(ᠨᠢᠭᠡ )ᠨᠠᠮ ᠤᠨ ᠦᠨᠳᠦᠰᠦᠲᠡᠨ ᠤ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠰᠢᠶᠠᠨ ᠤ ᠨᠠᠮ | ᠤᠨ ᠬᠤᠷᠢᠶᠠᠨ ᠤ ᠬᠠᠮᠢᠶ᠎ᠠ ᠪᠦᠬᠦᠢ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠦᠨᠳᠦᠰᠦᠲᠡᠨ ᠤ ᠣᠨᠣᠯ ᠪᠣᠯᠤᠨ ᠦᠨᠳᠦᠰᠦᠲᠡᠨ ᠤ ᠠᠵᠢᠯ ᠤᠨ ᠴᠢᠬᠤᠯᠠ ᠶᠡᠭᠡ | ᠠᠰᠠᠭᠤᠳᠠᠯ ᠤᠨ ᠪᠠᠶᠢᠴᠠᠭᠠᠨ ᠰᠤᠳᠤᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠦᠨᠳᠦᠰᠦᠲᠡᠨ ᠤ ᠠᠵᠢᠯ | ᠪᠣᠯᠤᠨ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠠᠵᠢᠯ ᠤᠨ ᠬᠤᠯᠪᠣᠭᠳᠠᠯ ᠪᠦᠬᠦᠢ | ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠤᠨ᠎ᠠ ᠃ ᠦᠨᠳᠦᠰᠦᠲᠡᠨ᠂ ᠴᠥᠭᠡᠨ ᠲᠣᠭᠠᠲᠤ ᠦᠨᠳᠦᠰᠦᠲᠡᠨ | ᠤ ᠦᠭᠡ ᠬᠡᠯᠡ ᠦᠰᠦᠭ ᠪᠢᠴᠢᠭ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠵᠦ ᠪᠠᠶᠢᠭ᠎ᠠ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠶᠢ ᠬᠠᠷᠢᠭᠤᠴᠠᠨ᠎ᠠ ᠃ ᠪᠦᠬᠦ ᠰᠢᠶᠠᠨ ᠤ | ᠦᠨᠳᠦᠰᠦᠲᠡᠨ ᠤ ᠠᠵᠢᠯ ᠪᠠ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠠᠵᠢᠯ ᠤᠨ | ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢ ᠲᠣᠭᠲᠠᠭᠠᠨ᠎ᠠ ᠃ ᠦᠨᠳᠦᠰᠦᠲᠡᠨ ᠤ ᠣᠨᠣᠯ᠂ ᠦᠨᠳᠦᠰᠦᠲᠡᠨ ᠤ | ᠲᠥᠷᠥ ᠶᠢᠨ ᠪᠣᠳᠣᠯᠭ᠎ᠠ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ ᠃ | (ᠬᠤᠶᠠᠷ︶ ᠦᠨᠳᠦᠰᠦᠲᠡᠨ ᠤ ᠬᠠᠷᠢᠴᠠᠭ᠎ᠠ ᠶᠢ ᠵᠣᠬᠢᠴᠠᠭᠤᠯᠬᠤ ᠠᠵᠢᠯ ᠤᠨ ᠰᠠᠨᠠᠭᠤᠯᠭ᠎ᠠ ᠶᠢ ᠰᠤᠳᠤᠯᠤᠨ | ᠳᠤᠷᠠᠳᠴᠤ᠂ ᠦᠨᠳᠦᠰᠦᠲᠡᠨ ᠤ ᠬᠠᠷᠢᠴᠠᠭᠠᠨ ᠳᠠᠬᠢ ᠴᠢᠬᠤᠯᠠ ᠶᠡᠭᠡ ᠬᠡᠷᠡᠭ ᠶᠠᠪᠤᠳᠠᠯ ᠢ ᠵᠣᠬᠢᠴᠠᠭᠤᠯᠤᠨ | ᠰᠢᠢᠳᠪᠦᠷᠢᠯᠡᠨ᠎ᠡ ᠃ ᠴᠥᠭᠡᠨ ᠲᠣᠭᠠᠲᠤ ᠦᠨᠳᠦᠰᠦᠲᠡᠨ ᠤ ᠡᠷᠬᠡ ᠠᠰᠢᠭ ᠲᠤ ᠬᠤᠯᠪᠣᠭᠳᠠᠭᠰᠠᠨ ᠤᠴᠢᠷ ᠶᠠᠪᠤᠳᠠᠯ ᠢ | ᠬᠢᠨᠠᠯᠲᠠ ᠲᠠᠯᠪᠢᠨ ᠰᠢᠢᠳᠪᠦᠷᠢᠯᠡᠵᠦ᠂ ᠴᠥᠭᠡᠨ ᠲᠣᠭᠠᠲᠤ ᠦᠨᠳᠦᠰᠦᠲᠡᠨ ᠤ ᠬᠠᠤᠯᠢ ᠶᠣᠰᠣᠨ ᠤ ᠡᠷᠬᠡ ᠠᠰᠢᠭ ᠢ | ᠪᠠᠲᠤᠯᠠᠨ᠎ᠠ ᠃ ᠪᠦᠬᠦ ᠰᠢᠶᠠᠨ ᠤ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠳᠤ ᠣᠷᠣᠯᠴᠠᠵᠤ᠂ | ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠬᠦ᠂ ᠬᠠᠮᠲᠤ ᠪᠠᠷ ᠴᠡᠴᠡᠭᠯᠡᠨ ᠬᠥᠭᠵᠢᠬᠦ ᠶᠢ | ᠠᠬᠢᠭᠤᠯᠵᠤ᠂ ᠤᠯᠤᠰ ᠣᠷᠣᠨ ᠤ ᠨᠢᠭᠡᠳᠦᠯ ᠢ ᠬᠠᠮᠠᠭᠠᠯᠠᠨ᠎ᠠ ᠃ | (ᠭᠤᠷᠪᠠ) ᠴᠥᠭᠡᠨ ᠲᠣᠭᠠᠲᠤ ᠦᠨᠳᠦᠰᠦᠲᠡᠨ ᠪᠣᠯᠤᠨ ᠴᠥᠭᠡᠨ ᠲᠣᠭᠠᠲᠤ ᠦᠨᠳᠦᠰᠦᠲᠡᠨ ᠲᠥᠪᠯᠡᠷᠡᠨ | ᠰᠠᠭᠤᠷᠢᠰᠢᠭ᠎ᠠ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠠᠯ᠎ᠠ ᠶᠢᠨ ᠠᠰᠠᠭᠤᠳᠠᠯ ᠢ | ᠰᠤᠳᠤᠯᠤᠨ ᠵᠠᠳᠠᠯᠬᠤ ᠶᠢᠨ ᠬᠠᠮᠲᠤ ᠣᠨᠴᠣᠭᠤᠶ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ ᠃ | ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠤᠨ ᠰᠢᠮᠳᠠᠭᠤᠯᠵᠤ ᠪᠠᠶᠢᠭᠠᠳ ᠦᠨᠳᠦᠰᠦᠲᠡᠨ ᠤ ᠠᠵᠢᠯ ᠤᠨ | ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠨᠢ ᠭᠦᠢᠴᠡᠳᠬᠡᠯᠭᠡᠵᠦ᠂ ᠦᠨᠳᠦᠰᠦᠲᠡᠨ ᠤ ᠲᠥᠷᠥ ᠶᠢᠨ ᠪᠣᠳᠣᠯᠭ᠎ᠠ | ᠶᠢ ᠠᠵᠤ ᠠᠬᠤᠶ ᠶᠢᠨ ᠬᠥᠭᠵᠢᠯᠲᠡ ᠪᠣᠯᠤᠨ ᠨᠡᠶᠢᠭᠡᠮ ᠤᠨ ᠦᠢᠯᠡᠰ ᠤᠨ ᠬᠤᠯᠪᠣᠭᠳᠠᠯ ᠪᠦᠬᠦᠢ ᠬᠦᠷᠢᠶᠡᠨ ᠳᠤ | ᠬᠡᠷᠡᠭᠵᠢᠭᠦᠯᠬᠦ᠂ ᠵᠣᠯᠭᠠᠭᠤᠯᠬᠤ ᠶᠢ ᠠᠬᠢᠭᠤᠯᠤᠨ᠎ᠠ ᠃ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢ | ᠵᠣᠬᠢᠴᠠᠭᠤᠯᠬᠤ᠂ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠲᠤᠰᠠᠯᠠᠬᠤ ᠪᠠ ᠠᠵᠤ ᠠᠬᠤᠶ ᠮᠡᠷᠭᠡᠵᠢᠯ ᠤᠨ | ᠬᠤᠷᠰᠢᠯᠴᠠᠭ᠎ᠠ᠂ ᠦᠨᠳᠦᠰᠦᠲᠡᠨ ᠤ ᠠᠷᠠᠯᠵᠢᠶ᠎ᠠ᠂ ᠦᠨᠳᠦᠰᠦᠲᠡᠨ ᠤ ᠣᠨᠴᠠ ᠬᠡᠷᠡᠭᠴᠡᠭᠡᠲᠦ ᠬᠡᠷᠡᠭᠰᠡᠯ ᠤᠨ | ᠦᠢᠯᠡᠳᠪᠦᠷᠢᠯᠡᠯ ᠵᠡᠷᠭᠡ ᠬᠤᠯᠪᠣᠭᠳᠠᠯ ᠪᠦᠬᠦᠢ ᠠᠵᠢᠯ ᠳᠤ ᠣᠷᠣᠯᠴᠠᠵᠤ᠂ ᠯᠠᠯᠤ ᠶᠢᠨ ᠢᠳᠡᠭᠡᠨ ᠳᠤ ᠬᠢᠨᠠᠯᠲᠠ | ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ ᠃ ᠰᠢᠶᠠᠩ ᠪᠠᠯᠭᠠᠰᠤᠨ ᠤ ᠦᠨᠳᠦᠰᠦᠲᠡᠨ ᠤ ᠠᠵᠢᠯ ᠪᠠ ᠮᠣᠩᠭᠤᠯ ᠬᠡᠯᠡ | ᠪᠢᠴᠢᠭ ᠤᠨ ᠠᠵᠢᠯ ᠳᠤ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠬᠢᠨ᠎ᠡ ᠃ | ︵ᠳᠥᠷᠪᠡ︶ ᠴᠥᠭᠡᠨ ᠲᠣᠭᠠᠲᠤ ᠦᠨᠳᠦᠰᠦᠲᠡᠨ ᠤ ᠠᠵᠢᠯ ᠦᠢᠯᠡᠰ ᠵᠡᠷᠭᠡ ᠲᠤᠰᠬᠠᠶ ᠵᠦᠢᠯ ᠤᠨ | ᠲᠥᠯᠥᠪᠵᠢᠭᠦᠯᠭᠡ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠵᠤ᠂ ᠪᠦᠬᠦ ᠰᠢᠶᠠᠨ ᠤ | ᠠᠵᠤ ᠠᠬᠤᠶ ᠨᠡᠶᠢᠭᠡᠮ ᠤᠨ ᠬᠠᠮᠢᠶ᠎ᠠ ᠪᠦᠬᠦᠢ ᠬᠦᠷᠢᠶᠡᠨ ᠤ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠬᠤ | ᠳᠤ ᠣᠷᠣᠯᠴᠠᠵᠤ᠂ ᠴᠥᠭᠡᠨ ᠲᠣᠭᠠᠲᠤ ᠦᠨᠳᠦᠰᠦᠲᠡᠨ ᠤ ᠠᠵᠢᠯ ᠦᠢᠯᠡᠰ ᠤᠨ ᠬᠥᠭᠵᠢᠯᠲᠡ ᠶᠢ ᠶᠡᠷᠦᠩᠬᠡᠶᠢᠯᠡᠨ | ᠦᠨᠡᠯᠡᠵᠦ ᠬᠢᠨᠠᠨ ᠬᠡᠮᠵᠢᠬᠦ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠬᠦ ᠶᠢ ᠠᠬᠢᠭᠤᠯᠵᠤ᠂ ᠦᠨᠳᠦᠰᠦᠲᠡᠨ ᠤ | ᠬᠡᠷᠡᠭ ᠡᠷᠬᠢᠯᠡᠬᠦᠬᠦ ᠦᠢᠯᠡᠴᠢᠯᠡᠭᠡᠨ ᠤ ᠰᠢᠰᠲ᠋ᠧᠮᠵᠢ ᠪᠣᠯᠤᠨ ᠦᠨᠳᠦᠰᠦᠲᠡᠨ ᠤ ᠬᠡᠷᠡᠭ ᠡᠷᠬᠢᠯᠡᠬᠦᠬᠦ ᠬᠠᠮᠢᠶᠠᠷᠤᠯᠲᠠ ᠶᠢᠨ | ᠮᠡᠳᠡᠭᠡ ᠵᠠᠩᠭᠢᠴᠢᠯᠠᠬᠤ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ ᠃ | ︵ᠲᠠᠪᠤ︶ ᠪᠦᠬᠦ ᠰᠢᠶᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠬᠥᠬᠢᠭᠦᠯᠦᠨ ᠰᠠᠶᠢᠰᠢᠶᠠᠬᠤ | ᠠᠵᠢᠯᠯᠠᠭ᠎ᠠ ᠶᠢ ᠳᠠᠭᠠᠭᠠᠨ ᠡᠷᠬᠢᠯᠡᠵᠦ᠂ ᠦᠨᠳᠦᠰᠦᠲᠡᠨ ᠤ ᠰᠢᠶᠠᠩ ᠲᠠᠢ ᠬᠠᠷᠢᠯᠴᠠᠨ᠂ ᠴᠥᠭᠡᠨ ᠲᠣᠭᠠᠲᠤ | ᠦᠨᠳᠦᠰᠦᠲᠡᠨ ᠤ ᠰᠤᠷᠤᠯᠴᠠᠬᠤ᠂ ᠲᠣᠭᠤᠷᠢᠨ ᠦᠵᠡᠬᠦ᠂ ᠰᠢᠨᠵᠢᠯᠡᠨ ᠪᠠᠶᠢᠴᠠᠭᠠᠬᠤ ᠵᠡᠷᠭᠡ ᠶᠠᠪᠤᠳᠠᠯ ᠢ ᠵᠣᠬᠢᠶᠠᠨ | ᠪᠠᠶᠢᠭᠤᠯᠤᠨ ᠵᠣᠬᠢᠴᠠᠭᠤᠯᠤᠨ᠎ᠠ ᠃ | ︵ᠵᠢᠷᠭᠤᠭ᠎ᠠ︶ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠢ ᠰᠤᠷᠤᠯᠴᠠᠬᠤ᠂ | ᠬᠡᠷᠡᠭᠯᠡᠬᠦ᠂ ᠰᠤᠳᠤᠯᠬᠤ᠂ ᠬᠥᠭᠵᠢᠭᠦᠯᠬᠦ᠂ ᠠᠪᠤᠷᠠᠬᠤ᠂ ᠬᠠᠮᠠᠭᠠᠯᠠᠬᠤ᠂ ᠤᠯᠠᠮᠵᠢᠯᠠᠬᠤ ᠠᠵᠢᠯ ᠢ ᠬᠠᠮᠢᠶᠠᠷᠤᠨ᠎ᠠ ᠃ | ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠦᠨᠳᠦᠰᠦᠲᠡᠨ ᠤ ᠰᠤᠷᠭᠠᠨ ᠬᠥᠮᠦᠵᠢᠯ᠂ | ᠣᠷᠴᠢᠭᠤᠯᠭ᠎ᠠ᠂ ᠬᠡᠪᠯᠡᠯ᠂ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ ᠪᠣᠯᠤᠨ ᠦᠨᠳᠦᠰᠦᠲᠡᠨ ᠤ | ᠡᠷᠲᠡᠨ ᠤ ᠨᠣᠮ ᠪᠢᠴᠢᠭ ᠢ ᠴᠤᠭᠯᠠᠭᠤᠯᠬᠤ᠂ ᠡᠮᠬᠢᠳᠬᠡᠬᠦ᠂ ᠬᠡᠪᠯᠡᠭᠦᠯᠬᠦ ᠠᠵᠢᠯ ᠢ ᠵᠢᠯᠣᠭᠤᠳᠤᠨ᠎ᠠ ᠃ | ︵ᠳᠤᠯᠤᠭ᠎ᠠ︶ ᠦᠨᠳᠦᠰᠦᠲᠡᠨ ᠤ ᠠᠵᠢᠯ ᠤᠨ ᠬᠦᠷᠢᠶᠡᠨ ᠳᠠᠬᠢ ᠬᠤᠯᠪᠣᠭᠳᠠᠯ ᠪᠦᠬᠦᠢ ᠭᠠᠳᠠᠭᠠᠳᠤ ᠯᠤᠭ᠎ᠠ ᠶᠢᠨ | ᠪᠠ ᠰᠢᠶᠠᠩᠭᠠᠩ ᠣᠣᠮᠧᠨ ᠲᠠᠶᠢᠸᠠᠨ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠵᠣᠬᠢᠶᠠᠨ ᠪᠠᠶᠢᠭᠤᠯᠵᠤ | ᠵᠣᠬᠢᠴᠠᠭᠤᠯᠤᠨ᠎ᠠ ᠃ ᠦᠨᠳᠦᠰᠦᠲᠡᠨ ᠤ ᠬᠡᠷᠡᠭ ᠶᠠᠪᠤᠳᠠᠯ ᠳᠤ ᠬᠤᠯᠪᠣᠭᠳᠠᠬᠤ ᠭᠠᠳᠠᠭᠠᠳᠤ ᠤᠬᠠᠭᠤᠯᠭ᠎ᠠ ᠶᠢᠨ ᠠᠵᠢᠯ | ᠳᠤ ᠣᠷᠣᠯᠴᠠᠨ᠎ᠠ ᠃ | ︵ᠨᠠᠶᠮᠠ︶ ᠴᠥᠭᠡᠨ ᠲᠣᠭᠠᠲᠤ ᠦᠨᠳᠦᠰᠦᠲᠡᠨ ᠤ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢᠨ | ᠲᠥᠯᠥᠪᠵᠢᠭᠦᠯᠭᠡ ᠶᠢ ᠲᠤᠭᠤᠷᠪᠢᠬᠤ ᠳᠤ ᠣᠷᠣᠯᠴᠠᠵᠤ᠂ ᠴᠥᠭᠡᠨ ᠲᠣᠭᠠᠲᠤ ᠦᠨᠳᠦᠰᠦᠲᠡᠨ ᠤ ᠺᠠᠳ᠋ᠷ ᠲᠠᠢ | ᠬᠠᠷᠢᠯᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠪᠰᠤᠷᠤᠨ ᠴᠥᠭᠡᠨ ᠲᠣᠭᠠᠲᠤ ᠦᠨᠳᠦᠰᠦᠲᠡᠨ ᠤ ᠺᠠᠳ᠋ᠷ | ᠢ ᠬᠥᠮᠦᠵᠢᠭᠦᠯᠬᠦ᠂ ᠬᠥᠮᠦᠵᠢᠭᠦᠯᠬᠦ ᠪᠠ ᠬᠡᠷᠡᠭᠯᠡᠬᠦ ᠠᠵᠢᠯ ᠢ ᠰᠠᠶᠢᠲᠤᠷ ᠬᠢᠨ᠎ᠡ ᠃ | ︵ᠶᠢᠰᠦ︶ ᠵᠥᠪᠰᠢᠶᠡᠷᠡᠯ ᠤᠨ ᠡᠷᠬᠡ ᠶᠢ ᠬᠠᠷᠢᠴᠠᠩᠭᠤᠢ ᠪᠠᠷ ᠲᠥᠪᠯᠡᠷᠡᠭᠦᠯᠬᠦ ᠥᠭᠡᠷᠡᠴᠢᠯᠡᠯᠲᠡ ᠶᠢᠨ ᠱᠠᠭᠠᠷᠳᠠᠯᠭ᠎ᠠ | ᠶᠢ ᠦᠨᠳᠦᠰᠦᠯᠡᠨ᠂ ᠰᠢᠶᠠᠨ ᠤ ᠵᠠᠰᠠᠭ ᠤᠨ ᠣᠷᠳᠣᠨ ᠠᠴᠠ ᠬᠤᠪᠢᠶᠠᠷᠢᠯᠠᠨ ᠰᠢᠯᠵᠢᠭᠦᠯᠦᠭᠰᠡᠨ ᠬᠢᠨᠠᠨ ᠵᠥᠪᠰᠢᠶᠡᠷᠡᠬᠦ | ᠵᠦᠢᠯᠡᠰ ᠲᠤ ᠬᠢᠨᠠᠨ ᠵᠥᠪᠰᠢᠶᠡᠷᠡᠬᠦ ᠲᠤᠰᠢᠶᠠᠯ ᠬᠠᠷᠢᠭᠤᠴᠠᠯᠭ᠎ᠠ ᠶᠢ ᠳᠠᠬᠢᠵᠤ ᠡᠭᠦᠷᠭᠡᠯᠡᠬᠦ ᠦᠭᠡᠢ᠂ ᠬᠢᠨᠠᠨ ᠬᠠᠮᠢᠶᠠᠷᠬᠤ | ᠲᠤᠰᠢᠶᠠᠯ ᠬᠠᠷᠢᠭᠤᠴᠠᠯᠭ᠎ᠠ ᠶᠢ ᠡᠭᠦᠷᠭᠡᠯᠡᠨ᠎ᠡ ᠃ | ︵ᠠᠷᠪᠠ︶ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ | ᠡᠭᠦᠷᠭᠡ ᠶᠢ ᠪᠡᠶᠡᠯᠡᠭᠦᠯᠦᠨ᠎ᠡ ᠃ |