ᠵᠠᠬ᠎ᠠ ᠳᠡᠯᠭᠡᠭᠦᠷ ᠤᠨ ᠬᠢᠨᠠᠨ ᠬᠠᠮᠢᠶᠠᠷᠣᠯᠲᠠ ᠶᠢᠨ ᠲᠤᠪᠴᠢᠶ᠎ᠠ | ( ᠨᠢᠭᠡ ) ᠤᠯᠤᠰ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ ᠠᠵᠤ ᠦᠢᠯᠡᠳᠪᠦᠷᠢ | ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ᠂ ᠶᠠᠰᠤ ᠴᠢᠨᠠᠷ ᠮᠡᠷᠭᠡᠵᠢᠯ ᠤᠨ ᠬᠢᠨᠠᠯᠲᠠ ᠲᠠᠯᠪᠢᠯᠲᠠ᠂ | ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠵᠡᠷᠭᠡ ᠲᠠᠯ᠎ᠠ ᠶᠢᠨ ᠬᠤᠯᠪᠣᠭᠳᠠᠯ ᠪᠦᠬᠦᠢ ᠬᠠᠤᠯᠢ | ᠴᠠᠭᠠᠵᠠ᠂ ᠬᠠᠤᠯᠢ ᠲᠣᠭᠲᠠᠭᠠᠯ ᠪᠣᠯᠤᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ︔ | ᠬᠤᠯᠪᠣᠭᠳᠠᠯ ᠪᠦᠬᠦᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠪᠣᠯᠤᠨ ᠲᠥᠷᠥ ᠶᠢᠨ ᠪᠣᠳᠣᠯᠭ᠎ᠠ᠂ ᠠᠷᠭ᠎ᠠ | ᠬᠡᠮᠵᠢᠶ᠎ᠡ ᠶᠢ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ ᠃ | ( ᠬᠤᠶᠠᠷ ) ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠦᠢᠯᠡᠰ ᠤᠨ ᠬᠥᠭᠵᠢᠯᠲᠡ ᠶᠢᠨ | ᠲᠥᠯᠥᠪᠵᠢᠭᠦᠯᠭᠡ ᠪᠠ ᠮᠡᠷᠭᠡᠵᠢᠯ ᠤᠨ ᠪᠠᠶᠢᠭᠤᠯᠤᠮᠵᠢ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠤᠭᠤᠷᠪᠢᠬᠤ | ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠶᠠᠰᠤ ᠴᠢᠨᠠᠷ ᠤᠨ ᠬᠥᠭᠵᠢᠯᠲᠡ ᠶᠢᠨ ᠠᠵᠢᠯ ᠢ ᠵᠣᠬᠢᠶᠠᠨ | ᠪᠠᠶᠢᠭᠤᠯᠤᠨ ᠠᠬᠢᠭᠤᠯᠤᠨ᠎ᠠ ᠃ | ( ᠭᠤᠷᠪᠠ ) ᠠᠵᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ᠂ ᠶᠠᠰᠤ ᠴᠢᠨᠠᠷ | ᠮᠡᠷᠭᠡᠵᠢᠯ ᠤᠨ ᠬᠢᠨᠠᠯᠲᠠ ᠲᠠᠯᠪᠢᠯᠲᠠ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠳᠤ | ᠬᠤᠯᠪᠣᠭᠳᠠᠬᠤ ᠡᠯ᠎ᠡ ᠲᠥᠷᠥᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠵᠠᠬᠢᠷᠭᠠᠨ ᠤ ᠵᠥᠪᠰᠢᠶᠡᠷᠡᠯ | ᠣᠯᠭᠤᠬᠤ ᠶᠢᠨ ᠬᠠᠮᠲᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ ᠃ ᠠᠵᠤ ᠦᠢᠯᠡᠳᠪᠦᠷᠢ ᠬᠤᠳᠠᠯᠳᠤᠭ᠎ᠠ | ᠶᠢᠨ ᠵᠠᠰᠠᠭ ᠵᠠᠬᠢᠷᠭᠠᠨ ᠤ ᠬᠠᠮᠢᠶᠠᠷᠤᠯᠲᠠ᠂ ᠶᠠᠰᠤ ᠴᠢᠨᠠᠷ ᠮᠡᠷᠭᠡᠵᠢᠯ ᠤᠨ ᠬᠢᠨᠠᠯᠲᠠ ᠲᠠᠯᠪᠢᠯᠲᠠ᠂ ᠢᠳᠡᠭᠡᠨ ᠪᠠ ᠡᠮ | ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠪᠠᠶᠢᠴᠠᠭᠠᠨ ᠰᠢᠶᠳᠪᠦᠷᠢᠯᠡᠨ᠎ᠡ ᠃ | ( ᠳᠦᠷᠪᠡ ) ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠵᠢᠷᠤᠮ ᠢ ᠬᠢᠨᠠᠨ ᠬᠠᠮᠢᠶᠠᠷᠬᠤ | ᠬᠠᠷᠢᠭᠤᠴᠠᠯᠭ᠎ᠠ ᠶᠢ ᠬᠠᠤᠯᠢ ᠶᠣᠰᠣᠭᠠᠷ ᠡᠭᠦᠷᠭᠡᠯᠡᠵᠦ᠂ ᠲᠥᠪ ᠭᠤᠣᠯᠴᠢ ᠪᠠᠷ ᠦᠷᠢᠰᠦᠯᠳᠦᠬᠦ ᠵᠠᠬ᠎ᠠ ᠳᠡᠯᠭᠡᠭᠦᠷ ᠤᠨ | ᠡᠵᠡᠩᠨᠡᠯᠲᠡ ᠶᠢᠨ ᠡᠮᠬᠢ ᠵᠢᠷᠤᠮ ᠢ ᠬᠠᠮᠠᠭᠠᠯᠠᠨ᠎ᠠ︔ ᠠᠵᠤ ᠠᠬᠤᠶᠢᠯᠠᠯ ᠤᠨ ᠢᠲᠡᠭᠡᠮᠵᠢ ᠶᠢᠨ ᠰᠢᠰᠲ᠋ᠧᠮᠵᠢ ᠶᠢᠨ | ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ ᠃ | ( ᠲᠠᠪᠤ ) ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠷᠢᠭᠤᠴᠠᠯᠭ᠎ᠠ ᠶᠢ ᠬᠠᠤᠯᠢ ᠶᠣᠰᠣᠭᠠᠷ ᠡᠭᠦᠷᠭᠡᠯᠡᠵᠦ᠂ | ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠰᠢᠰᠲ᠋ᠧᠮ ᠢ ᠪᠠᠶᠢᠭᠤᠯᠵᠤ᠂ ᠬᠡᠷᠡᠭᠯᠡᠭᠴᠢᠳ ᠤᠨ ᠡᠷᠬᠡ ᠠᠰᠢᠭ | ᠢᠶᠠᠨ ᠬᠠᠮᠠᠭᠠᠯᠠᠬᠤ ᠠᠵᠢᠯ ᠢ ᠵᠣᠬᠢᠶᠠᠨ ᠪᠠᠶᠢᠭᠤᠯᠵᠤ ᠵᠢᠯᠣᠭᠤᠳᠤᠨ᠎ᠠ︔ ᠠᠵᠤ ᠦᠢᠯᠡᠳᠪᠦᠷᠢ ᠬᠤᠳᠠᠯᠳᠤᠭ᠎ᠠ ᠶᠢᠨ | ᠵᠠᠰᠠᠭ ᠵᠠᠬᠢᠷᠭᠠᠨ ᠤ ᠬᠠᠮᠢᠶᠠᠷᠤᠯᠲᠠ᠂ ᠶᠠᠰᠤ ᠴᠢᠨᠠᠷ ᠮᠡᠷᠭᠡᠵᠢᠯ ᠤᠨ ᠬᠢᠨᠠᠯᠲᠠ ᠲᠠᠯᠪᠢᠯᠲᠠ᠂ ᠢᠳᠡᠭᠡᠨ ᠪᠠ ᠡᠮ ᠤᠨ | ᠵᠦᠢᠯ ᠤᠨ ᠬᠢᠨᠠᠯᠲᠠ ᠬᠠᠮᠢᠶᠠᠷᠤᠯᠲᠠ ᠳᠤ ᠬᠤᠯᠪᠣᠭᠳᠠᠬᠤ ᠭᠤᠮᠣᠳᠠᠯ ᠲᠣᠭᠠᠴᠢᠬᠤ ᠪᠠ ᠢᠯᠡᠴᠢᠯᠡᠨ ᠮᠡᠳᠡᠭᠦᠯᠬᠦ ᠠᠵᠢᠯ | ᠢ ᠬᠠᠷᠢᠭᠤᠴᠠᠨ ᠰᠠᠶᠢᠲᠤᠷ ᠬᠢᠨ᠎ᠡ ᠃ | ( ᠵᠢᠷᠭᠤᠭ᠎ᠠ ) ᠭᠡᠷ᠎ᠡ ᠶᠢᠨ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢ ᠬᠠᠤᠯᠢ ᠶᠣᠰᠣᠭᠠᠷ ᠬᠡᠷᠡᠭᠵᠢᠭᠦᠯᠵᠦ᠂ | ᠭᠡᠷ᠎ᠡ ᠶᠢᠨ ᠦᠶᠯᠡ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠶ︔ ᠲᠠᠸᠠᠷ ᠤᠨ ᠲᠡᠮᠳᠡᠭ ᠢ ᠬᠢᠨᠠᠨ ᠬᠠᠮᠢᠶᠠᠷᠬᠤ ᠠᠵᠢᠯ | ᠢ ᠬᠠᠷᠢᠭᠤᠴᠠᠨ᠎ᠠ︔ ᠬᠠᠷᠢᠶ᠎ᠠ ᠣᠷᠣᠨ ᠤ ᠳᠣᠲᠣᠷᠠᠬᠢ ᠠᠷᠢᠬᠢᠨ ᠤ ᠵᠦᠶᠯ ᠤᠨ ᠭᠦᠶᠯᠭᠡᠭᠡᠨ ᠤ ᠬᠠᠮᠢᠶᠠᠷᠤᠯᠲᠠ ᠶᠢᠨ | ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ ᠃ | ( ᠳᠣᠯᠤᠭ᠎ᠠ ) ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠤᠯᠢ ᠶᠣᠰᠣᠭᠠᠷ ᠡᠭᠦᠷᠭᠡᠯᠡᠬᠦ ᠬᠡᠷᠡᠭᠲᠡᠶ | ᠃ ᠶᠠᠰᠤ ᠴᠢᠨᠠᠷ ᠤᠨ ᠬᠤᠷᠸ᠎ᠠ ᠬᠠᠮᠢᠶᠠᠷᠤᠯᠲᠠ ᠪᠣᠯᠤᠨ ᠦᠢᠯᠡᠳᠬᠦᠨ ( ᠲᠠᠸᠠᠷ ) ᠤ ᠶᠠᠰᠤ ᠴᠢᠨᠠᠷ ᠲᠤ ᠬᠢᠨᠠᠯᠲᠠ | ᠲᠠᠯᠪᠢᠵᠤ ᠪᠠᠶᠢᠴᠠᠭᠠᠬᠤ ᠠᠵᠢᠯ ᠢ ᠬᠠᠷᠢᠭᠤᠴᠠᠨ᠎ᠠ︔ ᠦᠢᠯᠡᠳᠬᠦᠨ ( ᠲᠠᠸᠠᠷ ) ᠤ ᠶᠠᠰᠤ ᠴᠢᠨᠠᠷ ᠢ ᠰᠡᠷᠡᠮᠵᠢᠯᠡᠭᠦᠯᠬᠦ᠂ | ᠬᠢᠨᠠᠨ ᠬᠡᠮᠵᠢᠬᠦ ᠠᠵᠢᠯ ᠢ ᠵᠣᠬᠢᠶᠠᠨ ᠪᠠᠶᠢᠭᠤᠯᠤᠨ᠎ᠠ︔ ᠶᠠᠰᠤ ᠴᠢᠨᠠᠷ ᠤᠨ ᠬᠦᠨᠳᠦ ᠶᠡᠭᠡ ᠠᠳᠡᠯ ᠢ ᠪᠠᠶᠢᠴᠠᠭᠠᠨ | ᠰᠢᠶᠳᠪᠦᠷᠢᠯᠡᠬᠦ ᠪᠠ ᠭᠡᠮ ᠰᠣᠭᠤᠭ ᠲᠠᠢ ᠦᠢᠯᠡᠳᠬᠦᠨ ( ᠲᠠᠸᠠᠷ ) ᠢ ᠡᠭᠡᠭᠦᠯᠦᠨ ᠠᠪᠴᠢᠷᠠᠬᠤ ᠳᠦᠷᠢᠮ ᠢ ᠬᠠᠤᠯᠢ | ᠶᠣᠰᠣᠭᠠᠷ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ | ( ᠨᠠᠶᠮᠠ ) ᠬᠡᠮᠵᠢᠯᠲᠡ ᠶᠢᠨ ᠠᠵᠢᠯ ᠢ ᠬᠠᠷᠢᠭᠤᠴᠠᠨ ᠬᠠᠮᠢᠶᠠᠷᠤᠨ᠎ᠠ︔ ᠬᠠᠤᠯᠢ ᠪᠠᠷ ᠲᠣᠭᠲᠠᠭᠠᠭᠰᠠᠨ ᠬᠡᠮᠵᠢᠯᠲᠡ | ᠶᠢᠨ ᠨᠢᠭᠡᠴᠢ ᠪᠠ ᠤᠯᠤᠰ ᠤᠨ ᠬᠡᠮᠵᠢᠯᠲᠡ ᠶᠢᠨ ᠲᠦᠷᠢᠮ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠬᠠᠷᠢᠶ᠎ᠠ | ᠣᠷᠣᠨ ᠤ ᠪᠠᠨ ᠬᠡᠮᠵᠢᠯᠲᠡ ᠶᠢᠨ ᠪᠠᠭᠠᠵᠢ ᠬᠡᠷᠡᠭᠰᠡᠯ ᠢ ᠬᠠᠤᠯᠢ ᠶᠣᠰᠣᠭᠠᠷ ᠬᠠᠮᠢᠶᠠᠷᠤᠨ᠎ᠠ︔ ᠲᠠᠸᠠᠷ ᠤᠨ ᠬᠡᠮᠵᠢᠯᠲᠡ | ᠪᠣᠯᠤᠨ ᠵᠠᠬ᠎ᠠ ᠳᠡᠯᠭᠡᠭᠦᠷ ᠤᠨ ᠬᠡᠮᠵᠢᠯᠲᠡ ᠶᠢᠨ ᠦᠢᠯᠡ ᠠᠵᠢᠯᠯᠠᠭ᠎ᠠ ᠶᠢ ᠵᠢᠷᠤᠮᠵᠢᠭᠤᠯᠬᠤ ᠪᠠ ᠬᠢᠨᠠᠯᠲᠠ ᠲᠠᠯᠪᠢᠬᠤ ᠶᠢ | ᠬᠠᠷᠢᠭᠤᠴᠠᠨ᠎ᠠ᠃ | ( ᠶᠢᠰᠦ ) ᠪᠠᠷᠢᠮᠵᠢᠶᠠᠵᠢᠭᠤᠯᠬᠤ ᠠᠵᠢᠯ ᠢ ᠬᠠᠷᠢᠭᠤᠴᠠᠨ ᠬᠠᠮᠢᠶᠠᠷᠤᠨ᠎ᠠ︔ ᠡᠯ᠎ᠡ ᠰᠠᠯᠠᠭ᠎ᠠ ᠮᠥᠴᠢᠷ᠂ ᠡᠯ᠎ᠡ ᠠᠵᠢᠯ | ᠲᠥᠷᠥᠯ ᠤᠨ ᠪᠠᠷᠢᠮᠵᠢᠶᠠᠵᠢᠭᠤᠯᠬᠤ ᠠᠵᠢᠯ ᠢ ᠵᠣᠬᠢᠶᠠᠨ ᠪᠠᠶᠢᠭᠤᠯᠵᠤ ᠵᠣᠬᠢᠴᠠᠭᠤᠯᠬᠤ ᠪᠠ ᠵᠢᠯᠣᠭᠤᠳᠤᠨ ᠠᠬᠢᠭᠤᠯᠤᠨ᠎ᠠ︔ | ᠣᠷᠣᠨ ᠨᠤᠲᠤᠭ ᠤᠨ ᠪᠠᠷᠢᠮᠵᠢᠶ᠎ᠠ ᠶᠢᠨ ᠵᠢᠷᠤᠮᠵᠢᠯ ᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ ᠲᠣᠭᠲᠠᠭᠠᠨ᠎ᠠ︔ | ᠪᠠᠷᠢᠮᠵᠢᠶ᠎ᠠ ᠶᠢ ᠬᠡᠷᠡᠭᠵᠢᠭᠦᠯᠬᠦ ᠳᠤ ᠬᠠᠤᠯᠢ ᠶᠣᠰᠣᠭᠠᠷ ᠬᠢᠨᠠᠯᠲᠠ ᠲᠠᠯᠪᠢᠨ᠎ᠠ᠃ | ( ᠠᠷᠪᠠ ) ᠬᠢᠷᠢ ᠲᠡᠩᠴᠡᠭᠰᠡᠨ ᠢ ᠦᠨᠡᠯᠡᠨ ᠲᠣᠭᠲᠠᠭᠠᠬᠤ ᠠᠵᠢᠯ ᠢ ᠬᠠᠷᠢᠭᠤᠴᠠᠨ ᠬᠠᠮᠢᠶᠠᠷᠤᠨ᠎ᠠ︔ ᠰᠢᠯᠭᠠᠨ | ᠪᠠᠶᠢᠴᠠᠭᠠᠬᠤ ᠪᠠᠶᠢᠭᠤᠯᠤᠮᠵᠢ ᠵᠢᠴᠢ ᠲᠡᠭᠦᠨ ᠤ ᠰᠢᠯᠭᠠᠨ ᠪᠠᠶᠢᠴᠠᠭᠠᠬᠤ ᠦᠢᠯᠡᠴᠢᠯᠡᠭᠡᠨ ᠤ ᠠᠵᠢᠯᠯᠠᠭ᠎ᠠ ᠳᠤ ᠬᠢᠨᠠᠯᠲᠠ | ᠲᠠᠯᠪᠢᠵᠤ ᠬᠠᠮᠢᠶᠠᠷᠬᠤ ᠠᠵᠢᠯ ᠢ ᠬᠠᠤᠯᠢ ᠶᠣᠰᠣᠭᠠᠷ ᠬᠠᠷᠢᠭᠤᠴᠠᠨ᠎ᠠ︔ ᠵᠠᠬ᠎ᠠ ᠳᠡᠯᠭᠡᠭᠦᠷ ᠢ ᠭᠡᠷᠡᠴᠢᠯᠡᠬᠦ ᠦᠢᠯᠡ | ᠠᠵᠢᠯᠯᠠᠭ᠎ᠠ ᠶᠢ ᠵᠢᠷᠤᠮᠵᠢᠭᠤᠯᠬᠤ ᠪᠠ ᠬᠢᠨᠠᠯᠲᠠ ᠲᠠᠯᠪᠢᠨ᠎ᠠ︔ ᠠᠵᠤ ᠦᠢᠯᠡᠳᠪᠦᠷᠢ ᠶᠢᠨ ᠦᠢᠯᠡᠳᠬᠦᠨ | ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠪᠠ ᠡᠨᠧᠷᠭᠢ ᠶᠢᠨ ᠠᠰᠢᠭᠯᠠᠮᠵᠢ ᠶᠢᠨ ᠢᠯᠡᠳᠬᠡᠮᠵᠢ ᠲᠡᠮᠳᠡᠭ ᠤᠨ | ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ | ( ᠠᠷᠪᠠᠨ ᠨᠢᠭᠡ ) ᠢᠳᠡᠭᠡᠨ ᠤ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠤᠯᠢ ᠶᠣᠰᠣᠭᠠᠷ | ᠡᠭᠦᠷᠭᠡᠯᠡᠨ᠎ᠡ ᠃ ᠢᠳᠡᠭᠡᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠰᠤᠭᠤᠴᠡᠠ ᠪᠠᠶᠢᠴᠠᠭᠠᠬᠤ᠂ ᠪᠠᠶᠢᠴᠠᠭᠠᠨ | ᠬᠡᠮᠵᠢᠬᠦ ᠵᠢᠴᠢ ᠰᠢᠶᠳᠪᠦᠷᠢᠯᠡᠬᠦ ᠠᠵᠢᠯ ᠢ ᠬᠠᠷᠢᠭᠤᠴᠠᠵᠤ᠂ ᠢᠳᠡᠭᠡᠨ ᠤ ᠵᠠᠰᠠᠭ ᠵᠠᠬᠢᠷᠭᠠᠨ ᠤ ᠵᠥᠪᠰᠢᠶᠡᠷᠡᠯ ᠢ | ᠬᠡᠷᠡᠭᠵᠢᠭᠦᠯᠬᠦ ᠳᠤ ᠬᠢᠨᠠᠯᠲᠠ ᠲᠠᠯᠪᠢᠬᠤ ᠶᠢ ᠬᠠᠷᠢᠭᠤᠴᠠᠵᠤ᠂ ᠢᠳᠡᠭᠡᠨ ᠤ ᠠᠶᠤᠯ ᠦᠭᠡᠶ ᠶᠢᠨ ᠪᠠᠶᠢᠴᠠᠭᠠᠯᠲᠠ᠂ | ᠴᠡᠭᠴᠡᠯᠡᠨ ᠵᠠᠰᠠᠬᠤ ᠪᠠ ᠢᠳᠡᠭᠡᠨ ᠤ ᠠᠶᠤᠯ ᠦᠭᠡᠶ ᠶᠢᠨ ᠭᠡᠨᠡᠳᠲᠡ ᠶᠢᠨ ᠬᠡᠷᠡᠭ ᠢ ᠠᠷᠭᠠᠴᠠᠨ ᠰᠢᠶᠳᠪᠦᠷᠢᠯᠡᠬᠦ ᠶᠢ | ᠡᠭᠦᠷᠭᠡᠯᠡᠨ᠎ᠡ᠃ | ( ᠠᠷᠪᠠᠨ ᠬᠤᠶᠠᠷ ) ᠡᠮ ᠤᠨ ᠵᠦᠶᠯ᠂ ᠵᠠᠰᠠᠯ ᠴᠢᠮᠡᠭ ᠤᠨ ᠡᠳ᠂ ᠡᠮᠴᠢᠯᠡᠭᠡᠨ ᠤ ᠮᠠᠰᠢᠨ ᠪᠠᠭᠠᠵᠢ ᠶᠢᠨ ᠬᠢᠨᠠᠯᠲᠠ | ᠬᠠᠮᠢᠶᠠᠷᠤᠯᠲᠠ ᠶᠢ ᠬᠠᠷᠢᠭᠤᠴᠠᠨ᠎ᠠ᠃ | ( ᠠᠷᠪᠠᠨ ᠭᠤᠷᠪᠠ ) ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠶᠤᠯᠭᠦᠢ ᠶᠢ ᠬᠢᠨᠠᠨ ᠪᠠᠶᠢᠴᠠᠭᠠᠬᠤ | ᠠᠵᠢᠯ ᠢ ᠬᠠᠷᠢᠭᠤᠴᠠᠨ᠎ᠠ᠃ | ( ᠠᠷᠪᠠᠨ ᠳᠥᠷᠪᠡ ) ᠰᠢᠶᠠᠨ ᠤ ᠢᠳᠡᠭᠡᠨ ᠤ ᠠᠶᠤᠯᠭᠦᠢ ᠶᠢᠨ ᠵᠥᠪᠯᠡᠯ ᠤᠨ ᠡᠳᠦᠷ ᠲᠤᠲᠤᠮ ᠤᠨ ᠠᠵᠢᠯ ᠢ | ᠡᠭᠦᠷᠭᠡᠯᠡᠨ᠎ᠡ᠃ ᠢᠳᠡᠭᠡᠨ ᠤ ᠠᠶᠤᠯ ᠦᠭᠡᠶ ᠶᠢᠨ ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠵᠤ᠂ | ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠦᠷᠢᠨᠰᠢᠭᠦᠯᠬᠦ ᠶᠢ ᠲᠦᠯᠬᠢᠨ ᠠᠬᠢᠭᠤᠯᠤᠨ᠎ᠠ᠃ | ( ᠠᠷᠪᠠᠨ ᠲᠠᠪᠤ ) ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠠᠶᠢᠮᠠᠭ ᠤᠨ ᠠᠵᠤ | ᠦᠶᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠣᠪᠴᠢᠶ᠎ᠠ᠂ ᠶᠠᠰᠤ ᠴᠢᠨᠠᠷ ᠲᠤ | ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠢᠳᠡᠭᠡᠨ ᠪᠠ ᠡᠮ ᠤᠨ ᠵᠦᠶᠯ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠶᠢᠨ ᠲᠤᠰᠢᠶᠠᠭᠰᠠᠨ ᠪᠤᠰᠤᠳ ᠵᠦᠶᠯ ᠤᠳ ᠢ ᠳᠠᠭᠠᠭᠠᠨ ᠭᠦᠶᠴᠡᠳᠬᠡᠨ᠎ᠡ᠃ |