ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶ᠎ᠠ | ᠨᠢᠭᠡ᠂ ᠤᠯᠤᠰ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ | ᠤᠨ ᠪᠠᠲᠤᠯᠠᠭ᠎ᠠ ᠶᠢᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢ | ᠲᠤᠤᠱᠯᠠᠭᠤᠯᠤᠨ ᠬᠡᠷᠡᠭᠵᠢᠭᠦᠯᠬᠦ ᠬᠡᠷᠡᠭᠲᠡᠶ︔ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ ᠲᠤᠭᠤᠷᠪᠢᠬᠤ ᠶᠢᠨ ᠬᠠᠮᠲᠤ | ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠬᠤᠶᠠᠷ᠂ ᠪᠦᠬᠦ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠲᠥᠯᠥᠪᠵᠢᠭᠦᠯᠭᠡ | ᠂ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠬᠠᠮᠲᠤᠷᠠᠨ ᠴᠢᠳᠠᠪᠤᠷᠢᠲᠠᠨ ᠢ ᠬᠥᠮᠦᠵᠢᠭᠦᠯᠬᠦ᠂ ᠣᠷᠣᠭᠤᠯᠤᠨ ᠠᠪᠴᠢᠷᠠᠬᠤ᠂ ᠬᠡᠷᠡᠭᠯᠡᠬᠦ᠂ ᠦᠨᠡᠯᠡᠬᠦ᠂ ᠤᠷᠮᠠᠰᠢᠭᠤᠯᠬᠤ | ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠨ᠎ᠠ᠃ ᠪᠥᠬᠦ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠤᠨ | ᠬᠥᠭᠵᠢᠯᠲᠡ ᠶᠢᠨ ᠲᠥᠯᠥᠪᠵᠢᠭᠦᠯᠭᠡ ᠪᠠ ᠬᠥᠮᠦᠨ ᠤ ᠬᠦᠴᠦᠨ ᠤ ᠡᠬᠢ ᠪᠠᠶᠠᠯᠢᠭ ᠤᠨ ᠦᠶᠯᠡᠴᠢᠯᠡᠭᠡᠨ ᠤ ᠦᠶᠯᠡᠰ | ᠤᠨ ᠬᠥᠭᠵᠢᠯᠲᠡ᠂ ᠬᠥᠮᠦᠨ ᠤ ᠬᠦᠴᠦᠨ ᠤ ᠡᠬᠢ ᠪᠠᠶᠠᠯᠢᠭ ᠤᠨ ᠰᠢᠯᠵᠢᠯᠲᠡ ᠶᠢᠨ ᠠᠷᠭ᠎ᠠ ᠬᠡᠮᠵᠢᠶ᠎ᠡ ᠶᠢ ᠲᠤᠭᠤᠷᠪᠢᠨ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠥᠮᠦᠨ ᠤ ᠬᠦᠴᠦᠨ ᠤ ᠡᠬᠢ ᠪᠠᠶᠠᠯᠢᠭ ᠤᠨ | ᠵᠦᠶ ᠵᠣᠬᠢᠰᠲᠠᠶ ᠰᠢᠯᠵᠢᠯᠲᠡ᠂ ᠪᠦᠲᠦᠮᠵᠢᠲᠡᠶ ᠲᠣᠬᠢᠷᠠᠭᠤᠯᠤᠯᠲᠠ ᠶᠢ ᠠᠬᠢᠭᠤᠯᠤᠨ᠎ᠠ᠃ | ᠭᠤᠷᠪᠠ᠂ ᠪᠦᠬᠦ ᠰᠢᠶᠠᠨ ᠤ ᠬᠤᠳᠠ ᠬᠥᠳᠡᠭᠡ ᠶᠢᠨ ᠠᠵᠢᠯ ᠣᠯᠭᠤᠯᠲᠠ ᠶᠢᠨ ᠬᠥᠭᠵᠢᠯᠲᠡ ᠶᠢᠨ | ᠲᠥᠯᠥᠪᠵᠢᠭᠦᠯᠭᠡ ᠶᠢ ᠨᠢᠭᠡᠳᠦᠯᠲᠡᠢ ᠲᠥᠯᠥᠪᠯᠡᠵᠦ᠂ ᠤᠯᠠᠨ ᠨᠡᠶᠢᠲᠡ ᠶᠢᠨ ᠠᠵᠢᠯ ᠣᠯᠭᠤᠬᠤ ᠠᠳᠠᠯ ᠦᠢᠯᠡᠰ | ᠴᠣᠭᠴᠠᠯᠠᠬᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠬᠤᠲᠠ ᠬᠥᠳᠡᠭᠡ ᠶᠢᠨ ᠬᠥᠳᠡᠯᠮᠦᠷᠢᠯᠡᠭᠴᠢᠳ | ᠲᠤ ᠬᠠᠨᠳᠤᠭᠤᠯᠤᠭᠰᠠᠨ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠳᠦᠷᠢᠮ ᠢ ᠨᠢᠭᠡᠳᠦᠯᠲᠡᠶ ᠲᠥᠯᠥᠪᠯᠡᠨ | ᠨᠠᠶᠢᠳᠠᠪᠤᠷᠢᠵᠢᠭᠤᠯᠵᠤ᠂ ᠠᠵᠢᠯ ᠣᠯᠭᠤᠬᠤ ᠲᠤᠰᠠᠯᠠᠮᠵᠢ ᠶᠢᠨ ᠳᠦᠷᠢᠮ ᠤᠨ ᠳᠡᠭᠡᠳᠦ ᠰᠤᠷᠭᠠᠭᠤᠯᠢ ᠲᠡᠭᠦᠰᠦᠭᠰᠡᠳ | ᠲᠤ ᠠᠵᠢᠯ ᠣᠯᠭᠤᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠵᠢᠯ ᠣᠯᠭᠤᠬᠤ ᠵᠢᠯᠣᠭᠤᠳᠤᠯᠭ᠎ᠠ | ᠦᠢᠯᠡᠴᠢᠯᠡᠭᠡᠨ ᠤ ᠠᠵᠢᠯ ᠢ ᠥᠷᠨᠢᠭᠦᠯᠦᠨ᠎ᠡ᠃ | ᠳᠥᠷᠪᠡ᠂ ᠪᠦᠬᠦ ᠰᠢᠶᠠᠨ ᠤ ᠬᠤᠲᠠ ᠬᠥᠳᠡᠭᠡ ᠶᠢ ᠬᠠᠮᠤᠷᠤᠭᠰᠠᠨ ᠣᠯᠠᠨ ᠳᠡᠰ ᠳᠠᠪᠬᠤᠷᠭ᠎ᠠ ᠪᠦᠬᠦᠢ ᠨᠡᠶᠢᠭᠡᠮ | ᠤᠨ ᠪᠠᠲᠤᠯᠠᠭ᠎ᠠ ᠶᠢᠨ ᠰᠢᠰᠲ᠋ᠧᠮᠵᠢ ᠶᠢ ᠨᠢᠭᠡᠳᠦᠯᠲᠡᠶ ᠲᠥᠯᠥᠪᠯᠡᠨ ᠪᠠᠶᠢᠭᠤᠯᠵᠤ ᠥᠪᠡᠷᠲᠡᠭᠡᠨ ᠵᠠᠰᠠᠬᠤ ᠣᠷᠣᠨ ᠤ | ᠨᠠᠰᠤᠵᠢᠯ᠂ ᠠᠵᠢᠯ ᠠᠯᠳᠠᠯᠲᠠ᠂ ᠠᠵᠢᠯ ᠠᠴᠠ ᠪᠣᠯᠤᠭᠰᠠᠨ ᠭᠡᠮᠲᠦᠯ ᠵᠡᠷᠭᠡ ᠨᠡᠶᠢᠭᠡᠮ ᠤᠨ ᠳᠠᠭᠠᠳᠬᠠᠯ ᠵᠢᠴᠢ | ᠨᠥᠬᠦᠪᠥᠷᠢ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃ ᠨᠠᠰᠤᠵᠢᠯ ᠤᠨ | ᠠᠰᠠᠷᠠᠮᠵᠢ᠂ ᠠᠵᠢᠯ ᠠᠯᠳᠠᠯᠲᠠ ᠶᠢᠨ ᠭᠡᠮᠲᠦᠯ ᠵᠡᠷᠭᠡ ᠨᠡᠶᠢᠭᠡᠮ ᠤᠨ ᠳᠠᠭᠠᠳᠬᠠᠯ ᠵᠢᠴᠢ ᠲᠡᠭᠦᠨ ᠤ ᠨᠥᠬᠦᠪᠥᠷᠢ | ᠳᠠᠭᠠᠳᠬᠠᠯ ᠤᠨ ᠰᠠᠭᠤᠷᠢ ᠮᠥᠩᠭᠦ ᠶᠢᠨ ᠬᠠᠮᠢᠶᠠᠷᠤᠯᠲᠠ ᠪᠠ ᠬᠢᠨᠠᠯᠲᠠ ᠲᠠᠯᠪᠢᠬᠤ ᠠᠵᠢᠯ ᠢ ᠵᠣᠬᠢᠶᠠᠨ ᠪᠠᠶᠢᠭᠤᠯᠤᠨ | ᠨᠠᠶᠢᠳᠠᠪᠤᠷᠢᠵᠢᠭᠤᠯᠵᠤ᠂ ᠪᠦᠬᠦ ᠰᠢᠶᠠᠨ ᠤ ᠬᠤᠯᠪᠣᠭᠳᠠᠯ ᠪᠦᠬᠦᠢ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ | ᠶᠢᠨ ᠲᠥᠰᠦᠪ ᠪᠠ ᠲᠥᠰᠦᠪ ᠤᠨ ᠭᠦᠢᠴᠡᠳᠬᠡᠯ ᠤᠨ ᠲᠥᠰᠦᠯ ᠢ ᠨᠠᠶᠢᠷᠠᠭᠤᠯᠤᠨ ᠵᠣᠬᠢᠶᠠᠨ᠎ᠠ᠃ ᠪᠦᠬᠦ ᠣᠷᠣᠨ᠂ | ᠪᠦᠬᠦ ᠠᠶᠢᠮᠠᠭ ᠤᠨ ᠬᠠᠮᠢᠶ᠎ᠠ ᠪᠦᠬᠦᠢ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠪᠡᠯᠡ ᠣᠷᠣᠭᠤᠯᠤᠯᠲᠠ | ᠶᠢᠨ ᠵᠦᠢᠯᠡᠰ ᠢ ᠨᠠᠶᠢᠳᠠᠪᠤᠷᠢᠵᠢᠭᠤᠯᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠠᠷᠠᠳ | ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠬᠡᠷᠡᠭᠵᠢᠭᠦᠯᠵᠦ᠂ ᠤᠯᠤᠰ ᠠᠴᠠ ᠱᠠᠭᠠᠷᠳᠠᠯᠭ᠎ᠠ ᠶᠣᠰᠣᠭᠠᠷ | ᠨᠡᠶᠢᠭᠡᠮ ᠤᠨ ᠳᠠᠭᠠᠳᠬᠠᠯ ᠤᠨ ᠣᠯᠠᠨ ᠨᠡᠶᠢᠲᠡ ᠶᠢᠨ ᠨᠢᠭᠡᠳᠦᠯᠲᠡᠶ ᠦᠶᠯᠡᠴᠢᠯᠡᠭᠡᠨ ᠢ ᠪᠠᠶᠢᠭᠤᠯᠤᠨ᠎ᠠ᠃ | ᠲᠠᠪᠤ᠂ ᠪᠦᠬᠦ ᠰᠢᠶᠠᠨ ᠤ ᠠᠵᠢᠯ ᠣᠯᠬᠤ᠂ ᠠᠵᠢᠯ ᠠᠯᠳᠠᠬᠤ ᠪᠠ ᠬᠠᠮᠢᠶ᠎ᠠ ᠪᠦᠬᠦᠢ ᠨᠡᠶᠢᠭᠡᠮ ᠤᠨ ᠳᠠᠭᠠᠳᠬᠠᠯ ᠤᠨ | ᠰᠠᠭᠤᠷᠢ ᠮᠥᠩᠭᠦ ᠶᠢ ᠲᠥᠰᠦᠭᠡᠯᠡᠵᠦ ᠰᠡᠷᠡᠮᠵᠢᠯᠡᠭᠦᠯᠬᠦ ᠵᠢᠴᠢ ᠮᠡᠳᠡᠭᠡ ᠵᠠᠩᠭᠢ ᠪᠠᠷ ᠬᠥᠲᠥᠯᠥᠨ ᠵᠢᠯᠣᠭᠤᠳᠬᠤ ᠶᠢ | ᠬᠠᠷᠢᠭᠤᠴᠠᠨ᠎ᠠ ᠃ ᠠᠷᠭᠠᠴᠠᠬᠤ ᠲᠥᠰᠦᠯ ᠢ ᠲᠤᠭᠤᠷᠪᠢᠨ ᠲᠣᠭᠲᠠᠭᠠᠵᠤ᠂ ᠤᠷᠢᠳᠴᠢᠯᠠᠨ ᠰᠡᠷᠭᠡᠶᠢᠯᠡᠬᠦ᠂ | ᠲᠤᠬᠢᠷᠠᠭᠤᠯᠬᠤ ᠪᠠ ᠬᠢᠵᠠᠭᠠᠷᠯᠠᠬᠤ ᠶᠢ ᠬᠡᠷᠡᠭᠵᠢᠭᠦᠯᠵᠦ᠂ ᠠᠵᠢᠯ ᠣᠯᠭᠤᠯᠲᠠ ᠶᠢᠨ ᠪᠠᠶᠢᠳᠠᠯ ᠤᠨ ᠲᠣᠭᠲᠠᠭᠤᠨ | ᠪᠠᠶᠢᠬᠤ ᠪᠠ ᠬᠤᠯᠪᠣᠭᠳᠠᠯ ᠪᠦᠬᠦᠢ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠶᠡᠷᠦᠩᠬᠡᠢ ᠣᠷᠣᠯᠭ᠎ᠠ | ᠵᠠᠷᠤᠯᠭ᠎ᠠ ᠶᠢᠨ ᠲᠡᠩᠴᠡᠭᠦᠷᠢᠲᠡᠢ ᠪᠠᠶᠢᠬᠤ ᠶᠢ ᠪᠠᠲᠤᠯᠠᠨ᠎ᠠ᠃ | ᠵᠢᠷᠭᠤᠭ᠎ᠠ᠂ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠡᠶᠡᠳᠡᠭᠦᠯᠬᠦ ᠪᠠ ᠬᠥᠨᠳᠡᠯᠡᠨ ᠠᠴᠠ | ᠲᠠᠰᠤᠯᠬᠤ ᠳᠦᠷᠢᠮ ᠪᠣᠯᠤᠨ ᠬᠥᠳᠡᠯᠮᠦᠷᠢ ᠶᠢᠨ ᠬᠠᠷᠢᠴᠠᠭᠠᠨ ᠤ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠤ ᠬᠥᠳᠡᠯᠮᠦᠷᠢ ᠶᠢᠨ ᠬᠠᠷᠢᠴᠠᠭ᠎ᠠ ᠶᠢ ᠵᠥᠪᠳᠡᠯᠴᠡᠨ ᠵᠣᠬᠢᠴᠠᠭᠤᠯᠬᠤ ᠲᠣᠭᠲᠠᠴᠠ ᠶᠢ | ᠲᠡᠭᠦᠯᠳᠡᠷᠵᠢᠭᠦᠯᠬᠦ ᠬᠡᠷᠡᠭᠲᠡᠶ ᠃ ᠠᠵᠢᠯᠲᠠᠨ ᠠᠵᠢᠯᠴᠢᠨ ᠤ ᠠᠵᠢᠯᠯᠠᠬᠤ ᠴᠠᠭ᠂ ᠠᠮᠠᠷᠠᠯᠲᠠ ᠪᠠ ᠠᠮᠠᠷᠠᠯᠲᠠ ᠶᠢᠨ | ᠴᠢᠯᠥᠭᠡ ᠶᠢᠨ ᠳᠦᠷᠢᠮ ᠪᠣᠯᠤᠨ ᠬᠡᠦᠬᠡᠳ ᠠᠵᠢᠯᠴᠢᠨ᠂ ᠡᠮᠡᠭᠲᠡᠶ ᠠᠵᠢᠯᠴᠢᠨ ᠵᠢᠴᠢ ᠨᠠᠰᠤᠨ ᠳᠤ ᠬᠦᠷᠦᠭᠡᠳᠦᠶ | ᠠᠵᠢᠯᠴᠢᠨ ᠢ ᠬᠠᠤᠯᠢ ᠪᠤᠰᠤ ᠪᠠᠷ ᠬᠡᠷᠡᠭᠯᠡᠬᠦ ᠣᠨᠴᠣᠭᠤᠶ ᠬᠥᠳᠡᠯᠮᠦᠷᠢ ᠶᠢᠨ ᠬᠠᠮᠠᠭᠠᠯᠠᠯᠲᠠ ᠶᠢᠨ ᠲᠥᠷᠥ ᠶᠢᠨ | ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ ᠃ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ | ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠥᠳᠡᠯᠮᠦᠷᠢᠯᠡᠭᠴᠢᠳ ᠤᠨ ᠡᠷᠬᠡ ᠪᠠᠨ ᠬᠠᠮᠠᠭᠠᠯᠠᠬᠤ | ᠠᠵᠢᠯ ᠢ ᠥᠷᠨᠢᠭᠦᠯᠬᠦ ᠶᠢ ᠨᠠᠶᠢᠳᠠᠪᠤᠷᠢᠵᠢᠭᠤᠯᠤᠨ᠂ ᠬᠠᠤᠯᠢ ᠰᠠᠬᠢᠯᠭ᠎ᠠ ᠠᠴᠠ ᠵᠥᠷᠢᠴᠡᠭᠰᠡᠨ ᠬᠡᠷᠡᠭ ᠢ ᠬᠠᠤᠯᠢ | ᠶᠣᠰᠣᠭᠠᠷ ᠰᠢᠶᠳᠪᠦᠷᠢᠯᠡᠨ᠎ᠡ᠃ | ᠳᠣᠯᠤᠭ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠰᠢᠶᠠᠨ ᠤ ᠠᠵᠢᠯ ᠦᠢᠯᠡᠰ ᠤᠨ | ᠨᠢᠭᠡᠴᠡ ᠶᠢᠨ ᠠᠵᠢᠯᠲᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠵᠢᠯᠣᠭᠤᠳᠴᠤ᠂ ᠡᠷᠬᠡ ᠮᠡᠳᠡᠯ ᠤᠨ | ᠶᠣᠰᠣᠭᠠᠷ ᠠᠵᠢᠯ ᠦᠢᠯᠡᠰ ᠤᠨ ᠨᠢᠭᠡᠴᠡ ᠶᠢᠨ ᠠᠵᠢᠯ ᠤᠨ ᠪᠠᠶᠢᠷᠢ ᠲᠣᠬᠢᠷᠠᠭᠤᠯᠬᠤ᠂ ᠢᠯᠡ ᠪᠠᠷ ᠤᠷᠢᠬᠤ᠂ ᠤᠷᠢᠵᠤ | ᠬᠡᠷᠡᠭᠯᠡᠬᠦ ᠭᠡᠷ᠎ᠡ ᠵᠡᠷᠭᠡ ᠠᠵᠢᠯᠲᠠᠨ ᠤ ᠶᠠᠪᠤᠳᠠᠯ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ | ᠵᠢᠷᠤᠮᠵᠢᠭᠤᠯᠵᠤ᠂ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠪᠣᠯᠤᠨ ᠪᠠᠶᠢᠭᠤᠯᠤᠯᠭ᠎ᠠ ᠶᠢᠨ ᠦᠢᠯᠡᠴᠢᠯᠡᠭᠡᠨ ᠤ | ᠠᠵᠢᠯᠲᠠᠨ ᠤ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃ | ᠨᠠᠶᠮᠠ᠂ ᠮᠡᠷᠭᠡᠵᠢᠯ ᠤᠨ ᠴᠣᠯᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠲᠤᠰᠬᠠᠶ | ᠮᠡᠷᠭᠡᠵᠢᠯ ᠤᠨ ᠠᠵᠢᠯᠲᠠᠨ ᠤ ᠬᠠᠮᠢᠶᠠᠷᠤᠯᠲᠠ ᠵᠡᠷᠭᠡ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ᠂ ᠳᠡᠭᠡᠳᠦ ᠳᠡᠰ ᠳᠠᠪᠬᠤᠷᠭ᠎ᠠ ᠶᠢᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠰᠢᠯᠢᠨ | ᠳᠡᠪᠰᠢᠭᠦᠯᠬᠦ ᠪᠠ ᠬᠥᠮᠦᠵᠢᠭᠦᠯᠬᠦ ᠠᠵᠢᠯ ᠢ ᠬᠠᠷᠢᠭᠤᠴᠠᠬᠤ᠂ ᠤᠯᠤᠰ ( ᠬᠢᠯᠢ ) ᠤᠨ ᠭᠠᠳᠠᠨᠠᠬᠢ ᠲᠤᠰᠬᠠᠶ | ᠮᠡᠷᠭᠡᠵᠢᠯᠲᠡᠨ᠂ ᠭᠠᠳᠠᠭᠠᠳᠤ ᠳᠤ ᠰᠤᠷᠤᠯᠴᠠᠭᠰᠠᠳ ᠢ ᠲᠠᠲᠠᠵᠤ ᠰᠢᠶᠠᠨ ᠳᠤ ᠣᠴᠢᠭᠤᠯᠬᠤ ᠠᠵᠢᠯ ᠤᠨ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠲᠥᠷᠥᠯ ᠤᠨ ᠲᠤᠰᠬᠠᠶ ᠮᠡᠷᠭᠡᠵᠢᠯ ᠤᠨ ᠬᠢᠷᠢ ᠬᠡᠮ ᠢ | ᠦᠨᠡᠯᠡᠨ ᠲᠣᠭᠲᠠᠭᠠᠬᠤ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ᠂ ᠦᠨᠡᠯᠡᠬᠦ᠂ ᠬᠡᠷᠡᠭᠯᠡᠬᠦ ᠪᠠ | ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠵᠤᠷᠰᠢᠯ ᠶᠣᠰᠣᠭᠠᠷ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ ᠃ ᠡᠷᠬᠢᠯᠡᠭᠰᠡᠨ ᠠᠵᠢᠯ ᠤᠨ ᠬᠢᠷᠢ ᠬᠡᠮ ᠤᠨ ᠳᠦᠷᠢᠮ ᠤᠨ ᠬᠠᠮᠢᠶ᠎ᠠ ᠪᠦᠬᠦᠢ ᠲᠥᠷᠥ | ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠡᠷᠬᠢᠯᠡᠭᠰᠡᠨ ᠠᠵᠢᠯ ᠤᠨ ᠮᠡᠷᠭᠡᠵᠢᠯ ᠤᠨ ᠴᠢᠳᠠᠪᠤᠷᠢ ᠶᠢ ᠣᠯᠠᠨ | ᠡᠰᠢᠵᠢᠭᠦᠯᠦᠨ ᠦᠨᠡᠯᠡᠬᠦ ᠲᠣᠭᠲᠠᠴᠠ ᠶᠢ ᠪᠠᠶᠢᠭᠤᠯᠬᠤ ᠬᠡᠷᠡᠭᠲᠡᠶ᠃ | ᠶᠢᠰᠦ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠬᠥᠬᠢᠭᠦᠯᠦᠨ ᠱᠠᠩᠨᠠᠬᠤ ᠳᠦᠷᠢᠮ ᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠣᠯᠭᠤᠭᠰᠠᠨ ᠡᠷᠬᠡ ᠶᠢ ᠦᠨᠳᠦᠰᠦᠯᠡᠨ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠨᠡᠷ᠎ᠡ ᠪᠠᠷ ᠥᠷᠨᠢᠭᠦᠯᠦᠭᠰᠡᠨ ᠰᠢᠶᠠᠨ ᠤ ᠱᠠᠲᠤᠨ ᠤ ᠬᠥᠬᠢᠭᠦᠯᠦᠨ ᠱᠠᠩᠨᠠᠬᠤ ᠠᠵᠢᠯᠯᠠᠭ᠎ᠠ ᠶᠢ ᠳᠠᠭᠠᠭᠠᠨ | ᠡᠷᠬᠢᠯᠡᠨ᠎ᠡ ᠃ | ᠠᠷᠪᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠵᠢᠯ ᠦᠢᠯᠡᠰ ᠤᠨ ᠨᠢᠭᠡᠴᠡ ᠶᠢᠨ | ᠠᠵᠢᠯᠲᠠᠨ ᠤ ᠴᠠᠯᠢᠩ ᠤᠨ ᠣᠷᠣᠯᠭ᠎ᠠ ᠶᠢᠨ ᠬᠤᠪᠢᠶᠠᠷᠢᠯᠠᠯᠲᠠ ᠶᠢᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠬᠡᠷᠡᠭᠲᠡᠶ ᠃ ᠪᠦᠬᠦ ᠰᠢᠶᠠᠨ ᠤ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ | ᠠᠵᠢᠯᠲᠠᠨ ᠤ ᠴᠠᠯᠢᠩ ᠠᠰᠠᠷᠠᠮᠵᠢ ᠪᠠ ᠠᠵᠢᠯ ᠠᠴᠠ ᠠᠮᠠᠷᠠᠵᠤ ᠠᠵᠢᠯ ᠠᠴᠠ ᠪᠠᠭᠤᠬᠤ ᠠᠵᠢᠯ ᠢ ᠶᠡᠷᠦᠩᠬᠡᠶᠢᠯᠡᠨ | ᠬᠠᠮᠢᠶᠠᠷᠤᠨ᠎ᠠ ᠃ | ᠠᠷᠪᠠᠨ ᠨᠢᠭᠡ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠠᠷᠢᠶᠠᠴᠢᠨ ᠮᠠᠯᠴᠢᠨ ᠬᠦᠴᠦ | ᠶᠠᠪᠤᠭᠰᠠᠳ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠠᠷᠢᠶᠠᠴᠢᠨ | ᠮᠠᠯᠴᠢᠨ ᠬᠦᠴᠦ ᠶᠠᠪᠤᠭᠰᠠᠳ ᠤᠨ ᠠᠵᠢᠯ ᠤᠨ ᠳᠤᠮᠳᠠᠬᠢ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠵᠣᠬᠢᠴᠠᠭᠤᠯᠤᠨ | ᠰᠢᠶᠳᠪᠦᠷᠢᠯᠡᠵᠦ᠂ ᠲᠠᠷᠢᠶᠠᠴᠢᠨ ᠮᠠᠯᠴᠢᠨ ᠬᠦᠴᠦ ᠶᠠᠪᠤᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ | ᠬᠡᠷᠡᠭᠲᠡᠶ ᠃ | ᠠᠷᠪᠠ᠂ ᠵᠥᠪᠰᠢᠶᠡᠷᠡᠯ ᠤᠨ ᠡᠷᠬᠡ ᠶᠢ ᠬᠠᠷᠢᠴᠠᠩᠭᠤᠢ ᠪᠠᠷ ᠲᠥᠪᠯᠡᠷᠡᠭᠦᠯᠬᠦ ᠥᠭᠡᠷᠡᠴᠢᠯᠡᠯᠲᠡ ᠶᠢᠨ ᠱᠠᠭᠠᠷᠳᠠᠯᠭ᠎ᠠ | ᠶᠢ ᠦᠨᠳᠦᠰᠦᠯᠡᠨ᠂ ᠰᠢᠶᠠᠨ ᠤ ᠵᠠᠰᠠᠭ ᠤᠨ ᠣᠷᠳᠣᠨ ᠠᠴᠠ ᠬᠤᠪᠢᠶᠠᠷᠢᠯᠠᠨ ᠰᠢᠯᠵᠢᠭᠦᠯᠦᠭᠰᠡᠨ ᠬᠢᠨᠠᠨ ᠵᠥᠪᠰᠢᠶᠡᠷᠡᠬᠦ | ᠵᠦᠢᠯᠡᠰ ᠲᠤ ᠬᠢᠨᠠᠨ ᠵᠥᠪᠰᠢᠶᠡᠷᠡᠬᠦ ᠲᠤᠰᠢᠶᠠᠯ ᠬᠠᠷᠢᠭᠤᠴᠠᠯᠭ᠎ᠠ ᠶᠢ ᠡᠭᠦᠷᠭᠡᠯᠡᠬᠦ ᠦᠭᠡᠢ᠂ ᠬᠢᠨᠠᠨ ᠬᠠᠮᠢᠶᠠᠷᠬᠤ | ᠲᠤᠰᠢᠶᠠᠯ ᠬᠠᠷᠢᠭᠤᠴᠠᠯᠭ᠎ᠠ ᠶᠢ ᠡᠭᠦᠷᠭᠡᠯᠡᠨ᠎ᠡ ᠃ | ᠠᠷᠪᠠᠨ ᠭᠤᠷᠪᠠ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠲᠤᠰᠢᠶᠠᠭᠰᠠᠨ | ᠪᠤᠰᠤᠳ ᠡᠭᠦᠷᠭᠡ ᠶᠢ ᠪᠡᠶᠡᠯᠡᠭᠦᠯᠦᠨ᠎ᠡ ᠃ | ᠠᠷᠪᠠᠨ ᠳᠦᠷᠪᠡ᠂ ᠡᠭᠦᠷᠭᠡ ᠴᠢᠳᠠᠪᠤᠷᠢ ᠶᠢ ᠬᠤᠪᠢᠷᠠᠭᠤᠯᠬᠤ ᠃ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ | ᠪᠠᠭᠤᠯᠭᠠᠬᠤ᠂ ᠴᠢᠯᠥᠭᠡᠲᠡᠢ ᠪᠣᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ | ᠥᠭᠡᠷᠡᠴᠢᠯᠡᠯᠲᠡ ᠶᠢ ᠭᠦᠨᠵᠡᠭᠡᠢ ᠲᠦᠯᠬᠢᠨ ᠠᠬᠢᠭᠤᠯᠵᠤ᠂ ᠭᠠᠳᠠᠭᠰᠢ ᠭᠦᠢᠴᠡᠳᠬᠡᠬᠦ ᠵᠦᠢᠯᠡᠰ ᠢ ᠵᠢᠷᠤᠮᠵᠢᠭᠤᠯᠤᠨ | ᠰᠢᠯᠢᠳᠡᠭᠵᠢᠭᠦᠯᠵᠦ᠂ ᠤᠯᠤᠰ ᠤᠨ ᠠᠵᠢᠯ ᠮᠡᠷᠭᠡᠵᠢᠯ ᠤᠨ ᠬᠢᠷᠢ ᠬᠡᠮ ᠤᠨ ᠲᠦᠷᠢᠮ ᠢ ᠨᠠᠶᠢᠳᠠᠪᠤᠷᠢᠵᠢᠭᠤᠯᠵᠤ᠂ ᠤᠴᠢᠷ | ᠶᠠᠪᠤᠳᠠᠯ ᠤᠨ ᠳᠤᠮᠳᠠᠬᠢ ᠪᠠ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠵᠢᠯ ᠣᠯᠭᠤᠯᠲᠠ ᠪᠠ | ᠨᠡᠶᠢᠭᠡᠮ ᠤᠨ ᠪᠠᠲᠤᠯᠠᠭ᠎ᠠ ᠵᠡᠷᠭᠡ ᠤᠯᠠᠨ ᠨᠡᠶᠢᠲᠡ ᠶᠢᠨ ᠦᠢᠯᠡᠴᠢᠯᠡᠭᠡᠨ ᠤ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ | ᠡᠭᠦᠳᠴᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠵᠤ᠂ ᠤᠯᠠᠨ ᠨᠡᠶᠢᠲᠡ ᠶᠢᠨ ᠦᠢᠯᠡᠴᠢᠯᠡᠭᠡᠨ ᠤ | ᠬᠢᠷᠢ ᠲᠦᠪᠰᠢᠨ ᠢ ᠳᠡᠭᠡᠭᠰᠢᠯᠡᠭᠦᠯᠦᠨ᠎ᠡ ᠃ |