ᠣᠯᠣᠰ ᠤᠨ ᠭᠠᠵᠠᠷ ᠰᠢᠷᠣᠢ ᠡᠬᠢ ᠪᠠᠶᠠᠯᠢᠭ ᠤᠨ ᠲᠤᠪᠴᠢᠶ᠎ᠠ
ᠨᠡᠶᠢᠲᠡᠯᠡᠭᠰᠡᠨ ᠴᠠᠭ᠄
2024/3/4
   ︵ᠨᠢᠭᠡ ︶ ᠭᠠᠵᠠᠷ ᠰᠢᠷᠣᠢ ᠶᠢᠨ ᠡᠬᠢ ᠪᠠᠶᠠᠯᠢᠭ ᠪᠠ ᠠᠭᠤᠷᠬᠠᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠵᠣᠬᠢᠰᠲᠠᠢ ᠠᠰᠢᠭᠯᠠᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠪᠦᠬᠦ ᠰᠢᠶᠠᠨ ᠤ ᠭᠠᠵᠠᠷ ᠰᠢᠷᠣᠢ ᠶᠢ ᠠᠰᠢᠭᠯᠠᠬᠤ ᠶᠡᠷᠣᠩᠬᠡᠢ ᠲᠥᠯᠥᠪᠵᠢᠭᠦᠯᠭᠡ᠂ ᠠᠭᠤᠷᠬᠠᠢ ᠶᠢᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ᠂ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ᠂ ᠥᠨᠳᠤᠰᠤᠨ ᠬᠡᠮᠵᠢᠨ ᠵᠢᠷᠤᠭᠯᠠᠬᠤ ᠲᠥᠯᠥᠪᠵᠢᠭᠦᠯᠭᠡ ᠶᠢ ᠵᠤᠭᠢᠶᠠᠨ ᠪᠠᠶᠢᠭᠤᠯᠤᠨ ᠨᠠᠶᠢᠷᠠᠭᠤᠯᠤᠨ ᠵᠤᠬᠢᠶᠠᠬᠤ ᠶᠢᠨ ᠬᠠᠮᠲᠤ ᠬᠠᠷᠢᠭᠤᠴᠠᠨ ᠭᠡᠷᠩᠵᠢᠭᠦᠯᠦᠨ᠎ᠡ᠃ ᠣᠯᠣᠰ ᠤᠨ ᠭᠠᠵᠠᠷ ᠰᠢᠷᠣᠢ ᠡᠬᠢ ᠪᠠᠶᠠᠯᠢᠭ ᠤᠨ ᠠᠵᠣ ᠠᠬᠤᠢ ᠶᠢᠨ ᠪᠠᠶᠢᠳᠠᠯ ᠤᠨ ᠵᠠᠳᠠᠯᠣᠨ ᠰᠢᠨᠵᠢᠯᠡᠯᠲᠡ ᠶᠢ ᠥᠷᠨᠢᠭᠦᠯᠵᠦ᠂ ᠪᠦᠬᠦ ᠰᠢᠶᠠᠨ ᠤ ᠣᠯᠣᠰ ᠤᠨ ᠭᠠᠵᠠᠷ ᠰᠢᠷᠣᠢ ᠡᠬᠢ ᠪᠠᠶᠠᠯᠢᠭ ᠤᠨ ᠬᠠᠩᠭᠠᠯᠭ᠎ᠠ ᠬᠡᠷᠡᠭᠴᠡᠭᠡ ᠶᠢᠨ ᠪᠦᠬᠦ ᠬᠡᠮᠵᠢᠶ᠎ᠡ ᠶᠢ ᠲᠡᠩᠴᠡᠭᠦᠷᠢᠭᠦᠯᠬᠦ ᠲᠦᠷᠦ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠣᠳᠣᠯᠣᠨ ᠳᠣᠷᠠᠳᠣᠨ᠎ᠠ᠃ ᠣᠯᠣᠰ ᠤᠨ ᠭᠠᠵᠠᠷ ᠰᠢᠷᠣᠢ ᠡᠬᠢ ᠪᠠᠶᠠᠯᠢᠭ ᠡᠵᠡᠮᠰᠢᠨ ᠲᠣᠬᠢᠷᠠᠭᠤᠯᠬᠤ ᠤᠯᠤᠰ ᠤᠨ ᠲᠦᠷᠦ ᠶᠢᠨ ᠪᠣᠳᠣᠯᠭ᠎ᠠ ᠶᠢ ᠨᠠᠶᠢᠳᠠᠪᠣᠷᠢᠵᠢᠭᠤᠯᠵᠣ᠂ ᠥᠪᠡᠷᠲᠡᠭᠡᠨ ᠵᠠᠰᠠᠬᠤ ᠣᠷᠣᠨ ᠤ ᠠᠵᠣ ᠠᠬᠤᠢ ᠶᠢᠨ ᠠᠵᠢᠯᠯᠠᠭᠠᠨ᠂ ᠣᠷᠣᠨ ᠲᠣᠭᠤᠷᠢᠭ ᠤᠨ ᠵᠣᠬᠢᠴᠠᠭᠤᠯᠭ᠎ᠠ᠂ ᠬᠤᠲᠠ ᠬᠥᠳᠡᠭᠡ ᠶᠢᠨ ᠨᠢᠭᠡᠳᠦᠯᠲᠡᠢ ᠲᠥᠯᠥᠪᠵᠢᠭᠦᠯᠭᠡ ᠶᠢᠨ ᠰᠣᠳᠣᠯᠭᠠᠨ ᠳᠤ ᠣᠷᠣᠯᠴᠠᠬᠤ ᠶᠢᠨ ᠬᠠᠮᠲᠤ ᠣᠯᠣᠰ ᠤᠨ ᠭᠠᠵᠠᠷ ᠰᠢᠷᠣᠢ ᠡᠬᠢ ᠪᠠᠶᠠᠯᠢᠭ ᠤᠨ ᠡᠵᠡᠮᠰᠢᠨ ᠲᠣᠬᠢᠷᠠᠭᠤᠯᠬᠤ ᠲᠠᠢ ᠬᠤᠯᠪᠣᠭᠳᠠᠬᠤ ᠪᠥᠬᠦ ᠰᠢᠶᠠᠨ ᠤ ᠲᠦᠷᠦ ᠶᠢᠨ ᠪᠣᠳᠣᠯᠭ᠎ᠠ ᠪᠣᠯᠣᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠨ᠎ᠠ᠃ ᠪᠥᠬᠦ ᠰᠢᠶᠠᠨ ᠤ ᠣᠯᠣᠰ ᠤᠨ ᠭᠠᠵᠠᠷ ᠰᠢᠷᠣᠢ ᠡᠬᠢ ᠪᠠᠶᠠᠯᠢᠭ ᠤᠨ ᠬᠦᠷᠢᠶ᠎ᠡ ᠬᠡᠪᠴᠢᠶᠡᠨ ᠳᠠᠬᠢ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠦᠨ ᠠᠰᠢᠭᠯᠠᠬᠤ ᠪᠠ ᠣᠷᠴᠢᠯᠲᠤ ᠠᠵᠣ ᠠᠬᠤᠢ ᠶᠢᠨ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠷᠠᠭᠤᠯᠣᠨ ᠵᠣᠬᠢᠶᠠᠬᠤ ᠶᠢᠨ ᠳᠠᠭᠠᠤ ᠵᠣᠬᠢᠶᠠᠨ ᠪᠠᠶᠢᠭᠤᠯᠣᠨ ᠬᠡᠷᠡᠭᠵᠢᠭᠦᠯᠦᠨ᠎ᠡ᠃   ︵ᠬᠤᠶᠠᠷ ︶ ᠪᠦᠭᠦ ᠰᠢᠶᠠᠨ ᠤ ᠭᠠᠵᠠᠷ ᠰᠢᠷᠣᠢ ᠡᠬᠢ ᠪᠠᠶᠠᠯᠢᠭ ᠤᠨ ᠬᠠᠮᠢᠶᠠᠷᠣᠯᠲᠠ ᠶᠢᠨ ᠡᠮᠬᠢ ᠵᠢᠷᠣᠮ ᠢ ᠳᠦᠷᠢᠮᠵᠢᠭᠦᠯᠬᠦ ᠬᠠᠷᠢᠭᠤᠴᠠᠯᠭ᠎ᠠ ᠶᠢ ᠡᠭᠦᠷᠭᠡᠯᠡᠨ᠎ᠡ᠃ ᠣᠯᠣᠰ ᠤᠨ ᠭᠠᠵᠠᠷ ᠰᠢᠷᠣᠢ᠂ ᠠᠭᠤᠷᠬᠠᠢ ᠶᠢᠨ ᠡᠬᠢ ᠪᠠᠶᠠᠯᠢᠭ ᠪᠣᠯᠣᠨ ᠬᠡᠮᠵᠢᠨ ᠵᠢᠷᠤᠭᠯᠠᠬᠤ ᠵᠡᠷᠭᠡ ᠤᠯᠤᠰ ᠤᠨ ᠬᠠᠣᠯᠢ ᠴᠠᠭᠠᠵᠠ᠂ ᠬᠠᠣᠯᠢ ᠲᠣᠭᠲᠠᠭᠠᠯ ᠢ ᠲᠤᠭᠤᠰᠢᠯᠠᠭᠤᠯᠤᠨ ᠭᠡᠷᠩᠵᠢᠭᠦᠯᠦᠨ᠎ᠡ᠃ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠬᠠᠮᠢᠶᠠᠷᠤᠯᠲᠠ ᠶᠢᠨ ᠭᠠᠵᠠᠷ ᠤᠷᠤᠨ ᠤ ᠲᠥᠷᠢᠮᠵᠢᠬᠦᠨ ᠴᠢᠨᠠᠷᠳᠡᠢ ᠪᠢᠴᠢᠭ ᠮᠡᠲ᠋ᠧᠷᠢᠶᠠᠯ ᠢ ᠰᠤᠳᠤᠯᠤᠨ ᠲᠤᠬᠳᠠᠭᠠᠨ᠎ᠠ᠃ ᠭᠠᠵᠠᠷ ᠰᠢᠷᠣᠢ᠂ ᠠᠭᠤᠷᠬᠠᠢ ᠶᠢᠨ ᠡᠬᠢ ᠪᠠᠶᠠᠯᠢᠭ ᠪᠣᠯᠣᠨ ᠬᠡᠮᠵᠢᠨ ᠵᠢᠷᠤᠭᠯᠠᠬᠤ ᠵᠡᠷᠭᠡ ᠤᠯᠤᠰ ᠤᠨ ᠬᠠᠣᠯᠢ ᠴᠠᠭᠠᠵᠠ᠂ ᠬᠠᠣᠯᠢ ᠲᠣᠭᠲᠠᠭᠠᠯ ᠢ ᠭᠡᠷᠩᠵᠢᠭᠦᠯᠵᠦ ᠪᠠᠶᠢᠭ᠎ᠠ ᠪᠠᠶᠢᠳᠠᠯ ᠵᠢᠴᠢ ᠭᠠᠵᠠᠷ ᠰᠢᠷᠣᠢ᠂ ᠠᠭᠤᠷᠬᠠᠢ ᠶᠢᠨ ᠡᠬᠢ ᠪᠠᠶᠠᠯᠢᠭ ᠤᠨ ᠲᠥᠯᠥᠪᠵᠢᠬᠦᠯᠭᠡ ᠪᠤᠯᠤᠨ ᠬᠡᠮᠵᠢᠨ ᠵᠢᠷᠤᠭᠯᠠᠬᠤ ᠲᠥᠯᠥᠪᠵᠢᠭᠦᠯᠭᠡ ᠶᠢ ᠭᠡᠷᠩᠵᠢᠬᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠨ᠎ᠠ᠃ ᠭᠠᠵᠠᠷ ᠰᠢᠷᠣᠢ᠂ ᠠᠭᠤᠷᠬᠠᠢ ᠶᠢᠨ ᠡᠬᠢ ᠪᠠᠶᠠᠯᠢᠭ ᠪᠣᠯᠣᠨ ᠬᠡᠮᠵᠢᠨ ᠵᠢᠷᠤᠭᠯᠠᠬᠤ ᠬᠠᠣᠯᠢ ᠴᠠᠭᠠᠵᠠ᠂ ᠬᠠᠣᠯᠢ ᠲᠣᠭᠲᠠᠭᠠᠯ ᠤᠨ ᠤᠬᠠᠭᠤᠯᠭ᠎ᠠ ᠬᠦᠮᠦᠵᠢᠯ ᠢ ᠵᠣᠬᠢᠶᠠᠨ ᠪᠠᠶᠢᠭᠤᠯᠣᠨ ᠥᠷᠨᠢᠭᠦᠯᠦᠨ᠎ᠡ᠃   ︵ᠭᠤᠷᠪᠠ ︶ ᠪᠦᠬᠦ ᠰᠢᠶᠠᠨ ᠳᠠᠬᠢ ᠤᠯᠤᠰ ᠤᠨ ᠭᠠᠵᠠᠷ ᠰᠢᠷᠣᠢ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠪᠦᠬᠦ ᠰᠢᠶᠠᠨ ᠤ ᠭᠠᠵᠠᠷ ᠰᠢᠷᠣᠢ ᠶᠢᠨ ᠠᠰᠢᠭᠯᠠᠯᠲᠠ ᠶᠢᠨ ᠶᠡᠷᠦᠩᠬᠡᠢ ᠲᠦᠯᠦᠪᠵᠢᠭᠦᠯᠭᠡ᠂ ᠭᠠᠵᠠᠷ ᠰᠢᠷᠣᠢ ᠢ ᠴᠡᠭᠴᠡᠯᠡᠨ ᠡᠮᠬᠢᠯᠡᠵᠦ ᠰᠡᠷᠭᠦᠭᠡᠨ ᠬᠠᠭᠠᠯᠪᠤᠷᠢᠯᠠᠵᠤ ᠨᠡᠭᠡᠭᠡᠨ ᠠᠰᠢᠭᠯᠠᠬᠤ ᠲᠦᠯᠦᠪᠵᠢᠭᠦᠯᠭᠡ ᠪᠣᠯᠣᠨ ᠪᠤᠰᠤᠳ ᠲᠣᠰᠬᠠᠢ ᠵᠦᠢᠯ ᠤᠨ ᠲᠦᠯᠦᠪᠵᠢᠭᠦᠯᠭᠡ᠂ ᠲᠦᠯᠦᠪᠯᠡᠭᠡ ᠶᠢ ᠨᠠᠶᠢᠷᠠᠭᠤᠯᠣᠨ ᠵᠣᠬᠢᠶᠠᠬᠤ ᠪᠠ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠠᠭᠤᠷᠬᠠᠢ ᠶᠢᠨ ᠡᠬᠢ ᠪᠠᠶᠠᠯᠢᠭ᠂ ᠬᠡᠮᠵᠢᠨ ᠵᠢᠷᠤᠭᠯᠠᠬᠤ᠂ ᠭᠠᠵᠠᠷ ᠰᠢᠨᠵᠢᠯᠡᠭᠡ ᠶᠢᠨ ᠬᠠᠶᠢᠨ ᠪᠠᠶᠢᠴᠠᠭᠠᠬᠤ ᠪᠠ ᠭᠠᠵᠠᠷ ᠰᠢᠨᠵᠢᠯᠡᠭᠡ ᠶᠢᠨ ᠣᠷᠴᠢᠨ ᠲᠣᠭᠤᠷᠢᠨ ᠵᠡᠷᠭᠡ ᠶᠢᠨ ᠲᠦᠯᠦᠪᠵᠢᠭᠦᠯᠭᠡ ᠵᠢᠴᠢ ᠭᠠᠵᠠᠷ ᠰᠢᠨᠵᠢᠯᠡᠭᠡ ᠶᠢᠨ ᠭᠠᠢ ᠭᠠᠮᠰᠢᠭ ᠤᠨ ᠰᠡᠷᠭᠡᠶᠢᠯᠡᠨ ᠵᠠᠰᠠᠬᠤ᠂ ᠠᠭᠤᠷᠬᠠᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠶᠢᠨ ᠲᠣᠰᠬᠠᠢ ᠵᠦᠢᠯ ᠤᠨ ᠤᠨ ᠲᠦᠯᠦᠪᠵᠢᠭᠦᠯᠭᠡ ᠶᠢ ᠵᠣᠬᠢᠶᠠᠨ ᠪᠠᠶᠢᠭᠤᠯᠵᠤ ᠨᠠᠶᠢᠷᠠᠭᠤᠯᠣᠨ ᠵᠣᠬᠢᠶᠠᠬᠤ ᠶᠢᠨ ᠬᠠᠮᠲᠤ ᠲᠦᠯᠦᠪᠵᠢᠭᠦᠯᠭᠡ ᠶᠢᠨ ᠬᠡᠷᠡᠭᠵᠢᠭᠦᠯᠦᠭᠳᠡᠭᠰᠡᠨ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠨ᠎ᠠ᠃ ᠪᠦᠬᠦ ᠰᠢᠶᠠᠨ ᠤ ᠡᠯ᠎ᠡ ᠱᠠᠲᠤᠨ ᠤ ᠭᠠᠵᠠᠷ ᠰᠢᠷᠣᠢ ᠶᠢᠨ ᠠᠰᠢᠭᠯᠠᠯᠲᠠ ᠶᠢᠨ ᠶᠡᠷᠦᠩᠬᠡᠢ ᠲᠦᠯᠦᠪᠵᠢᠭᠦᠯᠭᠡ᠂ ᠠᠭᠤᠷᠬᠠᠢ ᠶᠢᠨ ᠡᠬᠢ ᠪᠠᠶᠠᠯᠢᠭ ᠤᠨ ᠲᠦᠯᠦᠪᠵᠢᠭᠦᠯᠭᠡ ᠪᠣᠯᠣᠨ ᠪᠤᠰᠤᠳ ᠲᠤᠰᠬᠠᠢ ᠵᠦᠢᠯ ᠤᠨ ᠲᠦᠯᠦᠪᠵᠢᠭᠦᠯᠭᠡ ᠶᠢ ᠵᠢᠯᠣᠭᠤᠳᠬᠤ ᠪᠠ ᠬᠢᠨᠠᠨ ᠬᠠᠷᠭᠤᠭᠤᠯᠤᠨ᠎ᠠ᠃ ᠪᠦᠬᠦ ᠰᠢᠶᠠᠨ ᠤ ᠭᠠᠵᠠᠷ ᠰᠢᠷᠣᠢ ᠠᠰᠢᠭᠯᠠᠯᠲᠠ ᠶᠢᠨ ᠣᠨ ᠤ ᠲᠦᠯᠦᠪᠯᠡᠭᠡ ᠶᠢᠨ ᠬᠠᠮᠢᠶᠠᠷᠣᠯᠲᠠ ᠶᠢ ᠬᠠᠷᠢᠭᠤᠴᠠᠨ᠎ᠠ᠃   ︵ᠳᠥᠷᠪᠡ ︶ ᠪᠦᠭᠦ ᠰᠢᠶᠠᠨ ᠳᠠᠬᠢ ᠣᠯᠣᠰ ᠤᠨ ᠭᠠᠵᠠᠷ ᠰᠢᠷᠣᠢ ᠡᠬᠢ ᠪᠠᠶᠠᠯᠢᠭ ᠤᠨ ᠡᠷᠬᠡ ᠮᠡᠳᠡᠯ ᠤᠨ ᠬᠡᠪᠴᠢᠶᠡᠨ ᠤ ᠬᠠᠮᠢᠶᠠᠷᠤᠯᠲᠠ ᠶᠢ ᠬᠠᠷᠢᠭᠤᠴᠠᠨ ᠳᠦᠷᠢᠮᠵᠢᠭᠦᠯᠦᠨ᠎ᠡ᠃ ᠭᠠᠵᠠᠷ ᠰᠢᠷᠤᠢ ᠶᠢᠨ ᠡᠬᠢ ᠪᠠᠶᠠᠯᠢᠭ ᠤᠨ ᠤᠳᠤᠬᠢ ᠪᠠᠶᠢᠳᠠᠯ ᠶᠢᠨ ᠪᠠᠶᠢᠴᠠᠭᠠᠯᠲᠠ᠂ ᠬᠥᠳᠠᠯᠥᠩᠭᠦᠢ ᠬᠡᠮᠵᠢᠨ ᠵᠢᠷᠤᠭᠯᠠᠬᠤ᠂ ᠭᠠᠵᠠᠷ ᠰᠢᠷᠤᠢ ᠶᠢᠨ ᠡᠷᠭᠡ ᠬᠠᠷᠢᠶ᠎ᠠ ᠶᠢᠨ ᠪᠠᠶᠢᠴᠠᠭᠠᠯᠲᠠ᠂ ᠬᠤᠪᠢᠷᠠᠭᠤᠯᠤᠬᠰᠠᠨ ᠪᠠᠶᠢᠴᠠᠭᠠᠯᠲᠠ ᠵᠢᠴᠢ ᠪᠥᠷᠢᠳᠭᠡᠯ ᠢ ᠵᠤᠬᠢᠶᠠᠨ ᠪᠠᠶᠢᠭᠤᠯᠤᠨ᠎ᠠ᠃ ᠭᠠᠵᠠᠷ ᠰᠢᠷᠤᠢ ᠶᠢᠨ ᠡᠷᠭᠡ ᠮᠡᠳᠡᠯ ᠤᠨ ᠴᠢᠬᠤᠯᠠ ᠶᠡᠭᠡ ᠵᠢᠭᠤᠷᠠᠯᠳᠤᠭᠠᠨ ᠢ ᠵᠤᠬᠢᠴᠠᠭᠤᠯᠤᠨ᠂ ᠭᠠᠵᠠᠷ ᠰᠢᠷᠣᠢ ᠡᠬᠢ ᠪᠠᠶᠠᠯᠢᠭ ᠪᠣᠯᠣᠨ ᠠᠭᠤᠷᠬᠠᠢ ᠶᠢᠨ ᠡᠬᠢ ᠪᠠᠶᠠᠯᠢᠭ ᠤᠨ ᠥᠮᠴᠢᠯᠡᠭᠴᠢ ᠪᠠ ᠬᠡᠷᠡᠭᠯᠡᠭᠴᠢ ᠶᠢᠨ ᠬᠠᠤᠯᠢ ᠶᠣᠰᠣᠨ ᠤ ᠡᠷᠬᠡ ᠶᠢ ᠬᠠᠤᠯᠢ ᠶᠣᠰᠣᠭᠠᠷ ᠬᠠᠮᠠᠭᠠᠯᠠᠨ᠎ᠠ᠃ ᠥᠨᠳᠤᠰᠤᠨ ᠬᠡᠮᠵᠢᠨ ᠵᠢᠷᠤᠭᠯᠠᠬᠤ᠂ ᠭᠠᠵᠠᠷ ᠰᠢᠷᠤᠢ ᠶᠢᠨ ᠡᠷᠭᠡ ᠮᠡᠳᠡᠯ ᠤᠨ ᠬᠡᠮᠵᠢᠨ ᠵᠢᠷᠤᠭᠯᠠᠬᠤ ᠪᠤᠯᠤᠨ ᠪᠤᠰᠤᠳ ᠬᠡᠮᠵᠢᠨ ᠵᠢᠷᠤᠭᠯᠠᠬᠤ ᠲᠥᠷᠥᠯ ᠵᠦᠢᠯ ᠢ ᠵᠤᠬᠢᠶᠠᠨ ᠪᠠᠶᠢᠭᠤᠯᠤᠨ ᠨᠠᠶᠢᠷᠠᠭᠤᠯᠤᠨ᠎ᠠ᠃ ᠬᠡᠮᠵᠢᠨ ᠵᠢᠷᠤᠭᠯᠠᠬᠤ ᠨᠢᠭᠡᠴᠡ ᠶᠢᠨ ᠬᠢᠷᠢ ᠭᠡᠮ ᠢ ᠬᠢᠨᠠᠨ ᠬᠠᠷᠭᠤᠭᠤᠯᠬᠤ᠂ ᠬᠡᠮᠵᠢᠯᠲᠡ ᠶᠢᠨ ᠲᠡᠮᠳᠡᠭ ᠢ ᠬᠠᠮᠠᠭᠠᠯᠠᠬᠤ᠂ ᠭᠠᠵᠠᠷ ᠤᠨ ᠵᠢᠷᠤᠭ ᠢ ᠨᠠᠶᠢᠷᠠᠭᠤᠯᠬᠤ ᠠᠵᠢᠯ ᠢ ᠬᠠᠮᠢᠶᠠᠷᠤᠨ᠎ᠠ᠃   ︵ᠲᠠᠪᠤ ︶ ᠪᠦᠬᠦ ᠰᠢᠶᠠᠨ ᠤ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠬᠠᠷᠢᠭᠤᠴᠠᠯᠭ᠎ᠠ ᠡᠭᠦᠷᠭᠡᠯᠡᠨ᠎ᠡ᠃ ᠲᠡᠷᠢᠶᠠᠨ ᠭᠠᠵᠠᠷ ᠤᠨ ᠤᠨᠴᠠᠭᠠᠢ ᠬᠠᠮᠠᠭᠠᠯᠠᠯᠲᠠ᠂ ᠲᠡᠷᠢᠶᠠᠨ ᠭᠠᠵᠠᠷ ᠤᠨ ᠬᠠᠮᠠᠭᠠᠯᠠᠯᠲᠠ᠂ ᠭᠠᠵᠠᠷ ᠰᠢᠷᠤᠢ ᠶᠢ ᠴᠡᠭᠴᠡᠯᠡᠨ ᠵᠠᠰᠠᠬᠤ᠂ ᠲᠡᠷᠢᠶᠡᠯᠠᠩ ᠳᠤ ᠭᠡᠷᠩᠯᠡᠬᠦ ᠭᠠᠵᠠᠷ ᠢ ᠰᠢᠯᠵᠢᠬᠦᠯᠦᠨ ᠭᠡᠷᠩᠯᠡᠬᠦ᠂ ᠠᠰᠢᠭᠯᠠᠭᠠᠳᠤᠢ ᠭᠠᠵᠠᠷ ᠰᠢᠷᠤᠢ ᠶᠢ ᠨᠡᠭᠡᠭᠡᠨ ᠠᠰᠢᠭᠯᠠᠬᠤ᠂ ᠭᠠᠵᠠᠷ ᠰᠢᠷᠤᠢ ᠲᠢᠭᠯᠡᠨ ᠡᠮᠬᠢᠯᠡᠬᠦ᠂ ᠭᠠᠵᠠᠷ ᠰᠢᠷᠤᠢ ᠶᠢ ᠰᠡᠷᠭᠦᠭᠡᠨ ᠬᠠᠭᠠᠯᠪᠤᠷᠢᠯᠠᠬᠤ ᠲᠥᠷᠥ ᠶᠢᠨ ᠪᠤᠳᠤᠯᠭ᠎ᠠ ᠲᠥᠷᠢᠮ ᠲᠤᠬᠳᠠᠭᠠᠯ ᠳᠤ ᠬᠢᠨᠠᠯᠲᠠ ᠲᠡᠯᠪᠢᠨ ᠭᠡᠷᠩᠵᠢᠬᠦᠯᠥᠨ᠎ᠡ᠃ ᠦᠨᠳᠦᠰᠦᠨ ᠲᠠᠷᠢᠶᠠᠯᠠᠬᠤ ᠭᠠᠵᠠᠷ ᠤᠨ ᠬᠠᠮᠠᠭᠠᠯᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠡᠷᠢᠶᠡᠯᠠᠩ ᠳᠤ ᠭᠡᠷᠩᠯᠡᠬᠦ ᠭᠠᠵᠠᠷ ᠤᠨ ᠭᠡᠷᠩᠴᠡᠭᠡᠨ ᠤ ᠬᠢᠨᠠᠨ ᠵᠠᠬᠢᠷᠬᠤ ᠶᠢ ᠬᠡᠷᠩᠵᠢᠬᠦᠯᠦᠨ᠎ᠡ᠃   ︵ᠵᠢᠷᠭᠤᠭ᠎ᠠ ︶ ᠭᠠᠵᠠᠷ ᠰᠢᠷᠣᠢ ᠡᠬᠢ ᠪᠠᠶᠠᠯᠢᠭ ᠤᠨ ᠠᠷᠪᠢᠯᠠᠵᠤ ᠡᠷᠴᠢᠮᠵᠢᠭᠦᠯᠦᠨ ᠠᠰᠢᠭᠯᠠᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠣᠯᠣᠰ ᠤᠨ ᠬᠠᠮᠢᠶ᠎ᠠ ᠪᠦᠬᠦᠢ ᠭᠠᠵᠠᠷ ᠰᠢᠷᠣᠢ ᠶᠢᠨ ᠨᠡᠭᠡᠭᠡᠨ ᠠᠰᠢᠭᠯᠠᠬᠤ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠲᠠ ᠬᠥᠳᠡᠭᠡ ᠶᠢᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠠᠩᠭᠠᠯᠭ᠎ᠠ᠂ ᠭᠠᠵᠠᠷ ᠰᠢᠷᠣᠢ ᠶᠢ ᠨᠡᠭᠡᠭᠡᠨ ᠬᠥᠭᠵᠢᠭᠦᠯᠬᠦ ᠪᠠ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠵᠢᠯᠣᠭᠤᠳᠤᠨ᠂ ᠬᠠᠮᠢᠶᠠᠷᠬᠤ ᠪᠠ ᠬᠢᠨᠠᠯᠲᠠ ᠲᠠᠯᠪᠢᠨ᠎ᠠ᠃ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢᠨ ᠬᠢᠮᠳᠠ ᠦᠨ᠎ᠡ ᠪᠠᠷ ᠬᠤᠳᠠᠯᠳᠤᠬᠤ᠂ ᠲᠦᠷᠢᠶᠡᠰᠦᠯᠡᠬᠦ᠂ ᠦᠨ᠎ᠡ ᠬᠠᠩᠰᠢ ᠲᠣᠭᠲᠠᠭᠠᠨ ᠪᠡᠯᠡ ᠣᠷᠣᠭᠤᠯᠬᠤ᠂ ᠰᠢᠯᠵᠢᠭᠦᠯᠦᠨ ᠥᠭᠬᠦ ᠵᠡᠷᠭᠡ ᠬᠠᠮᠢᠶᠠᠷᠣᠯᠲᠠ ᠶᠢᠨ ᠠᠷᠭ᠎ᠠ ᠶᠢ ᠲᠣᠭᠲᠠᠭᠠᠯ ᠶᠣᠰᠣᠭᠠᠷ ᠵᠣᠬᠢᠶᠠᠨ ᠪᠠᠶᠢᠭᠤᠯᠣᠨ ᠬᠡᠷᠡᠭᠵᠢᠭᠦᠯᠵᠦ᠂ ᠭᠠᠵᠠᠷ ᠰᠢᠷᠣᠢ ᠶᠢᠨ ᠰᠠᠭᠤᠷᠢ ᠪᠠᠷᠢᠮᠵᠢᠶᠠᠲᠤ ᠦᠨ᠎ᠡ᠂ ᠪᠠᠷᠢᠮᠵᠢᠶᠠᠲᠤ ᠲᠣᠭᠲᠠᠮᠠᠯ ᠦᠨ᠎ᠡ ᠵᠡᠷᠭᠡ ᠵᠠᠰᠠᠭ ᠤᠨ ᠣᠷᠳᠣᠨ ᠠᠴᠠ ᠢᠯᠡ ᠵᠠᠷᠯᠠᠬᠤ ᠭᠠᠵᠠᠷ ᠤᠨ ᠦᠨ᠎ᠡ ᠶᠢᠨ ᠳᠦᠷᠢᠮ ᠢ ᠪᠠᠶᠢᠭᠤᠯᠤᠨ᠎ᠠ᠃ ᠲᠠᠷᠢᠶᠠᠯᠠᠩ ᠮᠠᠯ ᠠᠵᠣ ᠠᠬᠤᠢ ᠶᠢᠨ ᠰᠠᠯᠠᠭ᠎ᠠ ᠮᠦᠴᠢᠷ ᠲᠠᠢ ᠬᠠᠮᠲᠤᠷᠠᠵᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠬᠠᠮᠲᠤ ᠶᠢᠨ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠡᠷᠭᠢᠯᠳᠦᠭᠦᠯᠦᠨ ᠰᠢᠯᠵᠢᠭᠦᠯᠬᠦ ᠳᠤ ᠬᠢᠨᠠᠯᠲᠠ ᠲᠠᠯᠪᠢᠨ᠎ᠠ᠃ ᠣᠯᠣᠰ ᠠᠴᠠ ᠴᠠᠭᠠᠵᠠᠯᠠᠭᠰᠠᠨ ᠪᠠ ᠬᠢᠵᠠᠭᠠᠷᠯᠠᠭᠰᠠᠨ ᠭᠠᠵᠠᠷ ᠬᠠᠩᠭᠠᠬᠤ ᠭᠠᠷᠴᠠᠭ᠂ ᠬᠡᠷᠡᠭᠯᠡᠬᠦ ᠭᠠᠵᠠᠷ ᠤᠨ ᠰᠢᠯᠵᠢᠭᠦᠯᠦᠨ ᠥᠭᠬᠦ ᠭᠠᠷᠴᠠᠭ ᠵᠡᠷᠭᠡ ᠳᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠰᠢᠶᠠᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠬᠢᠨᠠᠨ ᠵᠦᠪᠰᠢᠶᠡᠷᠡᠭᠦᠯᠬᠦ ᠳᠦᠷᠢᠮ ᠤᠨ ᠥᠭᠡᠷᠡᠴᠢᠯᠡᠯᠲᠡ ᠬᠢᠬᠦ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠭᠠᠵᠠᠷ ᠰᠢᠷᠣᠢ ᠬᠥᠷᠥᠩᠭᠡ ᠶᠢᠨ ᠰᠢᠢᠳᠪᠦᠷᠢᠯᠡᠬᠦ ᠶᠢ ᠡᠭᠦᠷᠭᠡᠯᠡᠨ᠎ᠡ᠃   ︵ᠳᠣᠯᠤᠭ᠎ᠠ ︶ ᠪᠥᠭᠦ ᠰᠢᠶᠠᠨ ᠳᠠᠬᠢ ᠣᠯᠣᠰ ᠤᠨ ᠭᠠᠵᠠᠷ ᠰᠢᠷᠣᠢ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠡᠮᠬᠢ ᠵᠢᠷᠤᠮ ᠢ ᠳᠦᠷᠢᠮᠵᠢᠭᠦᠯᠬᠦ ᠬᠠᠷᠢᠭᠤᠴᠠᠯᠭ᠎ᠠ ᠶᠢ ᠡᠭᠦᠷᠭᠡᠯᠡᠨ᠎ᠡ᠃ ᠪᠦᠬᠦ ᠣᠷᠣᠨ ᠤ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠡᠮᠬᠢ ᠵᠢᠷᠤᠮ ᠳᠤ ᠬᠢᠨᠠᠯᠲᠠ ᠲᠠᠯᠪᠢᠨ ᠬᠠᠮᠢᠶᠠᠷᠬᠤ ᠶᠢ ᠬᠠᠷᠢᠭᠤᠴᠠᠵᠤ᠂ ᠭᠠᠵᠠᠷ ᠰᠢᠷᠣᠢ ᠶᠢᠨ ᠵᠠᠬ᠎ᠠ ᠳᠡᠯᠭᠡᠭᠦᠷ ᠤᠨ ᠬᠥᠳᠡᠯᠦᠩᠭᠦᠢ ᠪᠠᠶᠢᠳᠠᠯ ᠪᠣᠯᠣᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ ᠠᠰᠢᠭᠯᠠᠭᠰᠠᠨ ᠪᠠᠶᠢᠳᠠᠯ ᠢ ᠬᠢᠨᠠᠨ ᠰᠢᠯᠭᠠᠵᠤ᠂ ᠭᠠᠵᠠᠷ ᠤᠨ ᠦᠨ᠎ᠡ ᠶᠢ ᠬᠢᠨᠠᠨ ᠰᠢᠯᠭᠠᠬᠤ ᠪᠠ ᠬᠢᠨᠠᠨ ᠵᠠᠬᠢᠷᠴᠤ᠂ ᠠᠭᠤᠷᠬᠠᠢ ᠶᠢᠨ ᠦᠢᠯᠡᠰ ᠤᠨ ᠡᠷᠬᠡ ᠶᠢᠨ ᠵᠠᠬ᠎ᠠ ᠳᠡᠯᠭᠡᠭᠦᠷ ᠢ ᠬᠢᠨᠠᠨ ᠵᠠᠬᠢᠷᠬᠤ ᠪᠠ ᠳᠦᠷᠢᠮᠵᠢᠭᠦᠯᠵᠦ᠂ ᠠᠭᠤᠷᠬᠠᠢ ᠶᠢᠨ ᠦᠢᠯᠡᠰ ᠲᠤ ᠡᠷᠬᠡ ᠬᠦᠷᠲᠡᠭᠰᠡᠨ ᠬᠦᠮᠦᠨ ᠬᠠᠶᠢᠨ ᠪᠠᠶᠢᠴᠠᠭᠠᠯᠲᠠ ᠬᠢᠬᠦ᠂ ᠨᠡᠭᠡᠭᠡᠨ ᠮᠠᠯᠲᠠᠬᠤ ᠠᠵᠢᠯᠯᠠᠭᠠᠨ ᠳᠤ ᠬᠢᠨᠠᠯᠲᠠ ᠲᠠᠯᠪᠢᠨ ᠬᠠᠮᠢᠶᠠᠷᠬᠤ ᠶᠢ ᠵᠣᠬᠢᠶᠠᠨ ᠪᠠᠶᠢᠭᠤᠯᠤᠨ᠎ᠠ᠃ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠬᠤᠯᠪᠣᠭᠳᠠᠯ ᠪᠦᠬᠦᠢ ᠨᠡᠶᠢᠬᠡᠮ ᠤᠨ ᠵᠠᠭᠤᠴᠢ ᠪᠣᠯᠬᠤ ᠵᠣᠬᠢᠶᠠᠨ ᠪᠠᠶᠢᠭᠤᠯᠤᠯᠲᠠ ᠬᠢᠭᠡᠳ ᠦᠢᠯᠡ ᠠᠵᠢᠯᠠᠯᠭ᠎ᠠ ᠶᠢ ᠳᠦᠷᠢᠮᠵᠢᠭᠦᠯᠬᠦ ᠪᠠ ᠬᠢᠨᠠᠯᠲᠠ ᠲᠠᠯᠪᠢᠵᠤ᠂ ᠬᠠᠤᠯᠢ ᠪᠣᠯᠣᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠠᠯᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠬᠡᠨ᠎ᠡ᠃   ︵ᠨᠠᠢᠮᠠ ︶ ᠪᠦᠬᠦ ᠰᠢᠶᠠᠨ ᠤ ᠠᠭᠤᠷᠬᠠᠢ ᠶᠢᠨ ᠡᠬᠢ ᠪᠠᠶᠠᠯᠢᠭ ᠤᠨ ᠨᠡᠭᠡᠭᠡᠯᠲᠡ ᠬᠦᠭᠵᠢᠯᠲᠡ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠠᠭᠤᠷᠬᠠᠢ ᠮᠠᠯᠳᠠᠬᠤ ᠡᠷᠭᠡ ᠶᠢ ᠰᠢᠨ᠎ᠡ ᠪᠠᠷ ᠪᠥᠷᠢᠳᠭᠡᠬᠦᠯᠬᠦ᠂ ᠥᠷᠭᠦᠯᠵᠢᠯᠡᠬᠦᠯᠬᠦ ᠂ ᠬᠤᠪᠢᠷᠠᠭᠤᠯᠬᠤ᠂ ᠰᠢᠯᠵᠢᠬᠦᠯᠬᠦ ᠶᠢ ᠠᠩᠬ᠎ᠠ ᠬᠠᠷᠭᠤᠭᠤᠯᠬᠤ ᠶᠢ ᠬᠠᠤᠯᠢ ᠶᠤᠰᠤᠭᠠᠷ ᠶᠠᠪᠤᠬᠳᠠᠭᠤᠯᠤᠨ᠎ᠠ᠃ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠶᠢᠨ ᠬᠠᠳᠠᠭᠠᠯᠬᠳᠠᠴᠠ ᠶᠢᠨ ᠬᠠᠮᠢᠶᠠᠷᠤᠯᠲᠠ ᠶᠢᠨ ᠠᠷᠭ᠎ᠠ᠂ ᠪᠠᠷᠢᠮᠵᠢᠶ᠎ᠠ ᠂ ᠲᠥᠷᠢᠮ᠂ ᠲᠥᠷᠢᠮᠵᠢᠯ ᠢ ᠵᠤᠬᠢᠶᠠᠨ ᠪᠠᠶᠢᠭᠤᠯᠤᠨ ᠭᠡᠷᠩᠵᠢᠬᠦᠯᠦᠨ᠎ᠡ᠃ ᠠᠭᠤᠷᠬᠠᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠪᠤᠳᠠᠳᠠᠢ ᠠᠷᠭ᠎ᠠ ᠶᠢ ᠰᠤᠳᠤᠯᠤᠨ ᠲᠤᠭᠤᠷᠪᠢᠨ ᠲᠤᠬᠳᠠᠭᠠᠨ᠂ ᠬᠠᠮᠢᠶ᠎ᠠ ᠪᠥᠬᠦᠢ ᠠᠷᠭ᠎ᠠ ᠪᠠᠷᠢᠯ ᠢ ᠲᠤᠬᠳᠠᠭᠠᠨ᠎ᠠ᠃ ᠠᠭᠤᠷᠬᠠᠢ ᠮᠠᠯᠳᠠᠬᠤ ᠮᠠᠷᠭᠤᠯᠳᠤᠭᠠᠨ᠂ ᠵᠢᠭᠤᠷᠠᠯᠳᠤᠭᠠᠨ ᠢ ᠵᠤᠬᠢᠴᠠᠭᠤᠯᠤᠨ ᠰᠢᠢᠳᠪᠤᠷᠢᠯᠠᠨ᠎ᠠ᠃ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠨᠡᠭᠡᠭᠡᠯᠲᠡ᠂ ᠠᠰᠢᠭᠯᠠᠯᠲᠠ᠂ ᠬᠠᠮᠠᠭᠠᠯᠠᠯᠲᠠ ᠳᠤ ᠬᠢᠨᠨᠠᠯᠲᠠ ᠲᠠᠯᠪᠢᠨ ᠬᠠᠮᠢᠶᠠᠷᠤᠨ᠎ᠠ᠃   ︵ᠶᠢᠰᠦ ︶ ᠪᠦᠭᠦ ᠰᠢᠶᠠᠨ ᠤ ᠭᠠᠵᠠᠷ ᠰᠢᠨᠵᠢᠯᠡᠭᠡ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠠᠭᠤᠷᠬᠠᠢ ᠶᠢᠨ ᠭᠠᠵᠠᠷ ᠰᠢᠨᠵᠢᠯᠡᠭᠡ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠵᠣᠬᠢᠶᠠᠨ ᠪᠠᠶᠢᠭᠤᠯᠤᠨ ᠭᠡᠷᠡᠭᠵᠢᠭᠦᠯᠵᠦ᠂ ᠡᠷᠲᠡᠨ ᠤ ᠠᠮᠢᠳᠤ ᠪᠣᠳᠠᠰ ᠤᠨ ᠴᠢᠯᠠᠭᠤᠵᠢᠮᠠᠯ᠂ ᠭᠠᠵᠠᠷ ᠰᠢᠨᠵᠢᠯᠡᠭᠡ ᠶᠢᠨ ᠡᠷᠲᠡᠨ ᠤ ᠪᠠᠭᠤᠷᠢ᠂ ᠠᠭᠤᠷᠬᠠᠢ ᠶᠢᠨ ᠪᠠᠭᠤᠷᠢ ᠵᠡᠷᠭᠡ ᠴᠢᠬᠤᠯᠠ ᠬᠠᠮᠠᠭᠠᠯᠠᠯᠲᠠ ᠶᠢᠨ ᠣᠷᠣᠨ᠂ ᠬᠠᠮᠠᠭᠠᠯᠠᠯᠲᠠ ᠶᠢᠨ ᠭᠠᠵᠠᠷ ᠲᠤ ᠬᠢᠨᠠᠯᠲᠠ ᠲᠠᠯᠪᠢᠨ ᠬᠠᠮᠢᠶᠠᠷᠤᠨ᠎ᠠ᠃ ᠬᠤᠲᠠ ᠶᠢᠨ ᠭᠠᠵᠠᠷ ᠰᠢᠨᠵᠢᠯᠡᠭᠡ᠂ ᠲᠠᠷᠢᠶᠠᠯᠠᠩ ᠤᠨ ᠭᠠᠵᠠᠷ ᠰᠢᠨᠵᠢᠯᠡᠭᠡ᠂ ᠵᠢᠭᠤᠯᠴᠢᠯᠠᠯ ᠤᠨ ᠭᠠᠵᠠᠷ ᠰᠢᠨᠵᠢᠯᠡᠭᠡ ᠶᠢᠨ ᠬᠠᠶᠢᠨ ᠪᠠᠶᠢᠴᠠᠭᠠᠬᠤ ᠪᠠ ᠦᠨᠡᠯᠡᠬᠦ ᠠᠵᠢᠯ ᠢ ᠡᠭᠦᠷᠭᠡᠯᠡᠨ᠎ᠡ᠃   ︵ᠠᠷᠪᠠ ︶ ᠪᠦᠬᠦ ᠰᠢᠶᠠᠨ ᠤ ᠭᠠᠵᠠᠷ ᠬᠥᠷᠥᠰᠥᠨ ᠤ ᠭᠠᠢ ᠭᠠᠮᠰᠢᠭ ᠢ ᠰᠡᠷᠭᠡᠶᠢᠯᠡᠬᠦ ᠪᠠ ᠵᠠᠰᠠᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠪᠦᠬᠦ ᠰᠢᠶᠠᠨ ᠤ ᠭᠠᠵᠠᠷ ᠬᠥᠷᠥᠰᠥᠨ ᠤ ᠭᠠᠢ ᠭᠠᠮᠰᠢᠭ ᠲᠤ ᠰᠡᠷᠭᠡᠶᠢᠯᠡᠬᠦ ᠠᠵᠢᠯ ᠢ ᠵᠤᠬᠢᠶᠠᠨ ᠪᠠᠶᠢᠭᠤᠯᠬᠤ᠂ ᠵᠣᠬᠢᠴᠠᠭᠤᠯᠬᠤ ᠪᠠ ᠬᠢᠨᠠᠯᠲᠠ ᠲᠠᠯᠪᠢᠵᠤ᠂ ᠬᠦᠨᠳᠦ ᠶᠡᠭᠡ ᠭᠠᠵᠠᠷ ᠬᠥᠷᠥᠰᠥᠨ ᠤ ᠭᠠᠢ ᠭᠠᠮᠰᠢᠭ ᠵᠡᠷᠭᠡ ᠣᠯᠣᠰ ᠤᠨ ᠭᠠᠵᠠᠷ ᠰᠢᠷᠣᠢ ᠡᠬᠢ ᠪᠠᠶᠠᠯᠢᠭ ᠲᠤ ᠲᠣᠬᠢᠶᠠᠯᠳᠤᠭᠰᠠᠨ ᠭᠡᠨᠡᠳᠲᠡ ᠶᠢᠨ ᠬᠡᠷᠡᠭ ᠢ ᠠᠷᠭᠠᠴᠠᠬᠤ ᠪᠠᠴᠢᠮ ᠪᠠᠶᠢᠳᠠᠯ ᠤᠨ ᠲᠥᠰᠥᠯ ᠢ ᠲᠤᠭᠤᠷᠪᠢᠨ᠂ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃   ︵ᠠᠷᠪᠠᠨ ᠨᠢᠭᠡ ︶ ᠭᠠᠵᠠᠷ ᠰᠢᠷᠣᠢ᠂ ᠠᠭᠤᠷᠬᠠᠢ ᠶᠢᠨ ᠡᠬᠢ ᠪᠠᠶᠠᠯᠢᠭ ᠤᠨ ᠲᠤᠰᠬᠠᠢ ᠵᠦᠢᠯ ᠤᠨ ᠣᠷᠤᠯᠭ᠎ᠠ ᠳᠤ ᠲᠠᠲᠠᠪᠤᠷᠢᠯᠠᠨ ᠬᠠᠮᠢᠶᠠᠷᠬᠤ ᠠᠵᠢᠯ ᠢ ᠬᠠᠤᠯᠢ ᠶᠣᠰᠣᠭᠠᠷ ᠵᠣᠬᠢᠶᠠᠨ ᠪᠠᠶᠢᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠵᠤ ᠠᠰᠢᠭ ᠣᠯᠵᠠᠪᠤᠷᠢ ᠶᠢᠨ ᠬᠤᠪᠢᠶᠠᠷᠢᠯᠠᠯᠲᠠ ᠶᠢᠨ ᠳᠦᠷᠢᠮ ᠢ ᠲᠣᠭᠤᠷᠪᠢᠵᠣ᠂ ᠬᠤᠯᠪᠣᠭᠳᠠᠯ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠵᠤ ᠪᠦᠬᠦ ᠰᠢᠶᠠᠨ ᠤ ᠭᠠᠵᠠᠷ ᠰᠢᠷᠣᠢ ᠴᠡᠭᠴᠡᠯᠡᠨ ᠡᠮᠬᠢᠯᠡᠬᠦ᠂ ᠭᠠᠵᠠᠷ ᠰᠢᠷᠣᠢ ᠰᠡᠷᠭᠦᠭᠡᠨ ᠬᠠᠭᠠᠯᠪᠤᠷᠢᠯᠠᠵᠤ᠂ ᠭᠠᠵᠠᠷ ᠰᠢᠷᠣᠢ ᠨᠡᠭᠡᠭᠡᠨ ᠠᠰᠢᠭᠯᠠᠬᠤ ᠵᠡᠷᠭᠡ ᠲᠤᠰᠬᠠᠢ ᠵᠦᠢᠯ ᠤᠨ ᠪᠡᠯᠡ ᠮᠦᠩᠭᠦ ᠬᠤᠷᠢᠶᠠᠨ ᠠᠪᠬᠤ ᠪᠠ ᠬᠡᠷᠡᠭᠯᠡᠬᠦ ᠶᠢ ᠵᠢᠯᠣᠭᠤᠳᠤᠨ᠂ ᠬᠢᠨᠠᠯᠲᠠ ᠲᠠᠯᠪᠢᠨ᠎ᠠ᠃ ᠬᠠᠮᠢᠶ᠎ᠠ ᠪᠦᠬᠦᠢ ᠪᠡᠯᠡ ᠮᠦᠩᠭᠦ ᠶᠢᠨ ᠲᠥᠰᠥᠪ ᠪᠣᠯᠣᠨ ᠡᠳ᠋ ᠤᠨ ᠶᠠᠪᠤᠳᠠᠯ᠂ ᠬᠦᠷᠦᠩᠭᠡ ᠶᠢᠨ ᠬᠠᠮᠢᠶᠠᠷᠤᠯᠲᠠ ᠪᠠ ᠬᠢᠨᠠᠯᠲᠠ ᠲᠠᠯᠪᠢᠯᠲᠠ ᠶᠢ ᠬᠠᠷᠢᠭᠤᠴᠠᠨ᠎ᠠ᠃   ︵ᠠᠷᠪᠠᠨ ᠬᠤᠶᠠᠷ ︶ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ᠂ ᠠᠭᠤᠷᠬᠠᠢ ᠶᠢᠨ ᠡᠬᠢ ᠪᠠᠶᠠᠯᠢᠭ ᠵᠡᠷᠭᠡ ᠲᠠᠯ᠎ᠠ ᠶᠢᠨ ᠬᠠᠤᠯᠢ ᠴᠠᠭᠠᠵᠠ᠂ ᠬᠠᠤᠯᠢ ᠲᠤᠬᠳᠠᠭᠠᠯ ᠤᠨ ᠭᠡᠷᠩᠵᠢᠬᠦᠯᠥᠭᠳᠡᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠬᠤ ᠶᠢ ᠵᠤᠬᠢᠶᠠᠨ ᠪᠠᠶᠢᠭᠤᠯᠤᠨ᠎ᠠ᠃ ᠭᠠᠵᠠᠷ ᠰᠢᠷᠤᠢ ᠶᠢᠨ ᠠᠰᠢᠭᠯᠠᠯᠲᠠ ᠶᠢᠨ ᠶᠡᠷᠤᠩᠬᠡᠢ ᠲᠥᠯᠥᠪᠵᠢᠬᠦᠯᠭᠡ᠂ ᠲᠠᠷᠢᠶᠠᠨ ᠳᠤ ᠬᠡᠷᠩᠯᠡᠬᠦ ᠭᠠᠵᠠᠷ ᠢ ᠰᠢᠯᠵᠢᠬᠦᠯᠦᠨ ᠭᠡᠷᠩᠯᠡᠬᠦ᠂ ᠭᠠᠵᠠᠷ ᠲᠠᠳᠠᠪᠤᠷᠢᠯᠠᠨ ᠭᠡᠷᠩᠯᠡᠬᠦ᠂ ᠭᠠᠵᠠᠷ ᠰᠢᠷᠤᠢ ᠶᠢᠨ ᠡᠬᠢ ᠪᠠᠶᠠᠯᠢᠭ ᠤᠨ ᠲᠤᠬᠢᠷᠠᠭᠤᠯᠤᠯᠲᠠ᠂ ᠭᠠᠵᠠᠷ ᠰᠢᠷᠤᠢ ᠶᠢᠨ ᠭᠡᠷᠩᠯᠡᠯᠲᠡ ᠶᠢᠨ ᠡᠷᠭᠡ ᠪᠤᠯᠤᠨ ᠠᠭᠤᠷᠬᠠᠢ ᠶᠢᠨ ᠤᠶᠢᠯᠡᠰ ᠤᠨ ᠡᠷᠭᠡ ᠶᠢᠨ ᠰᠤᠯᠢᠯᠴᠠᠭᠠᠨ ᠤ ᠠᠵᠢᠯᠯᠠᠭ᠎ᠠ ᠳᠤ ᠬᠢᠨᠠᠯᠲᠠ ᠲᠠᠯᠪᠢᠨ ᠪᠠᠶᠢᠴᠠᠭᠠᠬᠤ ᠶᠢ ᠵᠤᠬᠢᠶᠠᠨ ᠪᠠᠶᠢᠭᠤᠯᠤᠨ᠎ᠠ᠃ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ ᠬᠠᠤᠯᠢ ᠶᠢ ᠵᠥᠷᠢᠴᠡᠭᠰᠡᠨ ᠭᠡᠷᠩ ᠤᠴᠢᠷ ᠢ ᠬᠠᠤᠯᠢ ᠶᠤᠰᠤᠭᠠᠷ ᠵᠤᠬᠢᠶᠠᠨ ᠪᠠᠶᠢᠭᠤᠯᠤᠨ ᠪᠠᠶᠢᠴᠠᠭᠠᠨ᠎ᠠ᠃   ︵ᠠᠷᠪᠠᠨ ᠭᠤᠷᠪᠠ ︶ ᠰᠢᠶᠠᠨ ᠤ ᠠᠷᠠᠳ ᠤᠨ ᠵᠠᠰᠠᠭ ᠤᠨ ᠣᠷᠳᠣᠨ ᠤ ᠲᠤᠰᠢᠶᠠᠨ ᠬᠢᠯᠭᠡᠬᠦ ᠪᠣᠰᠣᠳ ᠠᠵᠢᠯ ᠢ ᠳᠠᠭᠠᠭᠠᠨ ᠠᠪᠴᠤ ᠭᠦᠢᠴᠡᠳᠬᠡᠨ᠎ᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号