠡ ᠶᠢᠨ | ᠬᠠᠷᠠᠯᠲᠠ ᠶᠢ 5% ᠣᠷᠴᠢᠮ ᠪᠠᠶᠢᠯᠭᠠᠨ᠎ᠠ ᠭᠡᠵᠦ ᠳᠤᠷᠠᠳᠪᠠ᠃ | ᠡᠨᠡ ᠨᠢ ᠶᠠᠭ ᠠᠵᠢᠯ ᠣᠯᠭᠤᠯᠲᠠ ᠶᠢ ᠠᠬᠢᠭᠤᠯᠵᠤ ᠣᠷᠣᠯᠭ᠎ᠠ ᠶᠢ ᠨᠡᠮᠡᠭᠳᠡᠭᠦᠯᠬᠦ ᠵᠡᠷᠭᠡ ᠲᠠᠯ᠎ᠠ ᠪᠠᠷ ᠬᠢ | ᠬᠡᠷᠡᠭᠴᠡᠭᠡ ᠶᠢ ᠪᠣᠳᠣᠯᠬᠢᠯᠠᠭᠰᠠᠨ ᠶᠤᠮ᠃ | ︽ᠠᠵᠤ ᠠᠬᠤᠢ ᠶᠢᠨ ᠨᠡᠮᠡᠭᠳᠡᠯ ᠬᠢᠭᠡᠳ ᠠᠵᠢᠯ ᠣᠯᠭᠤᠯᠲᠠ ᠶᠢᠨ ᠬᠤᠯᠪᠣᠯᠳᠤᠨ ᠳᠠᠶᠢᠴᠢᠯᠠᠬᠤ | ᠦᠢᠯᠡᠳᠦᠯ ᠠᠴᠠ ᠦᠵᠡᠪᠡᠯ᠂ ᠠᠵᠤ ᠠᠬᠤᠢ ᠶᠢᠨ ᠨᠡᠮᠡᠭᠳᠡᠯ ᠤᠨ 1 ᠵᠠᠭᠤᠨ ᠤ ᠴᠡᠭ ᠨᠢ 200 ᠭᠠᠷᠤᠢ ᠲᠦᠮᠡᠨ | ᠬᠥᠮᠥᠨ ᠤ ᠠᠵᠢᠯ ᠣᠯᠭᠤᠯᠲᠠ ᠶᠢ ᠳᠠᠶᠢᠴᠢᠯᠠᠵᠤ ᠳᠡᠶᠢᠯᠦᠨ᠎ᠡ᠃ ︾ ᠭᠡᠰᠢᠭᠦᠨ ᠮᠦᠸᠧ ᠷᠦᠩ ᠬᠡᠯᠡᠭᠰᠡᠨ ᠨᠢ᠂ ᠡᠨᠡ | ᠬᠡᠳᠦᠨ ᠵᠢᠯ ᠤᠨ ᠠᠵᠤ ᠠᠬᠤᠢ ᠶᠢᠨ ᠪᠦᠲᠦᠴᠡ ᠶᠢᠨ ᠲᠣᠬᠢᠷᠠᠭᠤᠯᠤᠯᠲᠠ᠂ ᠢᠯᠠᠩᠭᠤᠶ᠎ᠠ ᠦᠢᠯᠡᠴᠢᠯᠡᠭᠡᠨ ᠤ | ᠦᠢᠯᠡᠰ ᠤᠨ ᠲᠦᠷᠭᠡᠨ ᠬᠥᠭᠵᠢᠯᠲᠡ ᠶᠢᠨ ᠳᠡᠭᠡᠷ᠎ᠡ ᠡᠯ᠎ᠡ ᠱᠠᠲᠤᠨ ᠤ ᠵᠠᠰᠠᠭ ᠤᠨ ᠣᠷᠳᠣᠨ ᠠᠵᠢᠯ ᠣᠯᠭᠤᠯᠲᠠ ᠶᠢ | ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠨᠠᠷᠢᠯᠢᠭᠵᠢᠭᠤᠯᠤᠭᠰᠠᠨ ᠠᠴᠠ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠣᠯᠭᠤᠯᠲᠠ ᠶᠢ ᠳᠠᠶᠢᠴᠢᠯᠠᠬᠤ ᠬᠦᠴᠦᠨ ᠲᠣᠭᠲᠠᠭᠤᠨ ᠢᠶᠠᠷ | ᠴᠢᠩᠭᠠᠷᠠᠵᠠᠢ ᠭᠡᠪᠡ᠃ | ᠠᠵᠢᠯ ᠣᠯᠭᠤᠯᠲᠠ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠢ ᠡᠷᠭᠢᠴᠡᠭᠦᠯᠵᠦ ᠦᠵᠡᠪᠡᠯ᠂ ᠥᠩᠭᠡᠷᠡᠭᠰᠡᠨ 3 | ᠵᠢᠯ ᠳᠤ᠂ ᠮᠠᠨ ᠤ ᠤᠯᠤᠰ ᠤᠨ ᠵᠢᠯ ᠪᠦᠷᠢ ᠶᠢᠨ ᠪᠡᠶᠡᠯᠡᠭᠦᠯᠦᠭᠰᠡᠨ ᠬᠤᠳᠠ ᠪᠠᠯᠭᠠᠰᠤᠨ ᠤ ᠰᠢᠨ᠎ᠡ ᠪᠠᠷ ᠠᠵᠢᠯ | ᠣᠯᠣᠭᠰᠠᠨ ᠬᠥᠮᠥᠨ 1200 ᠲᠦᠮᠡ ᠶᠢ ᠳᠠᠪᠠᠵᠠᠢ᠃ 2023 ᠣᠨ ᠳᠤ GDP 5.2% ᠢᠶᠠᠷ ᠨᠡᠮᠡᠭᠳᠡᠵᠦ᠂ | ᠪᠥᠬᠦ ᠤᠯᠤᠰ ᠤᠨ 1244 ᠲᠦᠮᠡᠨ ᠬᠥᠮᠥᠨ ᠳᠤ ᠬᠤᠲᠠ ᠪᠠᠯᠭᠠᠰᠤᠨ ᠳᠤ ᠠᠵᠢᠯ ᠣᠯᠭᠤᠵᠤ᠂ ᠬᠥᠳᠡᠭᠡ | ᠲᠣᠰᠬᠤᠨ ᠤ ᠬᠥᠳᠡᠯᠮᠦᠷᠢ ᠬᠦᠴᠦᠨ ᠤ ᠭᠠᠳᠠᠭᠰᠢ ᠭᠠᠷᠴᠤ ᠠᠵᠢᠯ ᠬᠢᠬᠦ ᠬᠡᠪᠴᠢᠶ᠎ᠡ ᠦᠷᠭᠦᠯᠵᠢᠯᠡᠨ ᠨᠡᠮᠡᠭᠳᠡᠵᠦ᠂ | ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠠᠵᠢᠯ ᠬᠢᠬᠦ ᠬᠡᠪᠴᠢᠶ᠎ᠡ 3397 ᠲᠦᠮᠡᠨ ᠬᠥᠮᠥᠨ ᠳᠤ | ᠬᠦᠷᠴᠡᠢ᠃ | 2024 ᠣᠨ ᠤ ᠠᠵᠢᠯ ᠣᠯᠭᠤᠯᠲᠠ ᠶᠢᠨ ᠬᠠᠷᠠᠯᠲᠠ ᠶᠢ ᠬᠡᠷᠬᠢᠨ ᠪᠡᠶᠡᠯᠡᠭᠦᠯᠬᠦ ᠪᠤᠢ︖ | — ᠡᠩ ᠲᠡᠷᠢᠭᠦᠨ ᠳᠤ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠤᠳᠤᠷᠢᠳᠤᠮᠵᠢ ᠶᠢ ᠴᠢᠩᠭᠠᠳᠬᠠᠬᠤ | ᠬᠡᠷᠡᠭᠲᠡᠢ᠃ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ ᠡᠳ᠋ ᠤᠨ ᠵᠠᠰᠠᠭ ᠭᠠᠶᠢᠯᠢ᠂ ᠮᠥᠩᠭᠦᠨ ᠭᠦᠢᠯᠭᠡᠭᠡ | ᠵᠡᠷᠭᠡ ᠲᠥᠷᠥ ᠶᠢᠨ ᠪᠣᠳᠣᠯᠭ᠎ᠠ ᠶᠢᠨ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠳᠤ ᠦᠵᠡᠭᠦᠯᠬᠦ ᠳᠡᠮᠵᠢᠯᠭᠡ ᠶᠢ | ᠴᠢᠩᠭᠠᠳᠬᠠᠵᠤ᠂ ᠠᠵᠢᠯ ᠣᠯᠭᠤᠯᠲᠠ ᠶᠢ ᠠᠬᠢᠭᠤᠯᠬᠤ ᠲᠤᠰᠬᠠᠢ ᠲᠥᠷᠥ ᠶᠢᠨ ᠪᠣᠳᠣᠯᠭ᠎ᠠ ᠶᠢᠨ ᠡᠷᠴᠢᠮ ᠢ | ᠴᠢᠩᠭᠠᠷᠠᠭᠤᠯᠤᠨ᠎ᠠ ᠭᠡᠵᠦ ᠳᠤᠷᠠᠳᠪᠠ᠃ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠪᠤᠴᠠᠭᠠᠯᠲᠠ᠂ ᠲᠤᠰᠬᠠᠢ | ᠵᠢᠭᠡᠯᠡᠯᠭᠡ᠂ ᠠᠵᠢᠯ ᠣᠯᠭᠤᠯᠲᠠ ᠪᠠ ᠨᠡᠶᠢᠭᠡᠮ ᠤᠨ ᠪᠠᠲᠤᠯᠠᠭ᠎ᠠ ᠶᠢᠨ ᠨᠥᠬᠦᠪᠦᠷᠢ ᠵᠡᠷᠭᠡ ᠲᠦᠷᠦ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ ᠲᠡᠭᠦᠯᠳᠡᠷᠵᠢᠭᠦᠯᠵᠦ᠂ ᠠᠵᠢᠯ ᠣᠯᠭᠤᠯᠲᠠ ᠶᠢᠨ ᠪᠠᠭᠲᠠᠭᠠᠮᠵᠢ ᠪᠠᠷ ᠶᠡᠭᠡ ᠠᠵᠢᠯ ᠲᠦᠷᠦᠯ ᠤᠨ | ᠠᠵᠤ ᠠᠬᠤᠶᠢᠯᠠᠯ ᠢ ᠳᠡᠮᠵᠢᠬᠦ ᠪᠠᠨ ᠴᠢᠩᠭᠠᠳᠬᠠᠨ᠎ᠠ᠃ | — ᠳᠠᠷᠠᠭᠠᠯᠠᠪᠠᠯ᠂ ᠭᠤᠣᠯᠳᠠᠯᠭ᠎ᠠ ᠲᠠᠢ ᠬᠦᠮᠦᠰ ᠤᠨ ᠠᠵᠢᠯ ᠣᠯᠬᠤ ᠶᠢ ᠬᠠᠪᠰᠤᠷᠤᠨ ᠲᠡᠳᠬᠦᠬᠦ ᠶᠢ | ᠳᠣᠪᠤᠶᠢᠯᠭᠠᠬᠤ ᠬᠡᠷᠡᠭᠲᠡᠢ᠃ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ ᠵᠠᠯᠠᠭᠤᠴᠤᠳ ᠤᠨ ᠠᠵᠢᠯ | ᠣᠯᠬᠤ ᠶᠢ ᠠᠬᠢᠭᠤᠯᠬᠤ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠴᠢᠩᠭᠠᠳᠬᠠᠵᠤ᠂ ᠠᠵᠢᠯ ᠣᠯᠵᠤ ᠦᠢᠯᠡᠰ | ᠪᠣᠰᠬᠠᠬᠤ ᠶᠢ ᠵᠢᠯᠤᠭᠤᠳᠬᠤ ᠦᠢᠯᠡᠴᠢᠯᠡᠭᠡ ᠶᠢ ᠰᠢᠯᠢᠳᠡᠭᠵᠢᠭᠦᠯᠬᠦ ᠬᠡᠷᠡᠭᠲᠡᠢ ᠭᠡᠵᠦ ᠲᠣᠳᠣᠷᠬᠠᠶᠢᠯᠠᠪᠠ᠃ | ᠲᠥᠯᠥᠪᠯᠡᠭᠡ ᠶᠢᠨ ᠮᠡᠳᠡᠭᠦᠯᠦᠯᠲᠡ ᠳᠤ᠂ ᠲᠡᠷᠢᠭᠦᠨ ᠤ ᠦᠢᠯᠡᠳᠬᠦ ᠦᠢᠯᠡᠰ ᠤᠨ ᠠᠵᠢᠯ ᠣᠯᠭᠤᠯᠲᠠ ᠶᠢ ᠠᠬᠢᠭᠤᠯᠬᠤ | ᠠᠵᠢᠯᠯᠠᠭ᠎ᠠ ᠶᠢ ᠬᠡᠷᠡᠭᠵᠢᠭᠦᠯᠵᠦ᠂ ᠠᠵᠢᠯ ᠣᠯᠭᠤᠯᠲᠠ ᠶᠢᠨ ᠨᠡᠮᠡᠭᠳᠡᠯ ᠤᠨ ᠴᠡᠭ ᠢ ᠥᠷᠭᠡᠳᠬᠡᠨ᠎ᠡ᠃ ᠵᠠᠯᠠᠭᠤᠴᠤᠳ ᠤᠨ | ᠠᠵᠢᠯ ᠣᠯᠭᠤᠯᠲᠠ ᠶᠢ ᠠᠬᠢᠭᠤᠯᠬᠤ ᠭᠤᠷᠪᠠᠨ ᠵᠢᠯ ᠤᠨ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠦᠨ᠎ᠡ᠃ ᠠᠯᠪᠠᠨ | ᠪᠠᠶᠢᠭᠤᠯᠭ᠎ᠠ ᠠᠵᠢᠯ ᠦᠢᠯᠡᠰ ᠤᠨ ᠨᠢᠭᠡᠴᠢ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠵᠡᠷᠭᠡ ᠲᠥᠷᠥ ᠶᠢᠨ | ᠪᠣᠳᠣᠯᠭ᠎ᠠ ᠶᠢᠨ ᠴᠢᠨᠠᠷᠲᠠᠢ ᠠᠵᠢᠯ ᠤᠨ ᠪᠠᠶᠢᠷᠢ ᠶᠢᠨ ᠤᠷᠢᠨ ᠬᠡᠷᠡᠭᠯᠡᠬᠦ ︵ᠡᠯᠰᠡᠬᠦ ︶ ᠲᠣᠬᠢᠷᠠᠭᠤᠯᠤᠯᠲᠠ ᠶᠢ | ᠰᠢᠯᠢᠳᠡᠭᠵᠢᠭᠦᠯᠦᠨ᠎ᠡ ᠭᠡᠵᠦ ᠳᠤᠷᠠᠳᠪᠠ᠃ ᠲᠥᠰᠥᠪ ᠤᠨ ᠮᠡᠳᠡᠭᠦᠯᠦᠯᠲᠡ ᠶᠢ ᠦᠨᠳᠦᠰᠦᠯᠡᠪᠡᠯ᠂ 2024 ᠣᠨ ᠳᠤ᠂ | ᠲᠥᠪ ᠤᠨ ᠡᠳ᠋ ᠤᠨ ᠵᠠᠰᠠᠭ 667 ᠳ᠋ᠦᠩᠰᠢᠭᠤᠷ ᠲᠥᠭᠦᠷᠢᠭ ᠤᠨ ᠠᠵᠢᠯ ᠣᠯᠭᠤᠯᠲᠠ ᠶᠢᠨ ᠨᠥᠬᠦᠪᠦᠷᠢ ᠪᠡᠯᠡ | ᠮᠥᠩᠭᠦ ᠲᠣᠬᠢᠷᠠᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠲᠠᠷᠢᠶᠠᠴᠢᠨ ᠬᠦᠴᠦ ᠶᠠᠪᠤᠭᠰᠠᠳ᠂ ᠠᠵᠢᠯ | ᠣᠯᠬᠤ ᠳᠤ ᠬᠦᠴᠢᠷᠲᠡᠢ ᠬᠦᠮᠦᠰ ᠵᠡᠷᠭᠡ ᠶᠢᠨ ᠠᠵᠢᠯ ᠣᠯᠵᠤ ᠦᠢᠯᠡᠰ ᠪᠤᠰᠬᠠᠬᠤ ᠶᠢ ᠭᠤᠣᠯᠳᠠᠯᠭ᠎ᠠ ᠲᠠᠢ ᠳᠡᠮᠵᠢᠬᠦ ᠪᠠᠷ | ᠲᠥᠯᠥᠪᠯᠡᠵᠦ ᠪᠤᠢ᠃ | — ᠡᠭᠦᠨ ᠠᠴᠠ ᠭᠠᠳᠠᠨ᠎ᠠ᠂ ᠬᠠᠩᠭᠠᠯᠭ᠎ᠠ ᠬᠡᠷᠡᠭᠴᠡᠭᠡ ᠶᠢᠨ ᠵᠣᠬᠢᠴᠠᠯ ᠢ ᠴᠢᠩᠭᠠᠳᠬᠠᠵᠤ᠂ ᠠᠵᠢᠯ | ᠣᠯᠭᠤᠯᠲᠠ ᠶᠢᠨ ᠣᠷᠣᠨ ᠵᠠᠢ ᠶᠢ ᠥᠷᠭᠡᠳᠬᠡᠬᠦ ᠬᠡᠷᠡᠭᠲᠡᠢ᠃ ᠲᠥᠯᠥᠪᠯᠡᠭᠡ ᠶᠢᠨ ᠮᠡᠳᠡᠭᠦᠯᠦᠯᠲᠡ ᠳᠤ᠂ ᠡᠳᠦᠷ ᠤᠨ | ᠬᠦᠴᠦ ᠶᠠᠪᠤᠭᠰᠠᠳ ᠤᠨ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠴᠢᠩᠭᠠᠳᠬᠠᠵᠤ᠂ ᠠᠮᠢᠳᠤᠯᠢᠭ ᠢᠶᠠᠷ ᠠᠵᠢᠯ | ᠣᠯᠬᠤ ᠶᠢ ᠣᠯᠠᠨ ᠠᠷᠭ᠎ᠠ ᠵᠠᠮ ᠢᠶᠠᠷ ᠠᠬᠢᠭᠤᠯᠤᠨ᠎ᠠ᠃ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠭᠡᠨ ᠤ | ᠰᠠᠯᠠᠭ᠎ᠠ ᠶᠢᠨ ᠮᠡᠷᠭᠡᠵᠢᠯ ᠤᠨ ᠪᠠᠶᠢᠷᠢᠰᠢᠭᠤᠯᠤᠯᠲᠠ ᠶᠢᠨ ᠪᠦᠲᠦᠴᠡ ᠶᠢ ᠲᠣᠬᠢᠷᠠᠭᠤᠯᠬᠤ ᠶᠢ ᠲᠦᠷᠭᠡᠳᠬᠡᠵᠦ᠂ ᠶᠡᠭᠡ | ᠳᠡᠭᠡᠳᠦ ᠰᠤᠷᠭᠠᠭᠤᠯᠢ ᠶᠢᠨ ᠰᠢᠨᠵᠢᠯᠡᠭᠡᠨ ᠤ ᠰᠠᠯᠠᠭ᠎ᠠ ᠶᠢᠨ ᠮᠡᠷᠭᠡᠵᠢᠯ ᠤᠨ ᠲᠣᠬᠢᠷᠠᠭᠤᠯᠤᠯᠲᠠ ᠪᠠ ᠴᠢᠳᠠᠪᠤᠷᠢᠲᠠᠨ ᠤ | ᠪᠣᠳᠠᠲᠠᠢ ᠬᠡᠷᠡᠭᠴᠡᠭᠡ ᠱᠠᠭᠠᠷᠳᠠᠯᠭ᠎ᠠ ᠶᠢ ᠨᠡᠩ ᠵᠣᠬᠢᠴᠠᠭᠤᠯᠬᠤ ᠶᠢ ᠠᠬᠢᠭᠤᠯᠵᠤ᠂ ᠵᠠᠭᠤᠨ ᠲᠦᠮᠡᠨ ᠵᠠᠯᠠᠭᠤᠴᠤᠳ ᠤᠨ | ᠠᠵᠢᠯ ᠮᠡᠷᠭᠡᠵᠢᠯ ᠤᠨ ᠤᠷ᠎ᠠ ᠮᠡᠷᠭᠡᠰᠢᠯ ᠤᠨ ᠪᠣᠯᠪᠠᠰᠤᠷᠠᠯ ᠢ ᠦᠷᠨᠢᠭᠦᠯᠦᠨ᠎ᠡ ᠭᠡᠵᠦ ᠳᠤᠷᠠᠳᠪᠠ᠃ | |