ᠵᠠᠩ ᠰᠢᠶᠤᠤ ᠪᠢᠩ ᠲᠦᠴᠢᠦᠸᠠᠨ ᠰᠢᠶᠠᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/3/29
  3 ᠳ᠋ᠤᠭᠠᠷ ᠰᠠᠷ᠎ᠠ ᠶᠢᠨ 27 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠱᠦᠵᠢ ᠵᠠᠩ ᠰᠢᠶᠤᠤ ᠪᠢᠩ ᠲᠦᠴᠢᠦᠸᠠᠨ ᠰᠢᠶᠠᠨ ᠤ ᠶᠦᠩ ᠠᠨ ᠪᠠᠯᠭᠠᠰᠤ ᠶᠢᠨ ᠺᠤᠤ ᠱᠠᠨ ᠲᠣᠰᠬᠤᠨ᠂ ᠯᠢᠦ ᠬᠤ᠋ ᠪᠠᠯᠭᠠᠰᠤ ᠶᠢᠨ ᠶᠦᠩ ᠹᠠᠨ ᠲᠣᠰᠬᠤᠨ᠂ ᠠᠶᠢᠮᠠᠭ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠭᠡᠭᠡᠯᠲᠡ ᠶᠢᠨ ᠣᠷᠣᠨ᠂ ᠱᠤ᠋ ᠭᠤᠸᠠᠩ ᠬᠦᠷᠢᠶᠡᠯᠡᠩ ᠲᠣᠭᠤᠷᠢᠭ᠂ ᠵᠢᠦ ᠯᠦᠩ ᠰᠢᠶᠠᠩ ᠤᠨ ᠯᠦᠩ ᠮᠧᠨ ᠲᠣᠰᠬᠤᠨ ᠪᠣᠯᠤᠨ ᠰᠢᠨ ᠹᠧᠩ ᠲᠣᠰᠬᠤᠨ ᠳᠤ ᠬᠦᠷᠴᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠬᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠵᠡᠷᠭᠡ ᠭᠤᠤᠯᠳᠠᠯᠭ᠎ᠠ ᠲᠠᠢ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ  ᠃    ᠵᠠᠩ ᠰᠢᠶᠤᠤ ᠪᠢᠩ᠂ ᠮᠠᠯᠵᠢᠬᠤ ᠲᠠᠷᠢᠶᠠᠯᠠᠬᠤ ᠣᠷᠣᠨ ᠤ ᠠᠵᠢᠯ ᠪᠣᠯ ᠢᠮᠠᠭᠲᠠ ᠪᠦᠬᠦ ᠠᠶᠢᠮᠠᠭ ᠤᠨ ᠠᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠤᠨ᠎ᠠ᠂ ᠬᠥᠳᠡᠭᠡ ᠲᠣᠰᠬᠤᠨ ᠮᠠᠨᠳᠤᠪᠠᠯ ᠪᠦᠬᠦ ᠠᠶᠢᠮᠠᠭ ᠮᠠᠨᠳᠤᠨ᠎ᠠ  ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ 《 ᠮᠢᠩᠭ᠎ᠠ ᠲᠦᠮᠡ ᠶᠢᠨ ᠢᠨᠵᠧᠨᠧᠷᠢᠩ 》 ᠢᠶᠠᠷ ᠶᠡᠷᠦᠩᠬᠡᠶᠢᠯᠡᠨ ᠵᠢᠯᠤᠭᠤᠳᠤᠭᠤᠯᠵᠤ᠂ ᠪᠣᠳᠠᠲᠠᠢ ᠭᠠᠵᠠᠷ᠂ ᠤᠰᠤ᠂ ᠲᠠᠷᠢᠬᠤ ᠪᠠ ᠠᠮᠤ ᠪᠤᠳᠠᠭ᠎ᠠ᠂ ᠮᠢᠬ᠎ᠠ᠂ ᠰᠦ᠋ ᠵᠡᠷᠭᠡ 《 ᠵᠢᠷᠭᠤᠭᠠᠨ ᠭᠤᠣᠯᠳᠠᠯᠭ᠎ᠠ ᠲᠠᠢ ᠡᠭᠦᠷᠭᠡ 》 ᠶᠢ ᠠᠳᠬᠤᠵᠤ᠂ ᠲᠦᠬᠦᠭᠡᠷᠤᠮᠵᠢᠳᠤ ᠲᠠᠷᠢᠶᠠᠯᠠᠩ᠂ ᠬᠠᠰᠢᠶᠠᠯᠠᠨ ᠲᠡᠵᠢᠭᠡᠵᠦ ᠠᠷᠠᠴᠢᠯᠠᠬᠤ᠂ ᠬᠦᠷᠢᠶ᠎ᠡ ᠬᠠᠰᠢᠶᠠᠨ ᠤ ᠠᠵᠤ ᠠᠬᠤᠢ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠦᠨᠳᠦᠰᠦᠨ ᠱᠠᠲᠤᠨ ᠤ ᠵᠠᠰᠠᠯᠲᠠ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠬᠥᠳᠡᠭᠡ ᠲᠣᠰᠬᠤᠨ ᠤ ᠰᠣᠶᠣᠯ ᠤᠨ ᠪᠠᠶᠢᠭᠤᠯᠤᠯᠲᠠ  ᠶᠢᠨ 《 ᠨᠠᠢᠮᠠᠨ ᠵᠦᠢᠯ ᠤᠨ ᠪᠣᠳᠠᠲᠠᠢ ᠠᠵᠢᠯ 》 ᠢ ᠯᠠᠪᠳᠠᠭᠤᠨ ᠪᠠᠲᠤᠲᠠᠢ ᠠᠬᠢᠭᠤᠯᠵᠤ᠂ ᠬᠥᠳᠡᠭᠡ ᠲᠣᠰᠬᠤᠨ ᠢ ᠴᠡᠴᠡᠷᠯᠢᠭ᠂ ᠨᠣᠭᠤᠭ᠎ᠠ ᠶᠢᠨ ᠬᠦᠷᠢᠶᠡᠯᠡᠩ᠂ ᠵᠢᠮᠢᠰ ᠤᠨ ᠬᠦᠷᠢᠶᠡᠯᠡᠩ᠂ ᠵᠤᠭᠠᠴᠠᠯ ᠤᠨ ᠬᠦᠷᠢᠶᠡᠯᠡᠩ ᠪᠣᠯᠤᠨ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠮᠲᠤ ᠶᠢᠨ  ᠃ ᠠᠵᠤ ᠦᠶᠯᠡᠰ ᠢ ᠬᠥᠭᠵᠢᠭᠦᠯᠦᠨ ᠮᠠᠨᠳᠤᠭᠤᠯᠬᠤ  ᠶᠢ ᠲᠦᠷᠭᠡᠳᠬᠡᠨ ᠠᠬᠢᠭᠤᠯᠵᠤ᠂ ᠰᠤᠯᠠ ᠪᠠᠶᠢᠭ᠎ᠠ ᠡᠬᠢ ᠪᠠᠶᠠᠯᠢᠭ ᠢ ᠪᠦᠲᠦᠮᠵᠢᠲᠡᠶ ᠠᠮᠢᠯᠠᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ 《 ᠨᠤᠲᠤᠭ ᠤᠨ ᠣᠨᠴᠠ ᠭᠠᠷᠤᠯᠲᠠ 》 ᠶᠢᠨ ᠠᠵᠤ ᠦᠶᠯᠡᠰ ᠢ ᠬᠥᠭᠵᠢᠭᠦᠯᠵᠦ᠂ ᠪᠥᠬᠦ ᠬᠦᠴᠦᠨ ᠢᠶᠠᠷ ᠢᠶᠠᠨ ᠬᠡᠪᠴᠢᠶ᠎ᠡ ᠶᠢ ᠰᠠᠶᠢᠲᠤᠷ ᠬᠢᠵᠦ᠂ ᠦᠶᠯᠡᠳᠬᠦᠨ ᠤ ᠥᠷᠲᠡᠭ ᠢ ᠳᠡᠭᠡᠭᠰᠢᠯᠡᠭᠦᠯᠵᠦ᠂ ᠬᠠᠮᠤᠭ ᠤᠨ ᠶᠡᠭᠡ ᠬᠡᠮᠵᠢᠶ᠎ᠡ ᠪᠠᠷ ᠥᠷᠲᠡᠭ ᠨᠡᠮᠡᠭᠳᠡᠯ ᠤᠨ ᠠᠰᠢᠭ ᠣᠷᠣᠯᠭ᠎ᠠ ᠶᠢ ᠮᠠᠯᠵᠢᠬᠤ ᠲᠠᠷᠢᠶᠠᠯᠠᠬᠤ ᠣᠷᠣᠨ ᠳᠤ ᠦᠯᠡᠳᠡᠭᠡᠵᠦ᠂ ᠮᠠᠯᠴᠢᠨ ᠲᠠᠷᠢᠶᠠᠴᠢᠨ ᠳᠤ ᠦᠯᠡᠳᠡᠭᠡᠬᠦ ᠬᠡᠷᠡᠭᠲᠡᠶ  ᠃    ᠵᠠᠩ ᠰᠢᠶᠤᠤ ᠪᠢᠩ ᠬᠡᠯᠡᠬᠦ ᠳᠡᠭᠡᠨ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠣᠯ ᠨᠢᠭᠡᠨ ᠰᠢᠰᠲ᠋ᠧᠮᠲᠦ ᠢᠨᠵᠧᠨᠧᠷᠢᠩ ᠮᠥᠨ᠂ ᠤᠳᠠᠭᠠᠨ ᠳᠠᠭᠠᠭᠠᠮᠠᠭᠠᠶ ᠳᠠᠶᠢᠯᠠᠯᠳᠤᠭᠠᠨ ᠨᠢ ᠠᠮᠢ ᠠᠬᠤᠶ ᠶᠢᠨ ᠦᠷ᠎ᠡ ᠠᠰᠢᠭ ᠲᠠᠢ ᠪᠠᠷ ᠪᠠᠷᠠᠬᠤ ᠥᠬᠡᠶ ᠪᠠᠰᠠ ᠨᠡᠶᠢᠭᠡᠮ ᠤᠨ ᠦᠷ᠎ᠡ ᠠᠰᠢᠭ᠂ ᠠᠵᠤ ᠠᠬᠤᠶ ᠶᠢᠨ ᠦᠷ᠎ᠡ ᠠᠰᠢᠭ ᠲᠠᠢ ᠶᠤᠮ  ᠃ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠪᠠ ᠰᠠᠯᠬᠢᠨ ᠴᠠᠬᠢᠯᠭᠠᠨ ᠭᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠰᠠᠶᠢᠲᠤᠷ ᠠᠳᠬᠤᠵᠤ᠂ ᠪᠠᠶᠢᠭᠠᠯᠢ ᠶᠢᠨ ᠵᠢᠮ᠎ᠡ ᠶᠣᠰᠣ ᠶᠢ ᠭᠦᠶᠴᠡᠳ ᠬᠦᠨᠳᠦᠳᠬᠡᠨ᠂ ᠡᠯ᠎ᠡ ᠲᠠᠯ᠎ᠠ ᠶᠢᠨ ᠬᠦᠴᠦᠨ ᠢ ᠥᠷᠭᠡᠨ ᠢᠶᠠᠷ ᠳᠠᠶᠢᠴᠢᠯᠠᠵᠤ᠂ ᠠᠷᠭ᠎ᠠ ᠬᠡᠮᠵᠢᠶ᠎ᠡ ᠶᠢ ᠣᠨᠣᠪᠴᠢᠲᠠᠶ ᠲᠣᠭᠲᠠᠭᠠᠨ᠂ ᠲᠥᠷᠥᠯ ᠵᠦᠶᠯ ᠢ ᠤᠷᠤᠭᠰᠢ ᠠᠬᠢᠭᠤᠯᠵᠤ᠂ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠵᠡᠷᠭᠡ ᠵᠠᠭᠪᠤᠷ ᠢᠶᠠᠷ ᠳᠠᠮᠵᠢᠭᠤᠯᠤᠨ ᠣᠯᠠᠨ ᠲᠦᠮᠡᠨ ᠢ ᠣᠷᠣᠯᠴᠠᠭᠤᠯᠵᠤ᠂ ᠰᠢᠨ᠎ᠡ ᠡᠨᠧᠷᠭᠢ ᠪᠠᠷ ᠡᠯᠡᠰᠦᠷᠬᠡᠭᠵᠢᠯ ᠢ ᠵᠠᠰᠠᠬᠤ᠂ ᠰᠢᠨᠵᠢᠯᠡᠬᠦ ᠤᠬᠠᠭᠠᠨᠴᠢ ᠪᠠᠷ ᠡᠯᠡᠰᠦᠷᠬᠡᠭᠵᠢᠯ ᠢ ᠵᠠᠰᠠᠬᠤ᠂ ᠣᠯᠠᠨ ᠲᠦᠮᠡᠨ ᠢᠶᠠᠷ ᠡᠯᠡᠰᠦᠷᠬᠡᠭᠵᠢᠯ ᠢ ᠵᠠᠰᠠᠬᠤ᠂ ᠨᠡᠶᠢᠭᠡᠮ ᠠᠴᠠ ᠡᠯᠡᠰᠦᠷᠬᠡᠭᠵᠢᠯ ᠢ ᠵᠠᠰᠠᠬᠤ᠂ ᠦᠷ᠎ᠡ ᠠᠰᠢᠭ ᠢᠶᠠᠷ ᠡᠯᠡᠰᠦᠷᠬᠡᠭᠵᠢᠯ ᠢ ᠵᠠᠰᠠᠬᠤ ᠶᠢ ᠵᠣᠬᠢᠴᠠᠭᠤᠯᠤᠨ ᠠᠬᠢᠭᠤᠯᠬᠤ᠂ ᠥᠨᠳᠥᠷ ᠦᠷ᠎ᠡ ᠪᠦᠲᠦᠮᠵᠢᠲᠡᠶ ᠪᠠᠷ ᠨᠢᠭᠡᠳᠬᠡᠬᠦ ᠶᠢ ᠪᠡᠶᠡᠯᠡᠭᠦᠯᠵᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠬᠢᠩᠭᠠᠨ ᠤ ᠵᠠᠭᠪᠤᠷ ᠢ ᠨᠠᠩ ᠣᠯᠠᠨ ᠡᠭᠦᠳᠬᠦ ᠪᠠᠷ ᠴᠢᠷᠮᠠᠶᠢᠬᠤ ᠬᠡᠷᠡᠭᠲᠡᠶ  ᠃ ᠶᠡᠷᠦᠩᠬᠡᠶᠢᠯᠡᠨ ᠵᠠᠰᠠᠬᠤ ᠶᠢ ᠥᠷᠨᠢᠭᠦᠯᠵᠦ᠂ ᠡᠯᠡᠰᠦ ᠶᠢ ᠵᠠᠰᠠᠬᠤ᠂ ᠤᠰᠤ ᠶᠢ ᠵᠠᠰᠠᠬᠤ᠂ ᠠᠭᠤᠯᠠ ᠶᠢ ᠵᠠᠰᠠᠬᠤ ᠪᠦᠬᠦ ᠡᠯᠧᠮᠧᠨ᠋ᠲ ᠢ ᠠᠬᠢᠭᠤᠯᠬᠤ ᠶᠢ ᠪᠠᠷᠢᠮᠲᠠᠯᠠᠵᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠬᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠴᠢᠩᠭᠠᠳᠬᠠᠵᠤ᠂ ᠢᠳᠡᠭᠳᠡᠮᠡᠯ ᠭᠤᠤ ᠶᠢ ᠶᠡᠷᠦᠩᠬᠡᠶᠢᠯᠡᠨ ᠵᠠᠰᠠᠬᠤ᠂ ᠵᠢᠵᠢᠭ ᠰᠠᠪᠠ ᠭᠠᠵᠠᠷ ᠢ ᠵᠠᠰᠠᠬᠤ ᠵᠡᠷᠭᠡ ᠭᠤᠣᠯᠳᠠᠯᠭ᠎ᠠ ᠲᠠᠢ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ ᠪᠠ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢᠨ ᠰᠡᠷᠭᠦᠯᠲᠡ ᠶᠢᠨ ᠦᠷᠭᠦᠯᠵᠢᠯᠡᠬᠦ᠂ ᠤᠷᠳᠤ ᠤᠳᠠᠭᠠᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ  ᠃    ᠰᠦᠨ ᠰᠢᠩ ᠢᠦ᠋ᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ  ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号