ᠭᠤᠤᠯ ᠡᠭᠦᠷᠭᠡ ᠬᠠᠷᠢᠭᠤᠴᠠᠯᠭ᠎ᠠ᠄ | ᠨᠢᠭᠡ᠂ ᠲᠡᠭᠡᠷ᠎ᠡ ᠱᠠᠳᠤᠨ ᠤ ᠬᠤᠯᠪᠣᠭᠳᠠᠯ ᠪᠦᠬᠦᠢ ᠬᠠᠣᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ | ᠬᠠᠣᠯᠢ ᠴᠠᠭᠠᠵᠠ ᠬᠠᠣᠯᠢ ᠲᠣᠭᠲᠠᠭᠠᠯ ᠪᠣᠯᠣᠨ ᠴᠢᠭᠯᠡᠯᠳᠡ ᠲᠦᠷᠦ ᠶᠢᠨ ᠪᠣᠳᠣᠯᠭ᠎ᠠ ᠶᠢ ᠲᠣᠣᠱᠯᠠᠭᠤᠯᠤᠨ | ᠬᠡᠷᠡᠭᠵᠢᠭᠦᠯᠵᠤ᠂ ᠨᠢᠩᠴᠧᠩ ᠰᠢᠶᠠᠨ ᠤ ᠬᠠᠣᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠲᠥᠷᠥ ᠶᠢᠨ | ᠪᠤᠳᠤᠯᠭ᠎ᠠ᠂ ᠲᠦᠷᠢᠮ ᠲᠣᠭᠳᠠᠭᠠᠯ ᠢ ᠰᠣᠳᠣᠯᠣᠨ ᠲᠤᠭᠤᠷᠪᠢᠨ᠎ᠠ ︔ ᠪᠦᠭᠦ ᠰᠢᠶᠠᠨ ᠤ ᠬᠠᠣᠯᠢ ᠴᠠᠭᠠᠵᠠ ᠶᠢᠨ ᠵᠠᠰᠠᠭ | ᠵᠠᠬᠢᠷᠭᠠᠨ ᠤ ᠠᠵᠢᠯ ᠤᠨ ᠲᠤᠮᠲᠠ ᠤᠷᠳᠤ ᠬᠤᠭᠤᠴᠠᠭᠠᠨ ᠤ ᠲᠦᠯᠦᠪᠵᠢᠭᠦᠯᠭᠡ ᠪᠤᠯᠤᠨ ᠵᠢᠯ ᠤ ᠲᠥᠯᠥᠪᠵᠢᠭᠦᠯᠭᠡ ᠶᠢ | ᠨᠠᠶᠢᠷᠠᠭᠤᠯᠤᠨ ᠲᠤᠬᠳᠠᠭᠠᠬᠤ ᠶᠢᠨ ᠬᠠᠮᠲᠦ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠬᠤᠶᠠᠷ᠂ ᠪᠦᠬᠦ ᠰᠢᠶᠠᠨ ᠤ ᠬᠠᠣᠯᠢ ᠲᠦᠷᠢᠮ ᠤᠨ ᠣᠬᠠᠭᠤᠯᠭ᠎ᠠ ᠪᠤᠯᠤᠨ ᠬᠠᠣᠯᠢ ᠴᠠᠭᠠᠵᠠ ᠶᠢᠨ ᠶᠡᠷᠦ ᠶᠢᠨ | ᠮᠡᠳᠡᠯᠭᠡ ᠶᠢ ᠲᠦᠭᠡᠮᠡᠯᠵᠢᠭᠦᠯᠬᠦ ᠲᠦᠯᠦᠪᠵᠢᠭᠦᠯᠭᠡ ᠶᠢ ᠲᠣᠭᠲᠠᠭᠠᠬᠤ ᠶᠢᠨ ᠬᠠᠮᠲᠦ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ ︔ ᠪᠦᠬᠦ ᠰᠢᠶᠠᠨ ᠤ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ᠂ ᠡᠯ᠎ᠡ ᠠᠵᠢᠯ | ᠲᠥᠷᠥᠯ ᠤᠨ ᠬᠠᠣᠯᠢ ᠪᠠᠷ ᠵᠠᠰᠠᠬᠤ ᠠᠵᠢᠯ ᠢ ᠵᠢᠯᠣᠭᠤᠳᠣᠨ᠎ᠠ᠃ | ᠭᠤᠷᠪᠠ᠂ ᠪᠦᠬᠦ ᠰᠢᠶᠠᠨ ᠤ ᠬᠠᠣᠯᠢᠴᠢ᠂ ᠠᠯᠪᠠᠨ ᠭᠡᠷᠡᠴᠢᠯᠡᠭᠡ ᠶᠢᠨ ᠠᠵᠢᠯ ᠢ ᠬᠠᠷᠢᠭᠤᠴᠠᠨ ᠬᠢᠨᠠᠨ᠂ | ᠵᠢᠯᠤᠭᠤᠳᠤᠨ ᠬᠠᠮᠢᠶᠠᠷᠬᠤ ᠶᠢᠨ ᠬᠠᠮᠲᠦ ᠵᠣᠬᠢᠴᠠᠩᠭᠤᠢ ᠬᠠᠷᠢᠭᠤᠴᠠᠯᠭ᠎ᠠ ᠶᠢ ᠡᠭᠦᠷᠭᠡᠯᠡᠨ᠎ᠡ᠃ | ᠲᠥᠷᠪᠡ᠂ ᠥᠨᠳᠤᠰᠤᠨ ᠱᠠᠳᠤᠨ ᠤ ᠬᠠᠤᠯᠢ ᠴᠠᠭᠠᠵᠠ ᠶᠢᠨ ᠭᠠᠵᠠᠷ ᠵᠢᠴᠢ ᠥᠨᠳᠤᠰᠤᠨ ᠱᠠᠳᠤᠨ ᠤ ᠬᠠᠤᠯᠢ | ᠴᠠᠭᠠᠵᠠ ᠶᠢᠨ ᠤᠶᠢᠯᠡᠴᠢᠯᠡᠭᠡᠨ ᠤ ᠠᠵᠢᠯ ᠢ ᠬᠠᠮᠢᠶᠠᠷᠤᠨ᠎ᠠ᠃ | ᠲᠠᠪᠤ᠂ ᠨᠡᠶᠢᠭᠡᠮ ᠲᠤᠭᠤᠷᠢᠭ ᠤᠨ ᠵᠠᠰᠠᠨ ᠬᠦᠮᠦᠵᠢᠭᠦᠯᠥᠭᠰᠡᠨ ᠪᠤᠶᠤ ᠡᠷᠡᠬᠦᠦ ᠶᠢᠨ ᠬᠤᠭᠤᠴᠠᠭ᠎ᠠ ᠨᠢ ᠲᠠᠭᠤᠰᠴᠦ | ᠰᠤᠯᠠᠯᠠᠬᠳᠠᠬᠰᠠᠨ ᠬᠦᠳᠡᠯᠮᠤᠷᠢ ᠪᠠᠷ ᠵᠠᠰᠠᠨ ᠬᠥᠮᠥᠵᠢᠬᠦᠯᠭᠦ ᠠᠴᠠ ᠭᠠᠷᠤᠬᠰᠨ ᠬᠥᠮᠥᠨ ᠢ ᠲᠥᠪᠭᠢᠨᠡᠭᠦᠯᠦᠨ ᠬᠠᠪᠰᠤᠷᠴᠦ | ᠰᠤᠷᠭᠠᠬᠤ ᠠᠵᠢᠯ ᠢ ᠬᠠᠮᠢᠶᠠᠷᠤᠨ ᠵᠢᠯᠤᠭᠤᠳᠤᠨ᠂ ᠬᠢᠨᠠᠯᠲᠠ ᠲᠠᠯᠪᠢᠨ᠎ᠠ᠃ | ᠵᠢᠷᠭᠤᠭ᠎ᠠ᠂ ᠪᠦᠬᠦ ᠰᠢᠶᠠᠨ ᠤ ᠬᠠᠣᠯᠢ ᠴᠠᠭᠠᠵᠠ ᠶᠢᠨ ᠲᠠᠯ᠎ᠠ ᠪᠠᠷ ᠲᠣᠰᠠᠯᠠᠮᠵᠢ ᠦᠵᠡᠭᠦᠯᠬᠦ ᠠᠵᠢᠯ ᠳᠤ ᠬᠢᠨᠠᠯᠳᠠ | ᠲᠠᠯᠪᠢᠵᠦ ᠬᠠᠮᠢᠶᠠᠷᠣᠨ᠎ᠠ᠃ | ᠲᠤᠯᠤᠭ᠎ᠠ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠲᠥᠷᠥ ᠶᠢᠨ ᠪᠤᠳᠤᠯᠭ᠎ᠠ ᠪᠤᠯᠤᠨ ᠬᠠᠤᠯᠢ ᠶᠢᠨ | ᠤᠬᠠᠭᠠᠨ ᠤ ᠤᠨᠤᠯ ᠤᠨ ᠶᠠᠷᠢᠯᠴᠠᠨ ᠰᠤᠳᠤᠯᠠᠬᠤ ᠠᠵᠢᠯ ᠢ ᠰᠠᠶᠢᠳᠤᠷ ᠬᠢᠨ᠎ᠠ᠃ | ᠨᠠᠢᠮᠠ᠂ ᠪᠦᠬᠦ ᠰᠢᠶᠠᠨ ᠤ ᠬᠠᠣᠯᠢ ᠴᠠᠭᠠᠵᠠ ᠵᠠᠰᠠᠭ ᠵᠠᠬᠢᠷᠭᠠᠨ ᠤ ᠰᠢᠰᠲ᠋ᠧᠮ ᠤᠨ ᠲᠦᠯᠦᠪᠯᠡᠭᠡ ᠡᠳ᠋ ᠤᠨ | ᠶᠠᠪᠣᠳᠠᠯ ᠤᠨ ᠠᠵᠢᠯ ᠢ ᠵᠢᠯᠣᠭᠤᠳᠣᠨ᠎ᠠ᠃ ᠲᠤᠳᠤᠭᠠᠳᠤ ᠶᠢᠨ ᠬᠢᠨᠠᠨ ᠪᠤᠳᠤᠯᠳᠠ ᠳᠤ ᠬᠢᠨᠠᠯᠲᠠ ᠲᠠᠯᠪᠢᠬᠤ ᠠᠵᠢᠯ ᠢ | ᠬᠠᠷᠢᠭᠤᠴᠠᠨ᠎ᠠ᠃ ᠲᠡᠷᠭᠡ ᠭᠥᠰᠢᠭᠡ ᠴᠢᠮᠡᠭᠡ ᠨᠡᠪᠳᠡᠷᠡᠭᠦᠯᠭᠡ ᠪᠠᠭᠠᠵᠢ ᠮᠠᠲ᠋ᠧᠷᠢᠶᠠᠯ ᠵᠡᠷᠭᠡ ᠪᠤᠳᠠᠰ ᠲᠤᠨᠤᠬᠯᠠᠯ ᠢ | ᠬᠠᠮᠢᠶᠠᠷᠤᠨ᠎ᠠ᠃ | ᠶᠢᠰᠥ᠂ ᠪᠦᠬᠦ ᠰᠢᠶᠠᠨ ᠤ ᠬᠠᠣᠯᠢ ᠴᠠᠭᠠᠵᠠ ᠶᠢᠨ ᠵᠠᠰᠠᠭ ᠵᠠᠬᠢᠷᠭᠠᠨ ᠤ ᠡᠩᠨᠡᠭᠡᠨ ᠤ ᠪᠠᠶᠢᠭᠤᠯᠤᠯᠳᠠ ᠪᠤᠯᠤᠨ | ᠦᠵᠡᠯ ᠰᠠᠨᠠᠭ᠎ᠠ ᠰᠣᠷᠳᠠᠯ᠂ ᠠᠵᠢᠯ ᠤᠨ ᠰᠣᠷᠳᠠᠯ ᠤᠨ ᠪᠠᠶᠢᠭᠤᠯᠤᠯᠳᠠ ᠶᠢ ᠵᠢᠯᠣᠭᠤᠳᠣᠨ᠎ᠠ ︔ ᠪᠦᠬᠦ ᠰᠢᠶᠠᠨ ᠤ | ᠬᠠᠣᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠴᠠᠭᠳᠠᠭᠠᠨ ᠤ ᠶᠠᠪᠣᠳᠠᠯ ᠤᠨ ᠬᠠᠮᠢᠶᠠᠷᠣᠯᠳᠠ ᠪᠤᠯᠤᠨ | ᠴᠠᠭᠳᠠᠭᠠᠨ ᠤ ᠶᠠᠪᠣᠳᠠᠯ ᠤᠨ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ ︔ | ᠠᠷᠪᠠ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ ᠲᠣᠰᠢᠶᠠᠭᠰᠠᠨ ᠪᠣᠰᠣᠳ ᠵᠦᠢᠯ ᠤᠨ ᠠᠵᠢᠯ ᠢ | ᠳᠠᠭᠠᠭᠠᠨ ᠭᠦᠢᠴᠡᠳᠭᠡᠨ᠎ᠡ᠃ | |