ᠨᠢᠭᠡ᠂ ᠨᠣᠣᠷᠠᠭᠯᠠᠭᠰᠠᠨ ᠠᠬᠤᠢ ᠪᠠᠶᠢᠳᠠᠯ | ᠬᠡᠦᠬᠡᠳ ᠪᠣᠯ ᠭᠡᠷ ᠪᠦᠯᠢ ᠶᠢᠨ ᠬᠦᠰᠡᠯ ᠡᠷᠡᠮᠡᠯᠵᠡᠯ᠂ ᠤᠯᠤᠰ ᠪᠠ ᠦᠨᠳᠦᠰᠦᠲᠡᠨ ᠤ ᠢᠷᠡᠭᠡᠳᠦᠢ ᠮᠥᠨ᠂ | ᠬᠡᠦᠬᠡᠳ ᠤᠳ ᠬᠠᠤᠯᠢ ᠶᠣᠰᠣᠭᠠᠷ ᠡᠮᠴᠢᠯᠡᠭᠡᠨ ᠤ ᠦᠨᠳᠦᠰᠦᠨ ᠳᠠᠭᠠᠳᠬᠠᠯ ᠳᠤ ᠣᠷᠣᠯᠴᠠᠬᠤ ᠨᠢ ᠬᠡᠦᠬᠡᠳ ᠤᠳ ᠤᠨ | ᠡᠷᠡᠭᠦᠯ ᠢᠶᠠᠷ ᠦᠰᠦᠨ ᠪᠤᠶᠢᠵᠢᠬᠤ ᠶᠢ ᠪᠠᠲᠤᠯᠠᠬᠤ ᠳᠤ ᠴᠢᠬᠤᠯᠠ ᠠᠴᠢ ᠬᠤᠯᠪᠣᠭᠳᠠᠯ ᠲᠠᠢ ᠪᠥᠭᠡᠳ ᠲᠦᠭ ᠲᠦᠮᠡᠨ | ᠭᠡᠷ ᠪᠦᠯᠢ ᠶᠢᠨ ᠵᠣᠯ ᠵᠢᠷᠭᠠᠯᠲᠤ ᠠᠮᠢᠳᠤᠷᠠᠯ ᠤᠨ ᠴᠢᠬᠤᠯᠠ ᠪᠠᠲᠤᠯᠠᠭ᠎ᠠ ᠶᠤᠮ᠃ ᠮᠠᠨ ᠤ ᠤᠯᠤᠰ ᠤᠨ ᠬᠤᠲᠠ | ᠬᠥᠳᠡᠭᠡᠨ ᠤ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠳᠦᠷᠢᠮ ᠪᠠᠶᠢᠭᠤᠯᠤᠭᠳᠠᠭᠰᠠᠨ ᠠᠴᠠ ᠨᠠᠭᠠᠰᠢ᠂ | ᠳᠠᠭᠠᠳᠬᠠᠯ ᠳᠤ ᠣᠷᠣᠯᠴᠠᠭᠰᠠᠨ ᠬᠡᠦᠬᠡᠳ ᠤᠨ ᠲᠤᠭ᠎ᠠ ᠲᠣᠭᠲᠠᠭᠤᠨ ᠤ ᠳᠤᠮᠳᠠ ᠨᠡᠮᠡᠭᠳᠡᠵᠦ᠂ 2023 ᠣᠨ ᠳᠤ | ᠳᠠᠭᠠᠳᠬᠠᠯ ᠳᠤ ᠣᠷᠣᠯᠴᠠᠭᠰᠠᠨ ᠬᠡᠦᠬᠡᠳ 2.56 ᠳ᠋ᠦᠩᠰᠢᠭᠤᠷ ᠪᠣᠯᠵᠠᠢ᠃ ᠳᠠᠭᠠᠳᠬᠠᠯ ᠳᠤ ᠣᠷᠣᠯᠴᠠᠭᠰᠠᠨ | ᠬᠡᠦᠬᠡᠳ ᠤᠨ ᠲᠤᠭ᠎ᠠ ᠲᠣᠭᠲᠠᠭᠤᠨ ᠢᠶᠠᠷ ᠨᠡᠮᠡᠭᠳᠡᠭᠰᠡᠨ ᠨᠢ ᠬᠡᠦᠬᠡᠳ ᠤᠳ ᠤᠨ ᠡᠷᠡᠭᠦᠯ ᠮᠡᠨᠳᠦ ᠶᠢᠨ ᠡᠷᠬᠡ ᠠᠰᠢᠭ ᠢ | ᠪᠠᠲᠤᠯᠠᠬᠤ ᠳᠤ ᠰᠠᠭᠤᠷᠢ ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠦᠢᠯᠡᠳᠦᠯ ᠭᠠᠷᠭᠠᠭᠰᠠᠨ ᠪᠠᠶᠢᠨ᠎ᠠ | ᠃ ᠭᠡᠪᠡᠴᠦ ᠡᠭᠦᠨ ᠤ ᠬᠠᠮᠲᠤ ᠪᠠᠰᠠ ᠨᠢᠷᠠᠢ ᠬᠡᠦᠬᠡᠳ ᠤᠨ ᠳᠠᠭᠠᠳᠬᠠᠯ ᠳᠤ ᠣᠷᠣᠯᠴᠠᠬᠤ ᠳᠤ ᠭᠠᠷ ᠭᠦᠢᠴᠡᠳᠬᠡᠯ | ᠣᠯᠠᠨ᠂ ᠶᠠᠪᠤᠴᠠ ᠤᠷᠲᠤ᠂ ᠴᠥᠭᠡᠨ ᠲᠣᠭᠠᠨ ᠤ ᠭᠡᠷ ᠤᠨ ᠠᠬᠠᠮᠠᠳ ᠤᠨ ᠳᠠᠭᠠᠳᠬᠠᠯ ᠳᠤ ᠣᠷᠣᠯᠴᠠᠬᠤ ᠤᠬᠠᠮᠰᠠᠷ | ᠳᠣᠷᠣᠢ᠂ ᠣᠨᠴᠠ ᠵᠠᠷᠢᠮ ᠬᠤᠲᠠ ᠪᠠᠶᠢᠩᠭᠤ ᠰᠠᠭᠤᠭ᠎ᠠ ᠬᠡᠦᠬᠡᠳ ᠤᠨ ᠳᠠᠭᠠᠳᠬᠠᠯ ᠳᠤ ᠣᠷᠣᠯᠴᠠᠬᠤ ᠡᠷᠦᠬᠡ | ᠠᠮᠠ ᠶᠢᠨ ᠬᠢᠵᠠᠭᠠᠷᠯᠠᠯ ᠢ ᠬᠠᠷᠠᠬᠠᠨ ᠪᠦᠷᠢᠮᠦᠰᠦᠨ ᠴᠢᠯᠦᠭᠡᠲᠡᠢ ᠪᠣᠯᠭᠠᠭᠠᠳᠤᠢ ᠵᠡᠷᠭᠡ ᠠᠰᠠᠭᠤᠳᠠᠯ ᠤᠳ ᠣᠷᠣᠰᠢᠵᠤ | ᠪᠠᠶᠢᠭ᠎ᠠ ᠪᠣᠯᠬᠤᠷ ᠬᠠᠮᠲᠤ ᠶᠢᠨ ᠲᠠᠨᠢᠯᠲᠠ ᠪᠠᠨ ᠴᠢᠨᠠᠭᠰᠢᠳᠠ ᠤᠯᠠᠮ ᠨᠢᠭᠲᠠᠷᠠᠭᠤᠯᠵᠤ᠂ ᠰᠠᠯᠠᠭ᠎ᠠ ᠮᠥᠴᠢᠷ ᠤᠳ ᠤᠨ | ᠨᠡᠶᠢᠯᠡᠮᠡᠯ ᠬᠦᠴᠦᠨ ᠢ ᠪᠣᠶ ᠪᠣᠯᠭᠠᠨ᠂ ᠬᠡᠦᠬᠡᠳ ᠤᠨ ᠳᠠᠭᠠᠳᠬᠠᠯ ᠳᠤ ᠣᠷᠣᠯᠴᠠᠬᠤ ᠲᠦᠪᠰᠢᠨ ᠢ ᠴᠢᠨᠠᠭᠰᠢᠳᠠ ᠤᠯᠠᠮ | ᠳᠡᠭᠡᠭᠰᠢᠯᠡᠭᠦᠯᠬᠦ ᠶᠢ ᠠᠬᠢᠭᠤᠯᠬᠤ ᠴᠢᠬᠤᠯᠠᠲᠠᠢ ᠪᠠᠶᠢᠨ᠎ᠠ᠃ ᠬᠡᠦᠬᠡᠳ ᠤᠳ ᠤᠨ ᠡᠮᠴᠢᠯᠡᠭᠡᠨ ᠤ ᠪᠠᠲᠤᠯᠠᠭ᠎ᠠ ᠶᠢᠨ ᠡᠷᠬᠡ | ᠠᠰᠢᠭ ᠢ ᠬᠠᠮᠠᠭᠠᠯᠠᠬᠤ ᠶᠢᠨ ᠲᠥᠯᠥᠭᠡ᠂ ᠪᠢᠳᠡ ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ᠂ ᠤᠯᠤᠰ ᠤᠨ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ | ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠤᠨ ᠠᠯᠪᠠᠨ ᠭᠡᠷ᠂ ᠪᠥᠬᠦ ᠤᠯᠤᠰ ᠤᠨ ᠡᠮᠡᠭᠲᠡᠶᠢᠴᠦᠳ ᠤᠨ | ᠬᠤᠯᠪᠤᠭᠠᠨ ᠤ ᠠᠯᠪᠠᠨ ᠲᠢᠩᠬᠢᠮ ᠲᠠᠢ ᠬᠠᠮᠲᠤᠷᠠᠨ ︽ᠬᠡᠦᠬᠡᠳ ᠢ ᠦᠨᠳᠦᠰᠦᠨ ᠡᠮᠴᠢᠯᠡᠭᠡᠨ ᠤ ᠳᠠᠭᠠᠳᠬᠠᠯ ᠳᠤ | ᠣᠷᠣᠭᠤᠯᠬᠤ ᠲᠤᠰᠬᠠᠢ ᠠᠵᠢᠯᠯᠠᠭ᠎ᠠ ᠥᠷᠨᠢᠭᠦᠯᠬᠦ ᠲᠤᠬᠠᠢ ᠮᠡᠳᠡᠭᠳᠡᠯ ︾ ︵ᠳᠣᠷᠣᠭᠰᠢ ︽ᠮᠡᠳᠡᠭᠳᠡᠯ ︾ ᠭᠡᠵᠦ | ᠲᠣᠪᠴᠢᠯᠠᠪᠠ ︶ ᠢ ᠰᠤᠳᠤᠯᠤᠨ ᠲᠤᠭᠤᠷᠪᠢᠵᠠᠢ᠃ | ᠬᠤᠶᠠᠷ᠂ ᠶᠡᠷᠦᠩᠬᠡᠢ ᠰᠡᠳᠬᠢᠮᠵᠢ ᠪᠠ ᠭᠤᠣᠯ ᠠᠭᠤᠯᠭ᠎ᠠ | ︽ᠮᠡᠳᠡᠭᠳᠡᠯ ︾ ᠳᠤ ᠳᠠᠷᠠᠭᠠᠬᠢ ᠰᠡᠳᠬᠢᠮᠵᠢ ᠶᠢ ᠵᠢᠷᠤᠮᠯᠠᠪᠠ᠄ ᠨᠢᠭᠡ ᠳᠤ ᠬᠠᠷᠠᠯᠲᠠ ᠪᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠨ᠎ᠠ᠃ ︽︿14 · 5﹀ ᠶᠢᠨ ᠪᠥᠬᠦ ᠠᠷᠠᠳ ᠤᠨ ᠡᠮᠴᠢᠯᠡᠭᠡᠨ ᠤ ᠪᠠᠲᠤᠯᠠᠭ᠎ᠠ ᠶᠢᠨ | ᠲᠥᠯᠥᠪᠯᠡᠭᠡ ︾ ᠳᠤ ᠳᠤᠷᠠᠳᠤᠭᠰᠠᠨ ᠵᠢᠯ ᠪᠦᠷᠢ 95% ᠠᠴᠠ ᠳᠡᠭᠡᠭᠰᠢᠬᠢ ᠶᠢ ᠳᠠᠭᠠᠳᠬᠠᠯ ᠳᠤ ᠣᠷᠣᠭᠤᠯᠬᠤ | ᠨᠣᠷᠮ᠎ᠠ ᠶᠢᠨ ᠬᠠᠷᠠᠯᠲᠠ ᠶᠢ ᠪᠡᠶᠡᠯᠡᠭᠦᠯᠬᠦ ᠶᠢ ᠪᠣᠳᠣᠯᠬᠢᠯᠠᠵᠤ᠂ 2024 ᠣᠨ ᠤ ᠡᠴᠦᠰ ᠪᠣᠯᠲᠠᠯ᠎ᠠ᠂ 80% ᠠᠴᠠ | ᠳᠡᠭᠡᠭᠰᠢᠬᠢ ᠨᠢᠷᠠᠢ ᠬᠡᠦᠬᠡᠳ ᠤᠳ ᠢ ᠲᠥᠷᠥᠭᠰᠡᠨ ᠵᠢᠯ ᠳᠤ ᠨᠢ ᠳᠠᠭᠠᠳᠬᠠᠯ ᠳᠤ ᠣᠷᠣᠭᠤᠯᠬᠤ ᠪᠠᠷ ᠴᠢᠷᠮᠠᠶᠢᠨ᠎ᠠ ᠭᠡᠵᠦ | ᠲᠣᠳᠣᠷᠬᠠᠢ ᠳᠤᠷᠠᠳᠪᠠ᠃ ︽14 · 5︾ ᠶᠢᠨ ᠬᠤᠭᠤᠴᠠᠭᠠᠨ ᠤ ᠡᠴᠦᠰ ᠪᠣᠯᠬᠤ ᠳᠤ᠂ ᠬᠡᠦᠬᠡᠳ ᠤᠨ | ᠳᠠᠭᠠᠳᠬᠠᠯ ᠳᠤ ᠣᠷᠣᠯᠴᠠᠬᠤ ᠨᠣᠷᠮ᠎ᠠ ᠶᠢ ᠲᠣᠭᠲᠠᠭᠤᠨ ᠪᠠᠶᠢᠯᠭᠠᠬᠤ ᠶᠢᠨ ᠵᠡᠷᠭᠡ ᠳᠤ ᠳᠡᠭᠡᠭᠰᠢᠯᠡᠭᠦᠯᠦᠨ᠎ᠡ᠃ | ᠬᠤᠶᠠᠷ ᠲᠤ᠂ ᠦᠢᠯᠡᠴᠢᠯᠡᠭᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠎ᠠ᠃ ᠬᠡᠦᠬᠡᠳ ᠤᠨ ᠳᠠᠭᠠᠳᠬᠠᠯ ᠳᠤ | ᠣᠷᠣᠯᠴᠠᠬᠤ ᠲᠥᠷᠥ ᠶᠢᠨ ᠪᠣᠳᠣᠯᠭ᠎ᠠ ᠶᠢ ᠬᠠᠷᠢᠴᠠᠩᠭᠤᠢ ᠪᠠᠷ ᠲᠣᠭᠲᠠᠭᠤᠨ ᠪᠠᠶᠢᠯᠭᠠᠬᠤ ᠶᠢ ᠪᠠᠲᠤᠯᠠᠭᠰᠠᠨ | ᠤᠷᠢᠲᠠᠯ ᠳᠤ᠂ ᠨᠢᠷᠠᠢ ᠬᠡᠦᠬᠡᠳ ᠤᠨ ᠳᠠᠭᠠᠳᠬᠠᠯ ᠳᠤ ᠣᠷᠣᠯᠴᠠᠬᠤ ᠴᠤᠪᠤᠷᠠᠯ ᠢ ᠭᠤᠣᠯᠳᠠᠯᠭ᠎ᠠ ᠲᠠᠢ | ᠰᠢᠯᠢᠳᠡᠭᠵᠢᠭᠦᠯᠵᠦ᠂ ᠳᠠᠭᠠᠳᠬᠠᠯ ᠳᠤ ᠣᠷᠣᠯᠴᠠᠬᠤ ᠳᠠᠩᠰᠠᠯᠠᠯᠲᠠ ᠶᠢᠨ ᠭᠤᠭᠴᠤᠭ᠎ᠠ ᠶᠢ ᠴᠣᠮᠬᠠᠯᠠᠨ᠂ | ᠦᠢᠯᠡᠴᠢᠯᠡᠭᠡ ᠪᠠᠨ ᠰᠠᠶᠢᠵᠢᠷᠠᠭᠤᠯᠵᠤ᠂ ᠴᠢᠭᠯᠡᠯᠲᠡ ᠴᠢᠨᠠᠷᠲᠠᠢ ᠪᠠᠷ ᠠᠵᠢᠯ ᠤᠨ ᠱᠠᠭᠠᠷᠳᠠᠯᠭ᠎ᠠ ᠳᠤᠷᠠᠳᠤᠨ᠎ᠠ᠃ | ᠭᠤᠷᠪᠠ ᠳᠤ ᠲᠥᠪ ᠶᠣᠰᠣ ᠶᠢ ᠵᠢᠷᠤᠮᠯᠠᠨ ᠰᠢᠨ᠎ᠡ ᠶᠢ ᠡᠭᠦᠳᠬᠦ ᠶᠢ ᠪᠠᠷᠢᠮᠲᠠᠯᠠᠨ᠎ᠠ᠃ | ︽ᠮᠡᠳᠡᠭᠳᠡᠯ ︾ ᠨᠢ ︽ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠠᠵᠢᠯ ᠢ ᠴᠢᠩᠭᠠᠳᠬᠠᠬᠤ | ᠪᠠ ᠰᠠᠶᠢᠵᠢᠷᠠᠭᠤᠯᠬᠤ ᠲᠤᠬᠠᠢ ᠵᠢᠯᠤᠭᠤᠳᠬᠤ ᠰᠠᠨᠠᠯ ︾ ︽ᠦᠨᠳᠦᠰᠦᠨ ᠡᠮᠴᠢᠯᠡᠭᠡᠨ ᠤ ᠳᠠᠭᠠᠳᠬᠠᠯ ᠳᠤ | ᠣᠷᠣᠯᠴᠠᠬᠤ ᠬᠠᠮᠢᠶᠠᠷᠤᠯᠲᠠ ᠭᠠᠷᠲᠠᠨ ᠭᠦᠢᠴᠡᠳᠬᠡᠬᠦ ᠳᠦᠷᠢᠮ ︾ ᠢ ᠴᠢᠨᠠᠭᠰᠢᠳᠠ ᠤᠯᠠᠮ ᠪᠠᠬᠢᠵᠢᠭᠦᠯᠦᠨ | ᠲᠡᠭᠦᠯᠳᠡᠷᠵᠢᠭᠦᠯᠬᠦ ᠶᠢᠨ ᠬᠠᠮᠲᠤ ᠣᠷᠣᠨ ᠨᠤᠲᠤᠭ ᠤᠨ ᠬᠠᠶᠢᠨ ᠰᠦᠪᠡᠭᠴᠢᠯᠡᠯᠲᠡ ᠪᠠ ᠰᠢᠨᠡᠴᠢᠯᠡᠯᠲᠡ ᠶᠢ | ᠵᠣᠷᠢᠭᠵᠢᠭᠤᠯᠤᠨ᠎ᠠ᠃ ︽ᠮᠡᠳᠡᠭᠳᠡᠯ ︾ ᠨᠢ ᠬᠡᠦᠬᠡᠳ ᠢ ᠳᠠᠭᠠᠳᠬᠠᠯ ᠳᠤ ᠣᠷᠣᠭᠤᠯᠬᠤ ᠳᠠᠶᠢᠴᠢᠯᠠᠯᠲᠠ ᠶᠢ | ᠡᠷᠴᠢᠮᠵᠢᠭᠦᠯᠬᠦ᠂ ᠨᠢᠷᠠᠢ ᠬᠡᠦᠬᠡᠳ ᠤᠨ ᠳᠠᠭᠠᠳᠬᠠᠯ ᠳᠤ ᠣᠷᠣᠯᠴᠠᠬᠤ ᠴᠣᠪᠤᠷᠠᠯ ᠢ ᠰᠢᠯᠢᠳᠡᠭᠵᠢᠭᠦᠯᠬᠦ᠂ ᠳᠠᠭᠠᠳᠬᠠᠯ ᠳᠤ | ᠣᠷᠣᠯᠴᠠᠬᠤ ᠲᠥᠷᠥ ᠶᠢᠨ ᠪᠣᠳᠣᠯᠭ᠎ᠠ ᠪᠠ ᠡᠮᠴᠢᠯᠡᠭᠡᠨ ᠤ ᠦᠢᠯᠡᠴᠢᠯᠡᠭᠡ ᠶᠢᠨ ᠬᠠᠩᠭᠠᠯᠭ᠎ᠠ ᠶᠢ ᠬᠠᠮᠵᠢᠯᠴᠠᠭᠤᠯᠤᠨ | ᠰᠢᠯᠢᠳᠡᠭᠵᠢᠭᠦᠯᠬᠦ᠂ ᠰᠠᠯᠠᠭ᠎ᠠ ᠮᠥᠴᠢᠷ ᠤᠳ ᠤᠨ ᠳ᠋ᠠᠶᠢᠲ᠋ᠠ ᠬᠤᠪᠢᠶᠠᠯᠴᠠᠬᠤ ᠶᠢ ᠴᠢᠩᠭᠠᠳᠬᠠᠬᠤ᠂ ᠰᠢᠮᠳᠠᠭᠤᠯᠤᠨ | ᠵᠢᠯᠤᠭᠤᠳᠴᠤ ᠨᠠᠶᠢᠳᠠᠪᠤᠷᠢᠵᠢᠭᠤᠯᠬᠤ ᠶᠢ ᠴᠢᠩᠭᠠᠳᠬᠠᠬᠤ ᠵᠡᠷᠭᠡ ᠲᠠᠯ᠎ᠠ ᠪᠠᠷ ᠲᠤᠰᠬᠠᠢ ᠠᠵᠢᠯᠯᠠᠭ᠎ᠠ ᠳᠤ | ᠪᠠᠶᠢᠷᠢᠯᠠᠭᠤᠯᠤᠯᠲᠠ ᠬᠢᠪᠡ᠃ ᠨᠢᠭᠡ ᠳᠤ ᠬᠡᠦᠬᠡᠳ ᠢ ᠳᠠᠭᠠᠳᠬᠠᠯ ᠳᠤ ᠣᠷᠣᠭᠤᠯᠬᠤ ᠳᠠᠶᠢᠴᠢᠯᠠᠯᠲᠠ ᠶᠢ | ᠡᠷᠴᠢᠮᠵᠢᠭᠦᠯᠦᠨ᠎ᠡ᠃ ᠡᠯ᠎ᠡ ᠱᠠᠲᠤᠨ ᠤ ᠡᠮᠴᠢᠯᠡᠭᠡᠨ ᠤ ᠪᠠᠲᠤᠯᠠᠭ᠎ᠠ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ | ᠡᠷᠡᠭᠦᠯ ᠮᠡᠨᠳᠦ᠂ ᠡᠮᠡᠭᠲᠡᠶᠢᠴᠦᠳ ᠤᠨ ᠬᠤᠯᠪᠤᠭ᠎ᠠ ᠵᠡᠷᠭᠡ ᠰᠠᠯᠠᠭ᠎ᠠ ᠮᠥᠴᠢᠷ ᠪᠠ ᠨᠢᠭᠡᠴᠢ ᠨᠦᠭᠦᠳ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ᠂ ᠳᠠᠭᠠᠳᠬᠠᠯ ᠳᠤ ᠣᠷᠣᠯᠴᠠᠬᠤ ᠶᠢ ᠤᠬᠠᠭᠤᠯᠤᠨ | ᠳᠠᠶᠢᠴᠢᠯᠠᠬᠤ ᠪᠠᠨ ᠦᠨᠡᠨ ᠬᠦ ᠡᠷᠴᠢᠮᠵᠢᠭᠦᠯᠦᠨ᠎ᠡ᠃ ᠬᠤᠶᠠᠷ ᠲᠤ ᠨᠢᠷᠠᠢ ᠬᠡᠦᠬᠡᠳ ᠤᠨ ᠳᠠᠭᠠᠳᠬᠠᠯ ᠳᠤ ᠣᠷᠣᠯᠴᠠᠬᠤ | ᠴᠣᠪᠤᠷᠠᠯ ᠢ ᠰᠢᠯᠢᠳᠡᠭᠵᠢᠭᠦᠯᠦᠨ᠎ᠡ᠃ ᠡᠯ᠎ᠡ ᠭᠠᠵᠠᠷ ᠢ ᠱᠠᠭᠠᠷᠳᠠᠨ ︽ᠲᠥᠷᠥᠭᠰᠡᠨ ᠤ ᠳᠠᠷᠠᠭᠠᠬᠢ ᠠᠵᠢᠯ | ᠶᠠᠪᠤᠳᠠᠯ ᠤᠳ ᠢ ᠨᠢᠭᠡ ᠯᠠ ᠠᠵᠢᠯ ᠶᠠᠪᠤᠳᠠᠯ ᠪᠣᠯᠭᠠᠨ ︾ ᠭᠦᠢᠴᠡᠳᠬᠡᠬᠦ ᠶᠢ ᠨᠠᠶᠢᠳᠠᠪᠤᠷᠢᠵᠢᠭᠤᠯᠬᠤ ᠬᠡᠷᠡᠭᠲᠡᠢ ᠭᠡᠵᠦ᠂ | ᠣᠷᠣᠨ ᠨᠤᠲᠤᠭ ᠤᠨ ᠲᠥᠷᠥᠭᠰᠡᠨ ᠤ ᠠᠨᠠᠭᠠᠬᠤ ᠶᠢᠨ ᠭᠡᠷᠡᠴᠢᠯᠡᠯ ᠢᠶᠠᠷ ᠨᠢ ᠨᠢᠷᠠᠢ ᠬᠡᠦᠬᠡᠳ ᠢ ᠳᠠᠭᠠᠳᠬᠠᠯ ᠳᠤ | ᠣᠷᠣᠭᠤᠯᠬᠤ ᠶᠢ ᠰᠦᠪᠡᠭᠴᠢᠯᠡᠬᠦ ᠶᠢ ᠵᠣᠷᠢᠭᠵᠢᠭᠤᠯᠤᠨ᠎ᠠ᠃ ᠭᠤᠷᠪᠠ ᠳᠤ ᠳᠠᠭᠠᠳᠬᠠᠯ ᠳᠤ ᠣᠷᠣᠯᠴᠠᠬᠤ ᠲᠥᠷᠥ ᠶᠢᠨ | ᠪᠣᠳᠣᠯᠭ᠎ᠠ ᠪᠠ ᠡᠮᠴᠢᠯᠡᠭᠡᠨ ᠤ ᠦᠢᠯᠡᠴᠢᠯᠡᠭᠡ ᠶᠢᠨ ᠬᠠᠩᠭᠠᠯᠭ᠎ᠠ ᠶᠢ ᠬᠠᠮᠵᠢᠯᠴᠠᠭᠤᠯᠤᠨ ᠰᠢᠯᠢᠳᠡᠭᠵᠢᠭᠦᠯᠦᠨ᠎ᠡ᠃ ᠭᠠᠳᠠᠷ | ᠣᠷᠣᠨ ᠤ ᠡᠷᠦᠬᠡ ᠠᠮᠠ ᠲᠠᠢ ᠬᠡᠦᠬᠡᠳ ᠤᠨ ᠪᠠᠶᠢᠩᠭᠤ ᠰᠠᠭᠤᠭ᠎ᠠ ᠭᠠᠵᠠᠷ᠂ ᠰᠤᠷᠭᠠᠭᠤᠯᠢ ᠶᠢᠨ ᠬᠠᠷᠢᠶ᠎ᠠ ᠲᠠᠢ | ᠭᠠᠵᠠᠷ ᠲᠤ ᠪᠠᠨ ᠳᠠᠭᠠᠳᠬᠠᠯ ᠳᠤ ᠣᠷᠣᠯᠴᠠᠬᠤ ᠶᠢ ᠠᠬᠢᠭᠤᠯᠤᠨ᠎ᠠ᠃ ᠳᠠᠭᠠᠳᠬᠠᠯ ᠳᠤ ᠣᠷᠣᠯᠴᠠᠵᠤ ᠰᠦᠢᠳᠬᠡᠯ | ᠲᠤᠰᠢᠶᠠᠬᠤ ᠶᠢ ᠤᠷᠮᠠᠰᠢᠭᠤᠯᠵᠤ ᠬᠢᠵᠠᠭᠠᠷᠯᠠᠬᠤ ᠠᠷᠭ᠎ᠠ ᠬᠡᠮᠵᠢᠶ᠎ᠡ ᠶᠢ ᠰᠤᠳᠤᠯᠤᠨ ᠲᠡᠭᠦᠯᠳᠡᠷᠵᠢᠭᠦᠯᠬᠦ ᠬᠡᠷᠡᠭᠲᠡᠢ᠃ | ᠬᠡᠦᠬᠡᠳ ᠤᠨ ᠰᠠᠯᠠᠭᠠᠨ ᠤ ᠡᠮᠴᠢᠯᠡᠭᠡᠨ ᠤ ᠦᠢᠯᠡᠴᠢᠯᠡᠭᠡ ᠶᠢᠨ ᠬᠥᠭᠵᠢᠯᠲᠡ ᠶᠢ ᠳᠡᠮᠵᠢᠵᠦ᠂ ᠬᠡᠦᠬᠡᠳ ᠤᠳ ᠤᠨ | ᠡᠷᠡᠭᠦᠯ ᠮᠡᠨᠳᠦ ᠶᠢᠨ ᠡᠷᠬᠡ ᠠᠰᠢᠭ ᠢ ᠪᠠᠲᠤᠯᠠᠨ᠂ ᠡᠮᠴᠢᠯᠡᠭᠡᠨ ᠤ ᠦᠢᠯᠡᠴᠢᠯᠡᠭᠡ ᠶᠢᠨ ᠲᠦᠪᠰᠢᠨ ᠢ ᠦᠨᠡᠨ ᠬᠦ | ᠳᠡᠭᠡᠭᠰᠢᠯᠡᠭᠦᠯᠦᠨ᠎ᠡ᠃ ᠳᠥᠷᠪᠡ ᠳᠤ ᠰᠠᠯᠠᠭ᠎ᠠ ᠮᠥᠴᠢᠷ ᠤᠳ ᠤᠨ ᠳ᠋ᠠᠶᠢᠲ᠋ᠠ ᠬᠤᠪᠢᠶᠠᠯᠴᠠᠬᠤ ᠶᠢ ᠴᠢᠩᠭᠠᠳᠬᠠᠨ᠎ᠠ᠃ | ᠰᠠᠯᠠᠭ᠎ᠠ ᠮᠥᠴᠢᠷ ᠤᠳ ᠡᠯᠪᠡᠨ ᠬᠠᠮᠵᠢᠯᠴᠠᠬᠤ ᠪᠠᠷ ᠳᠠᠮᠵᠢᠭᠤᠯᠤᠨ᠂ ᠡᠯ᠎ᠡ ᠲᠥᠷᠥᠯ ᠤᠨ ᠬᠡᠦᠬᠡᠳ ᠤᠨ | ᠳᠠᠭᠠᠳᠬᠠᠯ ᠳᠤ ᠣᠷᠣᠯᠴᠠᠭᠰᠠᠨ ᠪᠠᠶᠢᠳᠠᠯ ᠢ ᠴᠠᠭ ᠲᠤᠬᠠᠢ ᠳᠤ ᠨᠢ ᠣᠨᠣᠪᠴᠢᠲᠠᠶ ᠡᠵᠡᠮᠰᠢᠵᠦ᠂ ᠳᠠᠭᠠᠳᠬᠠᠭᠤᠯᠬᠤ | ᠶᠣᠰᠣᠲᠠᠢ ᠶᠢ ᠨᠢ ᠴᠥᠮ ᠳᠠᠭᠠᠳᠬᠠᠭᠤᠯᠬᠤ ᠬᠡᠷᠡᠭᠲᠡᠢ᠃ ᠲᠠᠪᠤ ᠳᠤ ᠰᠢᠮᠳᠠᠭᠤᠯᠤᠨ ᠵᠢᠯᠤᠭᠤᠳᠴᠤ | ᠨᠠᠶᠢᠳᠠᠪᠤᠷᠢᠵᠢᠭᠤᠯᠤᠨ᠎ᠠ᠃ ᠡᠯ᠎ᠡ ᠰᠠᠯᠠᠭ᠎ᠠ ᠮᠥᠴᠢᠷ ᠤᠳ ᠬᠠᠷᠢᠶ᠎ᠠ ᠭᠠᠵᠠᠷ ᠣᠷᠣᠨ ᠤ ᠪᠠᠨ ᠬᠡᠦᠬᠡᠳ ᠢ | ᠳᠠᠭᠠᠳᠬᠠᠯ ᠳᠤ ᠣᠷᠣᠭᠤᠯᠬᠤ ᠲᠤᠰᠬᠠᠢ ᠠᠵᠢᠯᠯᠠᠭ᠎ᠠ ᠶᠢ ᠬᠢᠨᠠᠨ ᠵᠢᠯᠤᠭᠤᠳᠬᠤ ᠪᠠᠨ ᠴᠢᠩᠭᠠᠳᠬᠠᠵᠤ᠂ ᠠᠵᠢᠯ ᠢ | ᠲᠣᠬᠢᠷᠠᠭᠤᠯᠬᠤ ᠪᠠ ᠰᠢᠮᠳᠠᠭᠤᠯᠬᠤ ᠶᠢ ᠰᠠᠶᠢᠲᠤᠷ ᠬᠢᠵᠦ᠂ ᠬᠡᠦᠬᠡᠳ ᠤᠨ ᠳᠠᠭᠠᠳᠬᠠᠯ ᠳᠤ ᠣᠷᠣᠯᠴᠠᠭᠰᠠᠨ ᠪᠠᠶᠢᠳᠠᠯ ᠢ | ᠲᠣᠭᠲᠠᠮᠠᠯ ᠬᠤᠭᠤᠴᠠᠭ᠎ᠠ ᠲᠠᠢ ᠪᠠᠷ ᠨᠡᠪᠲᠡᠷᠡᠭᠦᠯᠦᠨ᠎ᠡ᠃ | ᠭᠤᠷᠪᠠ᠂ ᠲᠠᠷᠠᠭᠠᠴᠢ ᠶᠢᠨ ᠠᠵᠢᠯ | ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠨᠢ ᠰᠤᠷᠭᠠᠨ ᠬᠥᠮᠦᠵᠢᠯ ᠤᠨ ᠶᠠᠮᠤᠨ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ᠂ ᠡᠮᠡᠭᠲᠡᠶᠢᠴᠦᠳ ᠤᠨ | ᠬᠤᠯᠪᠤᠭ᠎ᠠ ᠵᠡᠷᠭᠡ ᠰᠠᠯᠠᠭ᠎ᠠ ᠮᠥᠴᠢᠷ ᠤᠳ ᠲᠠᠢ ᠬᠠᠮᠲᠤ ᠪᠠᠷ ᠡᠯ᠎ᠡ ᠭᠠᠵᠠᠷ ᠤᠨ ᠬᠠᠮᠢᠶ᠎ᠠ ᠪᠦᠬᠦᠢ ᠰᠠᠯᠠᠭ᠎ᠠ | ᠮᠥᠴᠢᠷ ᠤᠳ ᠢ ᠵᠢᠯᠣᠭᠤᠳᠤᠨ ᠰᠢᠮᠳᠠᠭᠤᠯᠵᠤ ᠪᠠᠶᠢᠭᠠᠳ ︽ᠮᠡᠳᠡᠭᠳᠡᠯ ︾ ᠤᠨ ᠱᠠᠭᠠᠷᠳᠠᠯᠭ᠎ᠠ ᠶᠣᠰᠣᠭᠠᠷ | ᠬᠡᠦᠬᠡᠳ ᠢ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠭᠤᠯᠬᠤ ᠲᠤᠰᠬᠠᠢ ᠠᠵᠢᠯᠯᠠᠭ᠎ᠠ ᠶᠢ ᠰᠠᠶᠢᠲᠤᠷ | ᠥᠷᠨᠢᠭᠦᠯᠵᠦ᠂ ᠬᠡᠦᠬᠡᠳ ᠤᠨ ᠳᠠᠭᠠᠳᠬᠠᠯ ᠳᠤ ᠣᠷᠣᠯᠴᠠᠭᠰᠠᠨ ᠲᠦᠪᠰᠢᠨ ᠢ ᠦᠨᠡᠨ ᠬᠦ ᠳᠡᠭᠡᠭᠰᠢᠯᠡᠭᠦᠯᠦᠨ᠂ | ᠬᠡᠦᠬᠡᠳ ᠤᠨ ᠳᠠᠭᠠᠳᠬᠠᠯ ᠳᠤ ᠣᠷᠣᠯᠴᠠᠬᠤ ᠡᠷᠬᠡ ᠠᠰᠢᠭ ᠢ ᠪᠠᠲᠤᠯᠠᠵᠤ᠂ ᠬᠡᠦᠬᠡᠳ ᠤᠨ ᠡᠷᠡᠭᠦᠯ ᠮᠡᠨᠳᠦ ᠶᠢ | ᠬᠠᠮᠠᠭᠠᠯᠠᠨ᠎ᠠ᠃ | |