ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠣᠯ ᠳᠣᠲᠣᠭᠠᠳᠤ ᠶᠢ ᠬᠠᠮᠠᠭᠠᠯᠠᠬᠤ ᠠᠵᠢᠯ ᠢ ᠭᠤᠤᠯᠯᠠᠨ | ᠬᠠᠮᠢᠶᠠᠷᠴᠤ ᠪᠠᠶᠢᠭ᠎ᠠ ᠰᠢᠶᠠᠨ ᠤ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠪᠣᠯᠤᠨ᠎ᠠ᠂ ᠳᠣᠤᠷᠠᠬᠢ | ᠮᠡᠲᠦ ᠠᠵᠢᠯ ᠤᠨ ᠡᠭᠦᠷᠭᠡ ᠲᠤᠰᠢᠶᠠᠯ ᠢ ᠬᠠᠷᠢᠭᠤᠴᠠᠨ᠎ᠠ᠄ | 1. ᠳᠣᠲᠣᠭᠠᠳᠤ ᠶᠢ ᠬᠠᠮᠠᠭᠠᠯᠠᠬᠤ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ | ᠬᠤᠯᠪᠣᠭᠳᠠᠯ ᠪᠦᠬᠦᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠤᠨ ᠲᠥᠰᠦᠯ ᠢ ᠲᠤᠭᠤᠷᠪᠢᠵᠤ᠂ ᠪᠥᠬᠦ | ᠰᠢᠶᠠᠨ ᠤ ᠳᠣᠲᠣᠭᠠᠳᠤ ᠶᠢ ᠬᠠᠮᠠᠭᠠᠯᠠᠬᠤ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | 2. ᠪᠥᠬᠦ ᠰᠢᠶᠠᠨ ᠤ ᠲᠥᠷᠥ ᠶᠢᠨ ᠪᠣᠳᠣᠯᠭ᠎ᠠ ᠶᠢᠨ ᠲᠣᠭᠲᠠᠭᠤᠨ ᠪᠠᠶᠢᠳᠠᠯ ᠢ ᠨᠥᠯᠥᠭᠡᠯᠡᠬᠦ᠂ ᠤᠯᠤᠰ ᠤᠨ | ᠳᠣᠲᠣᠭᠠᠳᠤ ᠶᠢᠨ ᠠᠮᠤᠷ ᠲᠦᠪᠰᠢᠨ ᠪᠠ ᠨᠡᠶᠢᠭᠡᠮ ᠤᠨ ᠠᠮᠤᠷ ᠲᠦᠪᠰᠢᠨ ᠢ ᠬᠤᠬᠢᠷᠠᠭᠤᠯᠬᠤ ᠪᠠᠶᠢᠳᠠᠯ ᠢ ᠡᠵᠡᠮᠰᠢᠵᠦ᠂ | ᠬᠤᠯᠪᠣᠭᠳᠠᠯ ᠪᠦᠬᠦᠢ ᠠᠷᠭᠠᠴᠠᠬᠤ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠬᠠᠷᠢᠭᠤᠴᠠᠨ ᠵᠣᠬᠢᠶᠠᠨ ᠪᠠᠶᠢᠭᠤᠯᠵᠤ | ᠬᠡᠷᠡᠭᠵᠢᠭᠦᠯᠦᠨ᠎ᠡ ᠃ | 3. ᠬᠠᠤᠯᠢ ᠵᠦᠷᠢᠴᠡᠨ ᠶᠠᠯ᠎ᠠ ᠬᠢᠬᠦ ᠠᠵᠢᠯᠯᠠᠭ᠎ᠠ ᠶᠢ ᠤᠷᠢᠳᠴᠢᠯᠠᠨ ᠰᠡᠷᠭᠡᠶᠢᠯᠡᠵᠦ᠂ ᠬᠤᠷᠢᠭᠯᠠᠨ ᠵᠣᠭᠰᠣᠭᠠᠬᠤ | ᠪᠠ ᠲᠠᠩᠨᠠᠨ ᠪᠠᠶᠢᠴᠠᠭᠠᠵᠤ᠂ ᠠᠮᠤᠷ ᠢ ᠬᠠᠮᠠᠭᠠᠯᠠᠬᠤ ᠠᠳᠡᠯ ᠪᠠ ᠰᠠᠮᠠᠭᠤᠷᠠᠯ ᠢ ᠰᠢᠶᠳᠪᠦᠷᠢᠯᠡᠵᠦ᠂ ᠬᠤᠷᠠᠯ ᠴᠤᠭᠯᠠᠭ᠎ᠠ | ᠬᠢᠬᠦ᠂ ᠵᠢᠭᠰᠠᠭᠠᠯ ᠶᠠᠪᠤᠭᠤᠯᠬᠤ᠂ ᠰᠦᠷ ᠦᠵᠡᠭᠦᠯᠬᠦ ᠵᠡᠷᠭᠡ ᠠᠵᠢᠯᠯᠠᠭ᠎ᠠ ᠶᠢ ᠬᠠᠤᠯᠢ ᠶᠣᠰᠣᠭᠠᠷ ᠬᠠᠮᠢᠶᠠᠷᠴᠤ᠂ | ᠣᠨᠴᠠ ᠲᠥᠷᠥᠯ ᠤᠨ ᠠᠵᠢᠯ ᠲᠥᠷᠥᠯ ᠪᠠ ᠠᠶᠤᠯᠲᠠᠶ ᠪᠣᠳᠠᠰ ᠢ ᠬᠠᠮᠢᠶᠠᠷᠤᠨ᠎ᠠ ᠃ | 4. ᠵᠠᠮ ᠬᠠᠷᠢᠯᠴᠠᠭᠠᠨ ᠤ ᠠᠮᠤᠷ ᠲᠦᠪᠰᠢᠨ ᠪᠠ ᠵᠠᠮ ᠬᠠᠷᠢᠯᠴᠠᠭᠠᠨ ᠤ ᠡᠮᠬᠢ ᠵᠢᠷᠤᠮ ᠢ ᠬᠠᠮᠠᠭᠠᠯᠠᠵᠤ᠂ ᠵᠠᠮ | ᠬᠠᠷᠢᠯᠴᠠᠭᠠᠨ ᠤ ᠭᠡᠨᠡᠳᠡᠯ ᠢ ᠰᠢᠶᠳᠪᠦᠷᠢᠯᠡᠨ᠎ᠡ ᠃ | 5. ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠵᠣᠬᠢᠶᠠᠨ ᠪᠠᠶᠢᠭᠤᠯᠤᠨ ᠶᠠᠪᠤᠭᠳᠠᠭᠤᠯᠵᠤ᠂ ᠭᠠᠯ ᠰᠡᠷᠭᠡᠶᠢᠯᠡᠨ | ᠤᠨᠲᠠᠷᠠᠭᠠᠬᠤ ᠠᠵᠢᠯ ᠳᠤ ᠬᠢᠨᠠᠯᠲᠠ ᠲᠠᠯᠪᠢᠨ᠎ᠠ ᠃ | 6. ᠨᠠᠮ ᠪᠠ ᠲᠥᠷᠥ ᠶᠢᠨ ᠤᠳᠤᠷᠢᠳᠬᠤ ᠬᠥᠮᠦᠰ ᠵᠢᠴᠢ ᠭᠠᠳᠠᠭᠠᠳᠤ ᠶᠢᠨ ᠴᠢᠬᠤᠯᠠ ᠵᠣᠴᠢᠳ ᠤᠨ ᠠᠮᠤᠷ | ᠲᠦᠪᠰᠢᠨ ᠤ ᠠᠵᠢᠯ ᠢ ᠡᠭᠦᠷᠭᠡᠯᠡᠨ᠎ᠡ ᠃ | 7. ᠡᠷᠦᠬᠡ ᠠᠮᠠ ᠶᠢᠨ ᠶᠠᠪᠤᠳᠠᠯ᠂ ᠤᠯᠤᠰ ᠤᠨ ᠬᠠᠷᠢᠶ᠎ᠠ᠂ ᠬᠢᠯᠢ ᠳᠤ ᠣᠷᠣᠵᠤ ᠬᠢᠯᠢ ᠠᠴᠠ ᠭᠠᠷᠬᠤ ᠬᠡᠷᠡᠭ | ᠶᠠᠪᠤᠳᠠᠯ ᠪᠠ ᠭᠠᠳᠠᠭᠠᠳᠤ ᠶᠢᠨ ᠬᠥᠮᠦᠨ ᠤ ᠲᠤᠰ ᠰᠢᠶᠠᠨ ᠤ ᠣᠷᠣᠰᠢᠨ ᠰᠠᠭᠤᠬᠤ᠂ ᠵᠢᠭᠤᠯᠴᠢᠯᠠᠬᠤ ᠬᠤᠯᠪᠣᠭᠳᠠᠯ | ᠪᠦᠬᠦᠢ ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠤᠨ᠎ᠠ ᠃ | 8. ᠵᠠᠬᠢᠷᠤᠨ ᠬᠠᠮᠢᠶᠠᠷᠬᠤ᠂ ᠬᠤᠷᠢᠵᠤ ᠬᠥᠳᠡᠯᠮᠦᠷᠢᠯᠡᠭᠦᠯᠬᠦ᠂ ᠤᠯᠤᠰ ᠲᠥᠷᠦ ᠶᠢᠨ ᠡᠷᠬᠡ ᠶᠢ ᠨᠢ | ᠬᠠᠰᠤᠬᠤ ᠪᠠᠷ ᠰᠢᠢᠳᠬᠡᠭᠳᠡᠭᠰᠡᠨ ᠶᠠᠯᠠᠲᠠᠨ ᠪᠠ ᠭᠢᠨᠳᠠᠨ ᠤ ᠭᠠᠳᠠᠨ᠎ᠠ ᠭᠦᠶᠴᠡᠳᠬᠡᠬᠦ ᠶᠠᠯᠠᠲᠠᠨ ᠳᠤ ᠡᠷᠡᠭᠦᠤ ᠶᠢᠨ | ᠰᠢᠢᠳᠬᠡᠯ ᠢ ᠭᠦᠶᠴᠡᠳᠬᠡᠵᠦ᠂ ᠡᠷᠡᠭᠦᠤ ᠶᠢᠨ ᠰᠢᠢᠳᠬᠡᠯ ᠢ ᠬᠤᠶᠢᠰᠢᠯᠠᠭᠤᠯᠬᠤ᠂ ᠲᠡᠩᠰᠡᠨ ᠰᠤᠯᠠᠯᠠᠬᠤ ᠪᠠᠷ ᠵᠠᠷᠯᠠᠭᠰᠠᠨ | ᠶᠠᠯᠠᠲᠠᠨ ᠳᠤ ᠬᠢᠨᠠᠯᠲᠠ ᠲᠠᠯᠪᠢᠵᠤ᠂ ᠰᠢᠯᠭᠠᠨ ᠪᠠᠶᠢᠴᠠᠭᠠᠵᠤ᠂ ᠬᠤᠷᠢᠬᠤ ᠭᠠᠵᠠᠷ᠂ ᠠᠮᠤᠷ ᠢ ᠬᠠᠮᠠᠭᠠᠯᠠᠬᠤ ᠲᠦᠷ | ᠬᠤᠷᠢᠬᠤ ᠭᠠᠵᠠᠷ᠂ ᠬᠤᠤᠷ ᠲᠠᠲᠠᠬᠤ ᠶᠢ ᠠᠯᠪᠠᠳᠠᠯᠭ᠎ᠠ ᠪᠠᠷ ᠵᠣᠭᠰᠣᠭᠠᠬᠤ ᠭᠠᠵᠠᠷ᠂ ᠦᠯᠡᠳᠡᠭᠡᠨ ᠠᠪᠴᠤ ᠰᠤᠷᠭᠠᠨ | ᠬᠦᠮᠦᠵᠢᠭᠦᠯᠬᠦ ᠭᠠᠵᠠᠷ ᠵᠡᠷᠭᠡ ᠲᠠᠯᠠᠪᠤᠷ ᠢ ᠬᠠᠤᠯᠢ ᠶᠤᠰᠤᠭᠠᠷ ᠬᠠᠮᠢᠶᠠᠷᠤᠨ᠎ᠠ ᠃ | 9. ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠰᠦᠯᠵᠢᠶᠡᠨ ᠤ ᠠᠮᠤᠷ ᠲᠦᠪᠰᠢᠨ ᠢ ᠬᠢᠨᠠᠨ ᠪᠠᠶᠢᠴᠠᠭᠠᠬᠤ | ᠠᠵᠢᠯ ᠢ ᠬᠠᠷᠢᠭᠤᠴᠠᠨ᠎ᠠ ᠃ | 10. ᠲᠥᠷᠦ ᠶᠢᠨ ᠪᠠᠶᠢᠭᠤᠯᠭ᠎ᠠ᠂ ᠨᠡᠶᠢᠭᠡᠮ ᠤᠨ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠵᠣᠬᠢᠶᠠᠨ | ᠪᠠᠶᠢᠭᠤᠯᠤᠯᠲᠠ ᠪᠠ ᠭᠤᠤᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠮᠤᠷ ᠢ ᠬᠠᠮᠠᠭᠠᠯᠠᠬᠤ | ᠠᠵᠢᠯ ᠢ ᠵᠢᠯᠣᠭᠤᠳᠤᠨ ᠬᠢᠨᠠᠯᠲᠠ ᠲᠠᠯᠪᠢᠵᠤ᠂ ᠠᠮᠤᠷ ᠢ ᠬᠠᠮᠠᠭᠠᠯᠠᠬᠤ ᠺᠣᠮᠢᠰ ᠵᠡᠷᠭᠡ ᠣᠯᠠᠨ ᠲᠦᠮᠡᠨᠴᠢ ᠵᠣᠬᠢᠶᠠᠨ | ᠪᠠᠶᠢᠭᠤᠯᠤᠯᠲᠠ ᠶᠢᠨ ᠠᠮᠤᠷ ᠢ ᠬᠠᠮᠠᠭᠠᠯᠠᠬᠤ ᠰᠡᠷᠭᠡᠶᠢᠯᠡᠯᠲᠡ ᠶᠢᠨ ᠠᠵᠢᠯ ᠢ ᠵᠢᠯᠣᠭᠤᠳᠤᠨ᠎ᠠ ᠃ | 11. ᠦᠯᠡᠳᠡᠭᠡᠨ ᠠᠪᠴᠤ ᠵᠠᠰᠠᠨ ᠬᠥᠮᠦᠵᠢᠭᠦᠯᠬᠦ ᠪᠠ ᠬᠥᠳᠡᠯᠮᠦᠷᠢ ᠪᠠᠷ ᠵᠠᠰᠠᠨ ᠬᠥᠮᠦᠵᠢᠭᠦᠯᠬᠦ ᠬᠤᠯᠪᠣᠭᠳᠠᠯ | ᠪᠦᠬᠦᠢ ᠠᠵᠢᠯ ᠢ ᠬᠠᠤᠯᠢ ᠶᠣᠰᠣᠭᠠᠷ ᠬᠠᠷᠢᠭᠤᠴᠠᠨ᠎ᠠ ᠃ | 12. ᠳᠣᠲᠣᠭᠠᠳᠤ ᠶᠢ ᠬᠠᠮᠠᠭᠠᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠢ ᠶᠠᠪᠣᠭᠳᠠᠭᠤᠯᠵᠤ᠂ | ᠳᠣᠲᠣᠭᠠᠳᠤ ᠶᠢ ᠬᠠᠮᠠᠭᠠᠯᠠᠬᠤ ᠮᠡᠳᠡᠭᠡ ᠵᠠᠩᠭᠢ ᠶᠢᠨ ᠮᠡᠷᠭᠡᠵᠢᠯ᠂ ᠡᠷᠡᠭᠦᠤ ᠶᠢᠨ ᠬᠡᠷᠡᠭ ᠤᠨ ᠮᠡᠷᠭᠡᠵᠢᠯ᠂ ᠠᠵᠢᠯᠯᠠᠭᠠᠨ ᠤ | ᠮᠡᠷᠭᠡᠵᠢᠯ ᠤᠨ ᠪᠠᠶᠢᠭᠤᠯᠤᠯᠲᠠ ᠶᠢ ᠬᠠᠷᠢᠭᠤᠴᠠᠨ᠎ᠠ ᠃ | 13. ᠰᠢᠶᠠᠨ ᠤ ᠲᠣᠪᠴᠢᠶ᠎ᠠ ᠶᠢᠨ ᠰᠢᠭᠤᠳ ᠬᠠᠮᠢᠶᠠᠷᠬᠤ ᠰᠠᠯᠠᠭ᠎ᠠ ᠮᠥᠴᠢᠷ ᠤᠨ ᠳᠣᠲᠣᠭᠠᠳᠤ ᠶᠢ ᠬᠠᠮᠠᠭᠠᠯᠠᠬᠤ | ᠲᠣᠨᠤᠭ ᠲᠥᠬᠦᠭᠡᠷᠦᠮᠵᠢ᠂ ᠬᠤᠪᠴᠠᠰᠤ ᠬᠤᠨᠠᠷ ᠪᠠ ᠵᠠᠷᠤᠳᠠᠯ ᠰᠦᠶᠳᠬᠡᠯ ᠵᠡᠷᠭᠡ ᠴᠠᠭᠳᠠᠭᠠᠨ ᠤ ᠶᠠᠪᠤᠳᠠᠯ ᠤᠨ | ᠪᠠᠲᠤᠯᠠᠭ᠎ᠠ ᠶᠢᠨ ᠠᠵᠢᠯ ᠢ ᠬᠠᠷᠢᠭᠤᠴᠠᠵᠤ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠲᠣᠨᠤᠭ | ᠲᠥᠬᠦᠭᠡᠷᠦᠮᠵᠢ᠂ ᠡᠳ᠋ ᠤᠨ ᠶᠠᠪᠤᠳᠠᠯ ᠵᠡᠷᠭᠡ ᠴᠠᠭᠳᠠᠭᠠᠨ ᠤ ᠶᠠᠪᠤᠳᠠᠯ ᠤᠨ ᠪᠠᠲᠤᠯᠠᠭ᠎ᠠ ᠶᠢᠨ ᠠᠵᠢᠯ ᠢ ᠵᠢᠯᠣᠭᠤᠳᠤᠨ᠎ᠠ ᠃ | | 14. ᠪᠥᠬᠦ ᠰᠢᠶᠠᠨ ᠤ ᠳᠣᠲᠣᠭᠠᠳᠤ ᠶᠢ ᠬᠠᠮᠠᠭᠠᠯᠠᠬᠤ ᠡᠩᠨᠡᠭᠡ ᠶᠢᠨ ᠬᠠᠮᠢᠶᠠᠷᠤᠯᠲᠠ ᠶᠢᠨ ᠳᠦᠷᠢᠮ | ᠲᠣᠭᠲᠠᠭᠠᠯ ᠢ ᠲᠣᠭᠲᠠᠭᠠᠨ ᠬᠡᠷᠡᠭᠵᠢᠭᠦᠯᠵᠦ᠂ ᠪᠥᠬᠦ ᠲᠤᠪᠴᠢᠶ᠎ᠠ ᠶᠢᠨ ᠠᠷᠠᠳ ᠤᠨ ᠴᠠᠭᠳᠠᠭ᠎ᠠ ᠶᠢᠨ ᠬᠥᠮᠦᠵᠢᠯ᠂ | ᠪᠣᠯᠪᠠᠰᠤᠷᠠᠭᠤᠯᠤᠯ ᠵᠢᠴᠢ ᠳᠣᠲᠣᠭᠠᠳᠤ ᠶᠢ ᠬᠠᠮᠠᠭᠠᠯᠠᠬᠤ ᠤᠬᠠᠭᠤᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠡᠷᠬᠡ ᠮᠡᠳᠡᠯ ᠤᠨ ᠬᠡᠪᠴᠢᠶ᠎ᠡ ᠶᠣᠰᠣᠭᠠᠷ ᠺᠠᠳ᠋ᠷ ᠪᠠ ᠴᠠᠭᠳᠠᠭ᠎ᠠ ᠶᠢ ᠬᠠᠮᠢᠶᠠᠷᠴᠤ᠂ ᠴᠠᠭᠳᠠᠭᠠᠨ ᠤ ᠶᠠᠪᠤᠳᠠᠯ ᠢ ᠬᠢᠨᠠᠨ | ᠪᠠᠶᠢᠴᠠᠭᠠᠬᠤ ᠠᠵᠢᠯ ᠢ ᠥᠷᠨᠢᠭᠦᠯᠦᠨ᠂ ᠲᠤᠰ ᠰᠢᠶᠠᠨ ᠤ ᠳᠣᠲᠣᠭᠠᠳᠤ ᠶᠢ ᠬᠠᠮᠠᠭᠠᠯᠠᠬᠤ ᠡᠩᠨᠡᠭᠡ ᠶᠢᠨ ᠬᠠᠤᠯᠢ | ᠳᠦᠷᠢᠮ ᠵᠥᠷᠢᠴᠡᠭᠰᠡᠨ ᠬᠡᠷᠡᠭ ᠢ ᠪᠠᠶᠢᠴᠠᠭᠠᠨ ᠰᠢᠶᠳᠪᠦᠷᠢᠯᠡᠨ᠎ᠡ ᠃ | 15. ᠳᠣᠲᠣᠭᠠᠳᠤ ᠶᠢ ᠬᠠᠮᠠᠭᠠᠯᠠᠬᠤ ᠭᠠᠯ ᠤᠨᠲᠠᠷᠠᠭᠠᠬᠤ᠂ ᠰᠡᠷᠭᠡᠶᠢᠯᠡᠨ ᠬᠠᠮᠠᠭᠠᠯᠠᠬᠤ ᠴᠡᠷᠢᠭ ᠠᠩᠭᠢ ᠶᠢ | ᠤᠳᠤᠷᠢᠳᠤᠨ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠳᠣᠲᠣᠭᠠᠳᠤ ᠶᠢ ᠬᠠᠮᠠᠭᠠᠯᠠᠬᠤ ᠡᠭᠦᠷᠭᠡ ᠭᠦᠢᠴᠡᠳᠬᠡᠬᠦ | ᠵᠢᠴᠢ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠤᠨ ᠪᠠᠶᠢᠭᠤᠯᠤᠯᠲᠠ ᠶᠢ ᠭᠦᠶᠴᠡᠳᠬᠡᠬᠦ ᠳᠤ ᠤᠳᠤᠷᠢᠳᠤᠯᠭ᠎ᠠ ᠪᠠ | ᠵᠢᠯᠣᠭᠤᠳᠤᠯᠭ᠎ᠠ ᠶᠠᠪᠤᠭᠤᠯᠤᠨ᠎ᠠ ᠃ | 16. ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠪᠠ ᠳᠡᠭᠡᠳᠦ ᠱᠠᠲᠤᠨ ᠤ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠤᠰᠢᠶᠠᠭᠰᠠᠨ ᠪᠤᠰᠤᠳ ᠬᠡᠷᠡᠭ ᠶᠠᠪᠤᠳᠠᠯ ᠢ ᠳᠠᠭᠠᠭᠠᠨ | ᠰᠢᠶᠳᠪᠦᠷᠢᠯᠡᠨ᠎ᠡ᠃ | |