ᠲᠦᠴᠢᠤᠸᠠᠨ ᠰᠢᠶᠠᠨ ᠤ ᠠᠷᠠᠳ ᠤᠨ ᠶᠠᠪᠤᠳᠠᠯ ᠤᠨ ᠲᠤᠪᠴᠢᠶ᠎ᠡ
ᠨᠡᠶᠢᠲᠡᠯᠡᠭᠰᠡᠨ ᠴᠠᠭ᠄
2024/3/4
ᠠᠷᠠᠳ ᠤᠨ ᠶᠠᠪᠤᠳᠠᠯ ᠤᠨ ᠲᠤᠪᠴᠢᠶ᠎ᠠ ᠭᠤᠣᠯ ᠡᠭᠦᠷᠭᠡ ᠬᠠᠷᠢᠭᠤᠴᠠᠯᠭ᠎ᠠ᠄      ᠬᠤᠳᠠ ᠬᠥᠳᠡᠭᠡ ᠶᠢᠨ ᠨᠡᠶᠢᠭᠡᠮ ᠤᠨ ᠲᠡᠳᠬᠦᠮᠵᠢ ᠶᠢᠨ ᠠᠵᠢᠯ ᠢ ᠬᠠᠷᠢᠭᠤᠴᠠᠵᠤ᠂ ᠬᠤᠳᠠ ᠬᠥᠳᠡᠭᠡ ᠶᠢᠨ ᠣᠨᠴᠠ ᠬᠦᠴᠢᠷᠳᠡᠯᠲᠡᠢ ᠰᠠᠭᠤᠭᠠᠯᠢ ᠠᠷᠠᠳ ᠢ ᠲᠡᠳᠬᠦᠨ᠎ᠡ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠥᠨᠥᠴᠢᠨ ᠬᠡᠦᠬᠡᠳ᠂ ᠭᠤᠯᠣᠭᠳᠠᠭᠰᠠᠨ ᠨᠢᠯᠬ᠎ᠠ ᠬᠡᠦᠬᠡᠳ ᠪᠠ ᠬᠤᠳᠠ ᠶᠢᠨ ᠠᠮᠢᠳᠤᠷᠠᠯ ᠨᠢ ᠨᠠᠶᠢᠳᠠᠪᠤᠷᠢ ᠦᠭᠡᠢ ᠲᠡᠨᠦᠭᠦᠯ ᠭᠤᠶᠢᠷᠠᠨᠴᠢᠳ ᠢ ᠠᠪᠤᠷᠠᠨ ᠲᠤᠰᠠᠯᠠᠬᠤ ᠶᠢ ᠭᠥᠯᠢᠶᠡᠨ ᠠᠪᠤᠨ᠎ᠠ ; ᠨᠢᠭᠦᠯᠡᠰᠦᠩᠭᠦᠢ ᠦᠢᠯᠡᠰ ᠢ ᠵᠢᠯᠤᠭᠤᠳᠴᠤ᠂ ᠨᠡᠶᠢᠭᠡᠮ ᠤᠨ ᠠᠰᠠᠷᠠᠮᠵᠢ ᠶᠢᠨ ᠠᠵᠢᠯ ᠢ ᠬᠠᠷᠢᠭᠤᠴᠠᠨ᠎ᠠ᠃ ᠨᠡᠶᠢᠭᠡᠮ ᠤᠨ ᠠᠰᠠᠷᠠᠮᠵᠢ ᠶᠢᠨ ᠪᠠᠶᠢᠭᠤᠯᠤᠮᠵᠢ᠂ ᠡᠯ᠎ᠡ ᠲᠦᠷᠦᠯ ᠤᠨ ᠠᠰᠠᠷᠠᠮᠵᠢ ᠶᠢᠨ ᠲᠥᠬᠦᠭᠡᠷᠦᠮᠵᠢ᠂ ᠠᠰᠠᠷᠠᠮᠵᠢ ᠶᠢᠨ ᠦᠢᠯᠡᠳᠪᠦᠷᠢᠯᠡᠯ ᠤᠨ ᠠᠵᠤ ᠠᠬᠤᠶᠢᠯᠠᠯ ᠢ ᠠᠰᠠᠷᠠᠮᠵᠢ ᠶᠢᠨ ᠰᠤᠭᠤᠯᠤᠭ᠎ᠠ ᠶᠢᠨ ᠲᠠᠷᠬᠠᠭᠠᠯᠲᠠ ᠪᠠ ᠠᠰᠠᠷᠠᠮᠵᠢ ᠶᠢᠨ ᠰᠤᠭᠤᠯᠤᠭ᠎ᠠ ᠶᠢᠨ ᠰᠠᠭᠤᠷᠢ ᠮᠥᠩᠭᠦ ᠶᠢᠨ ᠬᠠᠮᠢᠶᠠᠷᠤᠯᠲᠠ ᠬᠡᠷᠡᠭᠯᠡᠯᠲᠡ ᠶᠢ ᠬᠠᠷᠢᠭᠤᠴᠠᠨ᠎ᠠ᠃ ᠤᠷᠤᠬ ᠤᠨ ᠪᠦᠷᠢᠳᠬᠡᠯ ᠂ ᠠᠷᠠᠳ ᠤᠨ ᠵᠣᠬᠢᠶᠠᠨ ᠪᠠᠶᠢᠭᠤᠯᠤᠯᠲᠠ ᠶᠢᠨ ᠪᠦᠷᠢᠳᠬᠡᠯ ᠪᠠ ᠬᠠᠮᠢᠶᠠᠷᠤᠯᠲᠠ᠂ ᠬᠡᠦᠬᠡᠳ ᠢ ᠡᠷᠭᠦᠨ ᠲᠡᠵᠢᠭᠡᠬᠦ ᠶᠢᠨ ᠪᠦᠷᠢᠳᠬᠡᠯ ᠬᠢᠨ᠎ᠡ᠃ ᠭᠠᠵᠠᠷ ᠤᠨ ᠨᠡᠷ᠎ᠡ ᠶᠢᠨ ᠬᠠᠮᠢᠶᠠᠷᠤᠯᠲᠠ ᠪᠠ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ᠂ ᠵᠠᠰᠠᠭ ᠵᠠᠬᠢᠷᠭᠠᠨ ᠤ ᠣᠷᠣᠨ ᠤ ᠵᠠᠭᠠᠭ ᠤᠨ ᠠᠵᠢᠯ ᠢ ᠬᠠᠷᠢᠭᠤᠴᠠᠨ᠎ᠠ᠃ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠠᠬᠢᠭᠤᠯᠵᠤ᠂ ᠣᠷᠣᠰᠢᠭᠤᠯᠭ᠎ᠠ ᠶᠢᠨ ᠠᠵᠢᠯ ᠦᠢᠯᠡᠰ ᠤᠨ ᠨᠢᠭᠡᠴᠡ ᠶᠢᠨ ᠪᠠᠶᠢᠭᠤᠯᠤᠯᠲᠠ ᠪᠠ ᠬᠠᠮᠢᠶᠠᠷᠤᠯᠲᠠ ᠶᠢ ᠵᠢᠯᠣᠭᠤᠳᠤᠨ᠎ᠠ᠃    ᠨᠠᠮ ᠪᠠ ᠤᠯᠤᠰ ᠤᠨ ᠠᠷᠠᠳ ᠤᠨ ᠶᠠᠪᠤᠳᠠᠯ ᠤᠨ ᠠᠵᠢᠯ ᠤᠨ ᠲᠤᠬᠠᠢ ᠴᠢᠭᠯᠡᠯᠲᠡ᠂ ᠲᠦᠷᠦ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ᠂ ᠪᠦᠬᠦ ᠰᠢᠶᠠᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠶᠢ ᠦᠨᠳᠦᠰᠦᠯᠡᠨ᠂ ᠪᠦᠬᠦ ᠰᠢᠶᠠᠨ ᠤ ᠠᠷᠠᠳ ᠤᠨ ᠶᠠᠪᠤᠳᠠᠯ ᠤᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠪᠠ ᠣᠨ ᠤ ᠠᠵᠢᠯ ᠤᠨ ᠲᠥᠯᠥᠪᠯᠡᠭᠡ ᠶᠢ ᠲᠤᠭᠤᠷᠪᠢᠨ ᠲᠣᠭᠲᠠᠭᠠᠵᠤ᠂ ᠠᠷᠠᠳ ᠤᠨ ᠶᠠᠪᠤᠳᠠᠯ ᠤᠨ ᠠᠵᠢᠯ ᠤᠨ ᠬᠠᠤᠯᠢ ᠲᠣᠭᠲᠠᠭᠠᠯ᠂ ᠳᠦᠷᠢᠮ ᠲᠣᠭᠲᠠᠭᠠᠯ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠢᠨᠠᠯᠲᠠ ᠲᠠᠯᠪᠢᠵᠤ ᠪᠠᠶᠢᠴᠠᠭᠠᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号