ᠵᠠᠮ ᠲᠡᠭᠡᠭᠡᠪᠤᠷᠢ ᠶᠢᠨ ᠲᠤᠪᠴᠢᠶᠠᠨ ᠤ ᠭᠤᠣᠯ ᠡᠭᠦᠷᠭᠡ ᠬᠠᠷᠢᠭᠤᠴᠠᠯᠭ᠎ᠠ᠄ | ︵ᠨᠢᠭᠡ︶ ᠵᠠᠮ ᠲᠡᠭᠡᠭᠡᠪᠦᠷᠢ ᠶᠢᠨ ᠲᠤᠬᠠᠢ ᠤᠯᠤᠰ ᠪᠠ ᠦᠪᠡᠷᠳᠡᠭᠡᠨ ᠵᠠᠰᠠᠬᠤ ᠤᠷᠤᠨ᠂ ᠬᠤᠲᠠ ᠶᠢᠨ ᠬᠠᠤᠯᠢ | ᠴᠠᠭᠠᠵᠠ ᠬᠠᠤᠯᠢ ᠲᠤᠭᠳᠠᠭᠠᠯ ᠪᠠ ᠬᠤᠯᠪᠤᠭᠳᠠᠯ ᠪᠦᠬᠦᠢ ᠲᠦᠷᠦ ᠶᠢᠨ ᠪᠤᠳᠤᠯᠭ᠎ᠠ᠂ ᠪᠠᠷᠢᠮᠵᠢᠶ᠎ᠠ᠂ | ᠲᠦᠯᠦᠪᠵᠢᠬᠦᠯᠭᠡ ᠶᠢ ᠲᠤᠤᠱᠯᠠᠭᠤᠯᠤᠨ ᠬᠡᠷᠡᠭᠵᠢᠬᠦᠯᠦᠨ᠎ᠡ︔ ᠪᠦᠬᠦ ᠰᠢᠶᠠᠨ ᠤ ᠵᠠᠮ ᠬᠠᠷᠢᠯᠴᠠᠭᠠᠨ ᠤ | ᠬᠦᠭᠵᠢᠯᠳᠡ ᠶᠢᠨ ᠲᠦᠯᠦᠪᠵᠢᠬᠦᠯᠭᠡ᠂ ᠲᠦᠯᠦᠪᠯᠡᠭᠡ ᠂ ᠬᠤᠯᠪᠤᠭᠳᠠᠯ ᠪᠦᠬᠦᠢ ᠲᠦᠷᠦ ᠶᠢᠨ ᠪᠤᠳᠤᠯᠭ᠎ᠠ ᠪᠠ | ᠪᠠᠷᠢᠮᠵᠢᠶ᠎ᠠ ᠶᠢ ᠵᠤᠬᠢᠶᠠᠨ ᠪᠠᠶᠢᠭᠤᠯᠤᠨ ᠲᠤᠭᠤᠷᠪᠢᠨ ᠲᠤᠭᠳᠠᠭᠠᠬᠤ ᠶᠢᠨ ᠬᠠᠮᠳᠤ ᠬᠢᠨᠠᠯᠳᠠ ᠲᠠᠯᠪᠢᠵᠤ ᠬᠡᠷᠡᠭᠵᠢᠬᠦᠯᠦᠨ᠎ᠡ | ᠃ | ︵ᠬᠤᠶᠠᠷ︶ ᠪᠦᠬᠦ ᠬᠤᠰᠢᠭᠤᠨ ᠤ ᠶᠡᠷᠦᠩᠭᠡᠶᠢᠯᠡᠭᠰᠡᠨ ᠲᠡᠭᠡᠭᠡᠪᠦᠷᠢ ᠶᠢᠨ ᠰᠢᠰᠲ᠋ᠧᠮ ᠲᠠᠢ ᠬᠤᠯᠪᠤᠭᠳᠠᠬᠤ | ᠲᠦᠯᠤᠪᠵᠢᠭᠦᠯᠭᠡ ᠶᠢ ᠵᠤᠬᠢᠴᠠᠭᠤᠯᠬᠤ ᠠᠵᠢᠯ ᠢ ᠡᠬᠦᠷᠭᠡᠯᠡᠵᠤ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ | ᠬᠠᠮᠳᠤᠷᠠᠨ ᠶᠡᠷᠦᠩᠭᠡᠶᠢᠯᠡᠭᠰᠡᠨ ᠲᠡᠭᠡᠭᠡᠪᠤᠷᠢ ᠶᠢᠨ ᠰᠢᠰᠲ᠋ᠧᠮ ᠤᠨ ᠲᠦᠯᠦᠪᠵᠢᠬᠦᠯᠭᠡ ᠶᠢ ᠵᠤᠬᠢᠶᠠᠵᠤ᠂ ᠵᠠᠮ ᠬᠠᠷᠢᠯᠴᠠᠭ᠎ᠠ | ᠲᠡᠭᠡᠭᠡᠪᠤᠷᠢ ᠶᠢᠨ ᠵᠠᠩᠬᠢᠯᠠᠭ᠎ᠠ ᠶᠢᠨ ᠲᠦᠯᠦᠪᠵᠢᠬᠦᠯᠭᠡ ᠪᠤᠯᠤᠨ ᠬᠠᠮᠢᠶᠠᠷᠤᠯᠳᠠ ᠶᠢ ᠵᠤᠬᠢᠶᠠᠨ ᠪᠠᠶᠢᠭᠤᠯᠤᠨ᠎ᠠ᠃ | ︵ᠭᠤᠷᠪᠠ︶ ᠪᠦᠬᠦ ᠰᠢᠶᠠᠨ ᠤ ᠵᠠᠮ ᠲᠡᠭᠡᠭᠡᠪᠦᠷᠢ ᠶᠢᠨ ᠵᠠᠬ᠎ᠠ ᠲᠡᠯᠭᠡᠬᠦᠷ ᠤᠨ ᠬᠢᠨᠠᠯᠳᠠ ᠲᠠᠯᠪᠢᠵᠤ ᠬᠠᠮᠢᠶᠠᠷᠬᠤ | ᠬᠠᠷᠢᠭᠤᠴᠠᠯᠭ᠎ᠠ ᠶᠢ ᠡᠬᠦᠷᠭᠡᠯᠡᠵᠤ᠂ ᠵᠠᠰᠠᠮᠠᠯ ᠵᠠᠮ᠂ ᠤᠰᠤᠨ ᠵᠠᠮ ᠤᠨ ᠲᠡᠭᠡᠭᠡᠪᠦᠷᠢ ᠶᠢᠨ ᠬᠤᠯᠪᠤᠭᠳᠠᠯ ᠪᠦᠬᠦᠢ | ᠲᠦᠷᠦ ᠶᠢᠨ ᠪᠤᠳᠤᠯᠭ᠎ᠠ᠂ ᠨᠡᠪᠳᠡᠷᠡᠬᠦ ᠶᠢ ᠵᠦᠪᠰᠢᠶᠡᠷᠡᠬᠦ ᠲᠦᠷᠢᠮ᠂ ᠮᠡᠷᠭᠡᠵᠢᠯ ᠤᠨ ᠪᠠᠷᠢᠮᠵᠢᠶ᠎ᠠ ᠪᠠ ᠲᠡᠭᠡᠬᠡᠪᠤᠷᠢ ᠶᠢ | ᠵᠢᠷᠤᠮᠵᠢᠭᠤᠯᠬᠤ ᠠᠷᠭ᠎ᠠ ᠬᠡᠮᠵᠢᠶ᠎ᠡ ᠶᠢ ᠵᠤᠬᠢᠶᠠᠨ ᠪᠠᠶᠢᠭᠤᠯᠤᠨ ᠲᠤᠭᠤᠷᠪᠢᠨ ᠲᠤᠭᠳᠠᠭᠠᠬᠤ ᠶᠢᠨ ᠬᠠᠮᠳᠤ ᠬᠢᠨᠠᠯᠳᠠ | ᠲᠠᠯᠪᠢᠵᠤ ᠬᠡᠷᠡᠭᠵᠢᠬᠦᠯᠦᠨ᠎ᠡ︔ ᠰᠢᠶᠠᠨ ᠤ ᠠᠷᠠᠳ ᠤᠨ ᠵᠠᠰᠠᠭ ᠤᠨ ᠤᠷᠳᠤᠨ ᠤ ᠨᠢᠭᠡᠳᠤᠯᠳᠠᠢ ᠤᠳᠤᠷᠢᠳᠤᠯᠭ᠎ᠠ | ᠲᠤᠤᠷ᠎ᠠ᠂ ᠬᠤᠳᠠ ᠬᠦᠳᠡᠭᠡ ᠶᠢᠨ ᠠᠶᠠᠨᠴᠢᠨ ᠤ ᠲᠡᠭᠡᠭᠡᠪᠦᠷᠢ ︵ᠲᠦᠷᠢᠶᠡᠰᠤᠨ ᠮᠠᠰᠢᠨ ᠢ ᠪᠠᠭᠳᠠᠭᠠᠨ᠎ᠠ︶ | ᠲᠡᠭᠡᠭᠡᠪᠤᠷᠢᠯᠡᠨ ᠡᠵᠡᠩᠨᠡᠬᠦ ᠶᠢ ᠬᠠᠷᠢᠭᠤᠴᠠᠨ᠎ᠠ᠃ ᠬᠤᠳᠠ ᠬᠦᠳᠡᠭᠡ ᠶᠢᠨ ᠠᠶᠠᠨᠴᠢᠨ ᠤ ᠲᠡᠭᠡᠭᠡᠪᠦᠷᠢ ︵ᠲᠦᠷᠢᠶᠡᠰᠤᠨ | ᠮᠠᠰᠢᠨ ᠢ ᠪᠠᠭᠳᠠᠭᠠᠨ᠎ᠠ︶ ᠶᠢᠨ ᠬᠠᠮᠢᠶᠠᠷᠤᠯᠲᠠ ᠲᠥᠯᠥᠪᠵᠢᠭᠦᠯᠭᠡ᠂ ᠲᠥᠷᠥ ᠶᠢᠨ ᠪᠤᠳᠤᠯᠭ᠎ᠠ᠂ ᠲᠥᠷᠢᠮ ᠲᠤᠬᠳᠠᠭᠠᠯ᠂ | ᠪᠠᠷᠢᠮᠵᠢᠶ᠎ᠠ ᠶᠢ ᠲᠤᠭᠤᠷᠪᠢᠨ ᠲᠤᠭᠳᠠᠭᠠᠬᠤ ᠶᠢᠨ ᠬᠠᠮᠳᠤ ᠬᠢᠨᠠᠯᠳᠠ ᠲᠠᠯᠪᠢᠵᠤ ᠬᠡᠷᠡᠭᠵᠢᠬᠦᠯᠦᠨ᠎ᠡ︔ ᠵᠠᠮ | ᠲᠡᠭᠡᠭᠡᠪᠦᠷᠢ ᠶᠢᠨ ᠠᠵᠢᠯ ᠲᠦᠷᠦᠯ ᠤᠨ ᠬᠠᠮᠢᠶᠠᠷᠤᠯᠳᠠ ᠶᠢᠨ ᠠᠵᠢᠯ ᠢ ᠡᠬᠦᠷᠭᠡᠯᠡᠵᠤ᠂ ᠪᠦᠬᠦ ᠰᠢᠶᠠᠨ ᠤ | ᠭᠤᠤᠯᠳᠠᠯᠭ᠎ᠠ ᠲᠠᠢ ᠡᠳ᠋ ᠪᠤᠳᠠᠰ ᠤᠨ ᠲᠡᠭᠡᠭᠡᠪᠦᠷᠢ ᠪᠤᠯᠤᠨ ᠪᠠᠴᠢᠮ ᠠᠶᠠᠨᠴᠢᠨ ᠬᠢᠭᠡᠳ ᠪᠠᠷᠠᠭ᠎ᠠ ᠲᠡᠭᠡᠬᠡᠪᠤᠷᠢ ᠶᠢ | ᠲᠤᠬᠢᠷᠠᠭᠤᠯᠤᠨ ᠡᠵᠡᠮᠳᠡᠬᠦ ᠶᠢ ᠬᠠᠷᠢᠭᠤᠴᠠᠨ᠎ᠠ᠃ | ︵ᠳᠥᠷᠪᠡ︶ ᠪᠦᠬᠦ ᠰᠢᠶᠠᠨ ᠤ ᠵᠠᠰᠠᠮᠠᠯ ᠵᠠᠮ᠂ ᠤᠰᠤᠨ ᠵᠠᠮ ᠤᠨ ᠪᠦᠳᠦᠭᠡᠨ ᠪᠠᠶᠢᠭᠤᠯᠤᠯᠳᠠ ᠶᠢᠨ ᠵᠠᠬ᠎ᠠ | ᠲᠡᠯᠭᠡᠬᠦᠷ ᠢ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠡᠬᠦᠷᠭᠡᠯᠡᠵᠤ᠂ ᠵᠠᠮ ᠬᠠᠷᠢᠯᠴᠠᠭᠠᠨ ᠤ ᠪᠦᠳᠦᠭᠡᠨ ᠪᠠᠶᠢᠭᠤᠯᠤᠯᠳᠠ᠂ | ᠵᠠᠮ ᠬᠠᠮᠠᠭᠠᠯᠠᠬᠤ᠂ ᠵᠠᠮ ᠤᠨ ᠶᠠᠪᠤᠳᠠᠯ ᠤᠨ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ᠂ ᠲᠦᠷᠢᠮ ᠪᠤᠯᠤᠨ | ᠮᠡᠷᠭᠡᠵᠢᠯ ᠤᠨ ᠪᠠᠷᠢᠮᠵᠢᠶ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠤᠭᠳᠠᠭᠠᠬᠤ ᠶᠢᠨ ᠬᠠᠮᠳᠤ ᠬᠢᠨᠠᠯᠳᠠ ᠲᠠᠯᠪᠢᠵᠤ | ᠬᠡᠷᠡᠭᠵᠢᠬᠦᠯᠦᠨ᠎ᠡ︔ ᠵᠠᠮ ᠬᠠᠷᠢᠯᠴᠠᠭᠠᠨ ᠤ ᠭᠤᠤᠯᠳᠠᠯᠭ᠎ᠠ ᠲᠠᠢ ᠪᠠᠷᠢᠯᠭ᠎ᠠ ᠶᠢᠨ ᠪᠦᠳᠦᠭᠡᠨ ᠪᠠᠶᠢᠭᠤᠯᠤᠯᠳᠠ ᠶᠢᠨ ᠪᠡᠯᠡ | ᠮᠦᠩᠬᠦ ᠪᠠ ᠪᠠᠷᠢᠯᠭ᠎ᠠ ᠶᠢᠨ ᠶᠠᠰᠤ ᠴᠢᠨᠠᠷ᠂ ᠠᠶᠤᠯ ᠦᠭᠡᠢ ᠦᠢᠯᠡᠳᠪᠦᠷᠢᠯᠡᠯ ᠢ ᠬᠢᠨᠠᠨ ᠬᠠᠮᠢᠶᠠᠷᠬᠤ ᠠᠵᠢᠯ ᠢ ᠵᠤᠬᠢᠶᠠᠨ | ᠪᠠᠶᠢᠭᠤᠯᠤᠨ᠎ᠠ︔ ᠵᠠᠮ ᠬᠠᠷᠢᠯᠴᠠᠭ᠎ᠠ ᠲᠡᠭᠡᠭᠡᠪᠤᠷᠢ ᠶᠢᠨ ᠰᠠᠭᠤᠷᠢ ᠪᠡᠯᠡᠳᠭᠡᠮᠵᠢ ᠶᠢ ᠬᠠᠮᠢᠶᠠᠷᠬᠤ ᠪᠠ ᠬᠠᠮᠠᠭᠠᠯᠠᠬᠤ ᠶᠢ | ᠵᠢᠯᠤᠭᠤᠳᠤᠨ᠎ᠠ᠃ | ︵ᠲᠠᠪᠤ︶ ᠰᠢᠶᠠᠨ ᠤ ᠠᠷᠠᠳ ᠤᠨ ᠵᠠᠰᠠᠭ ᠤᠨ ᠤᠷᠳᠤᠨ ᠠᠴᠠ ᠭᠦᠢᠴᠡᠳᠭᠡᠯᠭᠡᠬᠦ ᠪᠠᠷ ᠲᠤᠰᠢᠶᠠᠭᠰᠠᠨ ᠪᠤᠰᠤᠳ | ᠬᠡᠷᠡᠭ ᠶᠠᠪᠤᠳᠠᠯ ᠢ ᠬᠠᠷᠢᠭᠤᠴᠠᠨ ᠬᠦᠢᠴᠡᠳᠭᠡᠨ᠎ᠡ᠃ | | | |